ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠴᠠᠬᠢᠯᠭᠠᠨ ᠬᠤᠯᠪᠣᠭ᠎ᠠ ᠪᠠᠷ ᠮᠡᠬᠡᠯᠡᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 18᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠾᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ᠂ ᠳᠡᠳ᠋ ᠡᠷᠬᠢᠯᠡᠭᠴᠢ ᠵᠢᠶᠠ ᠱᠣ᠋ ᠱᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠶᠢᠨ ᠲᠧᠩ ᠵᠢᠶᠣᠣ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠡᠩ ᠲᠡᠷᠢᠭᠦᠨ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠲᠣᠭᠤᠷᠢᠭ ᠤᠨ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠶᠡᠷᠦᠩᠬᠡᠢ ᠪᠠᠶᠢᠳᠠᠯ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠬᠠᠤᠯᠢᠴᠢ ᠶᠢᠨ ᠲᠥᠯᠥᠭᠡᠯᠡᠭᠴᠢ ᠲᠠᠢ ᠠᠵᠢᠯ ᠢᠶᠠᠨ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃
2_副本.jpg
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠲᠣᠭᠤᠷᠢᠭ ᠤᠨ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ᠂ ᠮᠠᠨ ᠤ ᠲᠣᠭᠤᠷᠢᠭ ᠎ ᠢ ᠪᠠᠶᠢᠳᠠᠯ ᠢ ᠭᠦᠨᠵᠡᠭᠡᠢ ᠲᠣᠳᠣᠷᠬᠠᠢ ᠲᠠᠨᠢᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠠᠷᠠᠳ ᠣᠯᠠᠨ ᠤ ︽ᠵᠣᠭᠤᠰᠤᠨ ᠪᠣᠭᠴᠤ ︾᠎ ᠶᠢ ᠪᠠᠲᠤ ᠰᠠᠬᠢᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠰᠤᠷᠠᠯᠲᠠ ᠦᠭᠡᠢ ᠬᠦᠴᠢᠷ ᠢ ᠰᠢᠪᠲᠤᠯᠤᠨ ᠪᠡᠷᠬᠡ ᠶᠢ ᠳᠠᠪᠠᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠬᠦᠴᠦᠲᠡᠢ ᠲᠦᠯᠬᠢᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ︔ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠴᠣᠬᠢᠯᠲᠠ ᠥᠭᠴᠦ ᠵᠠᠯᠬᠠᠭᠠᠨ ᠰᠢᠳᠬᠡᠬᠦ᠂ ᠤᠬᠠᠭᠤᠯᠵᠤ ᠤᠷᠢᠳᠴᠢᠯᠠᠨ ᠰᠡᠷᠭᠡᠶᠢᠯᠡᠬᠦ ᠡᠷᠴᠢᠮ ᠢ ᠴᠢᠩᠭᠠᠷᠠᠭᠤᠯᠵᠤ᠂ ᠤᠯᠤᠰ ᠤᠨ ᠮᠡᠬᠡᠯᠡᠯ ᠢ ᠡᠰᠡᠷᠭᠦᠴᠡᠬᠦ App ᠬᠡᠷᠡᠭᠯᠡᠭᠡ ᠎ ᠶᠢ ᠪᠥᠬᠦ ᠲᠠᠯ᠎ᠠ ᠪᠠᠷ ᠳᠡᠯᠭᠡᠷᠡᠭᠦᠯᠦᠨ ᠤᠭᠰᠠᠷᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠴᠡᠭᠴᠡᠯᠡᠨ‌ᠵᠠᠰᠠᠬᠤ ᠰᠡᠷᠭᠡᠶᠢᠯᠡᠯᠲᠡ ᠶᠢᠨ ᠲᠣᠣᠷ ᠢ ᠪᠠᠲᠤ ᠪᠠᠬᠢ ᠪᠠᠶᠢᠭᠤᠯᠵᠤ᠂ ᠮᠡᠬᠡᠯᠡᠯ ᠢ ᠡᠰᠡᠷᠭᠦᠴᠡᠬᠦ ᠠᠷᠠᠳ ᠤᠨ ᠲᠡᠶᠢᠨ ᠤ ᠢᠯᠠᠯᠲᠠ ᠶᠢ ᠡᠷᠡᠰ ᠲᠡᠮᠡᠴᠡᠨ ᠣᠯᠵᠤ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠤᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠶᠤᠸᠠᠨ ᠪᠦᠦ ᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠮᠡᠬᠡᠯᠡᠨ ᠬᠢᠬᠠᠬᠤ ᠶᠢ ᠡᠰᠡᠷᠭᠦᠴᠡᠬᠦ ᠲᠥᠪ᠂ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠬᠠᠮᠢᠶ᠎ᠠ ᠪᠦᠬᠦᠢ ᠠᠵᠢᠯ ᠤᠨ ᠡᠬᠡ ᠲᠠᠩᠰᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠸᠢᠳᠢᠣ᠋ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠲᠣᠭᠤᠷᠢᠭ ‍ᠤᠨ‌‍ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠣᠳᠠᠲᠠᠢ ᠰᠠᠨᠠᠯ ᠳᠤᠷᠠᠳᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1