︽ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/21
    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠢᠯᠡ ᠪᠥᠭᠡᠳ ᠡᠷᠬᠡ ᠲᠡᠭᠰᠢ ᠲᠥᠪ ᠭᠤᠣᠯᠴᠢ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ 649 ᠳ᠋ᠦ᠋ᠭᠡᠷ ᠲᠣᠭᠠᠲᠤ ᠵᠠᠷᠯᠢᠭ︶᠂ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ︵ᠠᠷᠠᠳ ᠤᠨ ᠶᠠᠪᠤᠳᠠᠯ ᠤᠨ ᠶᠠᠮᠤᠨ ᠤ ᠲᠠᠷᠬᠠᠭᠠᠭᠰᠠᠨ ﹇2021﹈ 57 ᠳ᠋ᠤᠭᠠᠷ ᠲᠣᠭᠠᠲᠤ︶ ᠪᠣᠯᠤᠨ ᠠᠷᠠᠳ ᠤᠨ ᠶᠠᠪᠤᠳᠠᠯ ᠤᠨ ᠶᠠᠮᠤᠨ᠂ ᠲᠥᠪ ᠤᠨ ᠲᠠᠷᠢᠶᠠᠯᠠᠩ ᠤᠨ ᠠᠯᠪᠠᠨ ᠬᠡᠷ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠠᠷᠠᠳ ᠤᠨ ᠶᠠᠪᠤᠳᠠᠯ ᠤᠨ ᠶᠠᠮᠤᠨ ᠤ ᠲᠠᠷᠬᠠᠭᠠᠭᠰᠠᠨ ﹇2020﹈ 83 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2020﹈ 45 ᠳ᠋ᠤᠭᠠᠷ ᠲᠣᠭᠠᠲᠤ︶᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾᠎ ᠢ ᠲᠣᠭᠲᠠᠭᠠᠨ ᠲᠠᠷᠬᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠢ ᠮᠠᠭᠠᠳᠯᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠲᠡᠭᠡᠳ ᠢ ᠮᠠᠭᠠᠳᠯᠠᠨ ᠲᠣᠭᠲᠠᠭᠠᠬᠤ ᠨᠢ ᠣᠨᠣᠪᠴᠢᠲᠠᠢ᠂ ᠪᠠᠲᠤᠯᠠᠭ᠎ᠠ ᠶᠢᠨ ᠪᠠᠷᠢᠮᠵᠢᠶ᠎ᠠ ᠨᠢ ᠵᠦᠢ ᠵᠣᠬᠢᠰᠲᠠᠢ᠂ ᠬᠠᠮᠢᠶᠠᠷᠤᠯᠲᠠ ᠠᠵᠢᠯᠯᠠᠭᠠᠨ ᠨᠢ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃    ᠬᠤᠶᠠᠷ᠂ ᠦᠨᠳᠦᠰᠦᠨ ᠪᠠᠶᠢᠳᠠᠯ    2024 ᠣᠨ ᠤ 3 ᠰᠠᠷ᠎ᠠ ᠶᠢᠨ 15᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾ ︵ᠶᠤᠸᠠᠨ ᠪᠣᠥ ᠱᠠᠨ ᠵᠠᠰᠠᠭ ᠠᠯᠪᠠᠨ ᠥᠰᠥᠭ ﹇2020﹈ 6 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠡᠷᠦᠬᠡ ᠠᠮᠠ᠂ ᠨᠠᠰᠤ᠂ ᠡᠪᠡᠳᠴᠢᠨ᠂ ᠵᠡᠮᠳᠡᠭ᠂ ᠠᠴᠢᠯᠠᠨ ︵ᠠᠰᠠᠷᠠᠨ ᠲᠡᠵᠢᠭᠡᠬᠦ᠂ ᠲᠡᠳᠬᠦᠨ ᠳᠡᠮᠵᠢᠬᠦ︶ ᠲᠡᠵᠢᠭᠡᠭᠴᠢ ᠶᠢᠨ ᠪᠠᠶᠢᠳᠠᠯ᠂ ᠬᠡᠷ ᠪᠦᠯᠢ ᠶᠢᠨ ᠣᠷᠣᠯᠭ᠎ᠠ ᠶᠢᠨ ᠪᠠᠶᠢᠳᠠᠯ᠂ ᠡᠳ᠋ ᠬᠥᠷᠥᠩᠭᠡ ᠶᠢᠨ ᠪᠠᠶᠢᠳᠠᠯ᠂ ᠡᠮ ᠡᠮᠨᠡᠯᠭᠡ ᠶᠢᠨ ᠵᠠᠷᠤᠳᠠᠯ ᠵᠡᠷᠭᠡ ᠵᠦᠶ ᠵᠣᠬᠢᠰᠲᠠᠶ ᠵᠠᠷᠤᠯᠭ᠎ᠠ ᠶᠢᠨ ᠪᠠᠶᠢᠳᠠᠯ ᠵᠡᠷᠭᠡ ᠶᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃ ᠰᠢᠰᠲ᠋ᠧᠮ ᠢᠶᠠᠨ ᠨᠢᠭᠡᠳᠬᠡᠵᠦ᠂ ᠨᠢᠭᠡ ᠲᠣᠮᠢᠶ᠎ᠠ᠂ ᠨᠢᠭᠡ ᠵᠦᠢᠯ ᠤᠨ ᠪᠣᠳᠣᠬᠤ ᠠᠷᠭ᠎ᠠ ᠪᠠᠷ ᠣᠷᠣᠯᠭ᠎ᠠ ᠶᠢ ᠪᠣᠳᠣᠬᠤ ᠵᠠᠷᠴᠢᠮ ᠢ ᠪᠠᠷᠢᠮᠲᠠᠯᠠᠨ᠎ᠠ︔ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠭᠡᠷ ᠪᠦᠯᠢ ᠶᠢᠨ ᠣᠷᠣᠯᠭ᠎ᠠ᠂ ᠭᠡᠷ ᠪᠦᠯᠢ ᠶᠢᠨ ᠡᠳ᠋ ᠬᠥᠷᠥᠩᠭᠡ ᠶᠢ ᠣᠷᠣᠭᠤᠯᠬᠤ ᠶᠠᠪᠤᠳᠠᠯ ᠲᠣᠬᠢᠶᠠᠯᠳᠤᠪᠠᠯ ᠵᠠᠪᠠᠯ ᠬᠢᠨᠠᠬᠤ ᠵᠠᠷᠴᠢᠮ ᠢ ᠪᠠᠷᠢᠮᠲᠠᠯᠠᠨ᠎ᠠ︔ ᠬᠥᠳᠡᠯᠦᠩᠭᠦᠶ ᠪᠠᠷ ᠬᠠᠮᠢᠶᠠᠷᠴᠤ᠂ ᠲᠥᠷᠥᠯ ᠬᠤᠪᠢᠶᠠᠨ ᠪᠠᠲᠤᠯᠠᠭ᠎ᠠ ᠣᠯᠭᠤᠬᠤ᠂ ᠵᠥᠷᠢᠶ᠎ᠡ ᠶᠢ ᠨᠥᠬᠦᠪᠥᠷᠢᠯᠡᠬᠦ ᠶᠢ ᠬᠠᠮᠵᠢᠯᠴᠠᠨ ᠠᠬᠢᠭᠤᠯᠬᠤ ᠵᠠᠷᠴᠢᠮ ᠢ ᠪᠠᠷᠢᠮᠲᠠᠯᠠᠨ᠎ᠠ︔ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠵᠦ᠂ ᠰᠢᠢᠳᠪᠦᠷᠢᠯᠡᠬᠦ ᠳᠡᠰ ᠳᠠᠷᠠᠭᠠᠯᠠᠯ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠪᠦᠬᠦ ᠶᠠᠪᠤᠴᠠ ᠳᠤ ᠢᠯᠡ ᠪᠣᠯᠭᠠᠬᠤ ᠵᠠᠷᠴᠢᠮ ᠢ ᠪᠠᠷᠢᠮᠲᠠᠯᠠᠨ᠎ᠠ᠃    ᠭᠤᠷᠪᠠ᠂ ᠨᠠᠶᠢᠳᠠᠪᠤᠷᠢᠵᠢᠭᠤᠯᠬᠤ ᠱᠠᠭᠠᠷᠳᠠᠯᠭ᠎ᠠ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠪᠠ ᠬᠦᠯᠢᠶᠡᠨ ᠠᠪᠴᠤ ᠰᠢᠢᠳᠪᠥᠷᠢᠯᠡᠬᠦ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠵᠢᠴᠢ ᠲᠣᠭᠠᠴᠠᠭ᠎ᠠ ᠬᠢᠬᠦ᠂ ᠵᠠᠷᠯᠠᠨ ᠨᠡᠶᠢᠲᠡᠯᠡᠬᠦ᠂ ᠦᠨᠡᠯᠡᠨ ᠶᠠᠷᠢᠯᠴᠠᠬᠤ᠂ ᠬᠢᠨᠠᠨ ᠬᠠᠷᠭᠤᠭᠤᠯᠵᠤ ᠨᠤᠲᠠᠯᠠᠬᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠢᠯᠭᠠᠯ᠂ ᠪᠡᠯᠡ ᠮᠥᠩᠭᠦ ᠣᠯᠭᠤᠬᠤ᠂ ᠬᠥᠳᠡᠯᠦᠩᠭᠦᠶ ᠪᠠᠷ ᠬᠠᠮᠢᠶᠠᠷᠬᠤ᠂ ᠬᠠᠪᠰᠤᠷᠤᠨ ᠲᠡᠳᠬᠦᠬᠦ᠂ ᠰᠤᠳᠤᠯᠤᠨ ᠮᠠᠭᠠᠳᠯᠠᠬᠤ ᠲᠣᠭᠲᠠᠴᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠬᠢᠨᠠᠯᠲᠠ ᠬᠠᠮᠢᠶᠠᠷᠤᠯᠲᠠ ᠵᠡᠷᠭᠡ ᠳᠡᠰ ᠳᠠᠷᠠᠭᠠᠯᠠᠯ ᠳᠤ ᠴᠢᠩᠭ᠎ᠠ ᠵᠢᠷᠤᠮᠵᠢᠭᠰᠠᠨ ᠱᠠᠭᠠᠷᠳᠠᠯᠭ᠎ᠠ ᠲᠠᠯᠪᠢᠪᠠ᠃    ᠳᠥᠷᠪᠡ᠂ ᠪᠤᠰᠤᠳ ᠵᠦᠢᠯ    ᠲᠣᠰ ᠮᠠᠭᠠᠳᠯᠠᠨ ᠲᠣᠭᠲᠠᠭᠠᠭᠰᠠᠨ ᠰᠠᠨᠠᠯ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠠᠴᠠ ᠬᠠᠷᠢᠭᠤᠴᠠᠨ ᠲᠠᠶᠢᠯᠪᠤᠷᠢᠯᠠᠵᠤ᠂ ᠡᠭᠦᠨ ᠠᠴᠠ ᠡᠮᠦᠨ᠎ᠡ ᠲᠣᠭᠲᠠᠭᠠᠯ ᠳᠣᠲᠣᠷ᠎ᠠ ᠲᠣᠰ ᠰᠠᠨᠠᠯ ᠲᠠᠢ ᠨᠢᠭᠡᠳᠦᠯ ᠦᠭᠡᠢ ᠪᠠᠶᠢᠪᠠᠯ᠂ ᠲᠣᠰ ᠰᠠᠨᠠᠯ ᠢᠶᠠᠷ ᠪᠠᠷᠢᠮᠵᠢᠶ᠎ᠠ ᠪᠣᠯᠭᠠᠨ᠎ᠠ᠃ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠦᠨᠡᠯᠡᠨ ᠲᠣᠭᠲᠠᠭᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠶᠤᠸᠠᠨ ᠪᠣᠥ ᠱᠠᠨ ᠵᠠᠰᠠᠭ ᠠᠯᠪᠠᠨ ᠦᠰᠦᠭ ﹇2016﹈ 82 ᠳ᠋ᠤᠭᠠᠷ ᠲᠣᠭᠠᠲᠤ︶᠎ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1