ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠤᠨ ᠳ᠋ᠥᠩᠴᠧᠩ ᠲᠣᠭᠤᠷᠢᠭ ᠤᠨ ᠤᠰᠤ ᠲᠠᠲᠠᠷᠠᠭᠤᠯᠵᠤ ᠦᠶᠡᠷ ᠢ ᠰᠡᠷᠭᠡᠶᠢᠯᠡᠬᠦ ᠲᠥᠷᠥᠯ ᠵᠦᠢᠯ
ᠨᠡᠶᠢᠲᠡᠯᠡᠭᠰᠡᠨ ᠴᠠᠭ᠄
2024/3/22
    ᠦᠨᠳᠦᠰᠦᠨ ᠪᠠᠶᠢᠳᠠᠯ    ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠤᠨ ᠳ᠋ᠥᠩᠴᠧᠩ ᠲᠣᠭᠤᠷᠢᠭ ᠤᠨ ᠤᠰᠤ ᠲᠠᠲᠠᠷᠠᠭᠤᠯᠵᠤ ᠦᠶᠡᠷ ᠢ ᠰᠡᠷᠭᠡᠶᠢᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃    ᠪᠦᠲᠦᠭᠡᠨ ᠪᠠᠶᠢᠭᠤᠯᠤᠯᠲᠠ ᠶᠢᠨ ᠠᠭᠤᠯᠭ᠎ᠠ    ᠪᠣᠷᠣᠭᠠᠨ ᠤ ᠤᠰᠤᠨ ᠤ ᠬᠤᠭᠤᠯᠠᠶ ᠶᠢᠨ ᠲᠣᠤᠷ 5.4 ᠺᠢᠯᠤᠮᠧᠳ᠋ᠷ ᠰᠢᠨ᠎ᠡ ᠪᠠᠷ ᠪᠠᠶᠢᠭᠤᠯᠤᠨ ᠵᠢᠴᠢ ᠡᠪᠳᠡᠷᠬᠡᠶ ᠵᠠᠮ ᠢ ᠰᠡᠷᠭᠦᠭᠡᠵᠦ᠂ 20000 ᠺᠦᠪ ᠮᠧᠳ᠋ᠷ ᠤᠨ ᠪᠣᠷᠣᠭᠠᠨ ᠤ ᠤᠰᠤ ᠶᠢ ᠰᠢᠯᠵᠢᠭᠦᠯᠦᠨ ᠬᠠᠳᠠᠭᠠᠯᠠᠬᠤ ᠴᠥᠭᠦᠷᠥᠮ 1 ᠰᠠᠭᠤᠷᠢ ᠰᠢᠨ᠎ᠡ ᠪᠠᠷ ᠪᠠᠶᠢᠭᠤᠯᠵᠤ᠂ ᠪᠠᠶᠢᠭᠤᠯᠵᠤ᠂ ᠪᠣᠷᠣᠭᠠᠨ ᠤ ᠤᠰᠤ ᠶᠢ ᠡᠭᠡᠭᠦᠯᠦᠨ ᠬᠡᠷᠡᠭᠯᠡᠬᠦ ᠬᠥᠭᠡᠷᠭᠡ ᠶᠢᠨ ᠥᠷᠲᠡᠭᠡ 1 ᠵᠢᠴᠢ ᠪᠤᠰᠤᠳ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠤᠨ᠎ᠠ᠃    ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ    ᠲᠥᠷᠥᠯ ᠵᠦᠢᠯ ᠤᠨ ᠲᠦᠢᠮᠣ ᠲᠥᠰᠦᠪ ᠤᠨ ᠶᠡᠷᠦᠩᠬᠡᠢ ᠪᠡᠯᠡ ᠣᠷᠣᠭᠤᠯᠤᠯᠲᠠ 8 180 ᠲᠦᠮᠡᠨ ᠲᠥᠭᠦᠷᠢᠭ᠂ ᠡᠭᠦᠨ ᠳᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠵᠠᠷᠤᠳᠠᠯ 735 ᠲᠦᠮᠡᠨ ᠲᠥᠭᠦᠷᠢᠭ᠃ ᠪᠡᠯᠡ ᠮᠥᠩᠭᠦ ᠶᠢᠨ ᠢᠷᠡᠯᠲᠡ ᠨᠢ ᠣᠨᠴᠠᠭᠠᠶ ᠤᠯᠤᠰ ᠤᠨ ᠵᠢᠭᠡᠯᠡᠯᠭᠡ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ 5471 ᠲᠦᠮᠡᠨ ᠲᠥᠭᠦᠷᠢᠭ ᠪᠠᠶᠢᠵᠤ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 2700 ᠲᠦᠮᠡᠨ ᠲᠥᠭᠦᠷᠢᠭ ᠣᠳᠤ ᠶᠠᠭ ᠡᠷᠡᠮᠡᠯᠵᠡᠯᠡᠵᠦ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1