ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠤᠸᠠᠨ ᠪᠦᠦ ᠱᠠᠨ ᠲᠣᠭᠤᠷᠢᠭ ᠲᠤ ᠢᠷᠡᠵᠦ ᠬᠤᠶᠠᠷ ᠵᠦᠢᠯ ᠤᠨ ︽ᠳᠦᠷᠢᠮ︾᠎ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/20
    3 ᠳ᠋ᠤᠭᠠᠷ ᠰᠠᠷ᠎ᠠ ᠶᠢᠨ 18᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠰᠢᠶᠠᠩ ᠼᠦᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ︵ᠳᠣᠷᠣᠭᠰᠢ ᠬᠤᠶᠠᠷ ᠵᠦᠢᠯ ᠤᠨ ︽ᠳᠦᠷᠢᠮ︾ ᠭᠡᠵᠦ ᠲᠣᠪᠴᠢᠯᠠᠨ᠎ᠠ︶᠎ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠪᠥᠸᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠢᠦᠢ ᠵᠢᠩ ᠴᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠪᠠᠷ᠎ᠠ ᠪᠣᠯᠵᠤ ᠪᠠᠶᠢᠴᠠᠭᠠᠪᠠ᠃
1_副本.jpg
       ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠷᠢᠳ ᠬᠤᠵᠢᠳ ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠭᠠᠷᠠᠮ ᠂ ᠥᠪᠥᠷ ᠮᠣᠩᠭᠤᠯ ᠤᠨ ᠢ ᠫᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠂ ᠶᠤᠸᠠᠨ ᠵᠢᠩ ᠲᠡᠭ ᠨᠡᠭᠦᠷᠡᠰᠥᠲᠥ᠋ᠷᠥᠭᠴᠢ ᠨᠣᠭᠤᠭᠠᠨ ᠤᠰᠤᠲᠥ᠋ᠷᠥᠭᠴᠢ ᠶᠢᠨ ᠠᠵᠤ ᠦᠢᠯᠡᠰ ᠤᠨ ᠬᠦᠷᠢᠶᠡᠯᠡᠩ ᠪᠣᠯᠣᠨ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠎ ᠲᠤᠨᠢ ᠪᠠᠶᠢᠴᠠᠭᠠᠨ ᠦᠵᠡᠵᠦ ᠂ ᠮᠠᠨ ᠤ ᠲᠣᠭᠤᠷᠢᠭ ᠤᠨ ᠬᠤᠶᠠᠷ ᠵᠦᠢᠯ ᠤᠨ ︽ ᠳᠦᠷᠢᠮ ︾ ᠎ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ ᠃
2_副本.jpg
       ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠬᠠᠤᠯᠢ ᠬᠡᠷᠡᠭᠵᠢᠭᠦᠯᠦᠯᠲᠡ ᠎ ᠶᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠶᠠᠷ ᠵᠦᠢᠯ ᠤᠨ ︽ ᠳᠦᠷᠢᠮ ︾᠎ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢᠳ ᠲᠠᠢ ᠬᠤᠶᠠᠷ ᠵᠦᠢᠯ ᠤᠨ ︽ ᠳᠦᠷᠢᠮ ︾᠎ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠬᠠᠤᠯᠢ ᠬᠡᠷᠡᠭᠵᠢᠭᠦᠯᠦᠯᠲᠡ ᠎ ᠶᠢᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ ᠂ ᠶᠤᠸᠠᠨ ᠪᠦᠦ ᠱᠠᠨ ᠲᠣᠭᠤᠷᠢᠭ ᠤᠨ ᠬᠢᠨ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠰᠠᠶᠢᠲᠤᠷ ᠰᠤᠳᠤᠯᠵᠤ ᠂ ᠬᠥᠭᠵᠢᠯᠲᠡ ᠶᠢᠨ ᠰᠡᠳᠬᠢᠬᠦᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ ᠂ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢ ᠶᠡᠬᠡᠪᠡᠷ ᠬᠥᠭᠵᠢᠭᠦᠯᠵᠦ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠢᠮᠡᠭᠡ ᠬᠤᠯᠪᠣᠭ᠎ᠠ ᠂ ᠪᠠᠷᠠᠭᠠᠨ ᠤ ᠭᠦᠢᠯᠭᠡᠭᠡᠨ ᠤ ᠲᠣᠣᠷ ᠢ ᠲᠡᠭᠦᠯᠳᠡᠷᠵᠢᠭᠦᠯᠬᠦ ᠬᠡᠷᠡᠭᠲᠡᠢ ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠶᠢ ᠦᠨᠡᠨᠬᠦ ᠬᠠᠪᠰᠤᠷᠴᠤ ᠂ ᠭᠠᠳᠠᠭᠠᠳᠤ ᠠᠷᠠᠯᠵᠢᠶᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ ᠂  ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠭᠡᠢ ᠰᠢᠯᠢᠳᠡᠭᠵᠢᠭᠦᠯᠵᠦ ᠂ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠬᠤ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1