ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ | ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠬᠠᠤᠯᠢ︾ ︵ᠳᠣᠷᠣᠭᠰᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠭᠡᠵᠦ | ᠲᠣᠪᠴᠢᠯᠠᠨ᠎ᠠ︶ ᠵᠡᠷᠭᠡ ᠬᠠᠤᠯᠢ ᠴᠠᠭᠠᠵᠠ ᠶᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠬᠠᠤᠯᠢ ᠶᠣᠰᠣᠨ ᠤ᠂ ᠲᠥᠪ ᠭᠤᠣᠯᠴᠢ᠂ ᠥᠨᠳᠥᠷ ᠪᠦᠲᠦᠮᠵᠢᠲᠡᠢ ᠪᠠᠶᠢᠬᠤ ᠵᠠᠷᠴᠢᠮ ᠢ ᠵᠢᠷᠤᠮᠯᠠᠨ᠎ᠠ᠃ | ᠭᠤᠷᠪᠠᠳᠤᠭᠠᠷ ᠵᠦᠢᠯ ᠤᠯᠤᠰ ᠠᠴᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠡᠷᠴᠢᠮ ᠢᠶᠠᠨ ᠴᠢᠩᠭᠠᠷᠠᠭᠤᠯᠵᠤ᠂ ᠡᠵᠡᠩᠨᠡᠭᠴᠢᠳ ᠬᠠᠤᠯᠢ ᠶᠢ ᠰᠠᠬᠢᠬᠤ᠂ ᠠᠵᠢᠯ ᠲᠦᠷᠦᠯ ᠤᠨ ᠬᠢᠨ ᠥᠪᠡᠷ ᠢ ᠪᠠᠨ | ᠱᠠᠭᠠᠷᠳᠠᠬᠤ᠂ ᠬᠡᠷᠡᠭᠯᠡᠭᠴᠢᠳ ᠣᠷᠣᠯᠴᠠᠬᠤ᠂ ᠵᠠᠰᠠᠭ ᠤᠨ ᠣᠷᠳᠣᠨ ᠬᠢᠨᠠᠨ ᠬᠠᠮᠢᠶᠠᠷᠬᠤ ᠪᠠ ᠨᠡᠶᠢᠭᠡᠮ ᠤᠨ ᠬᠢᠨᠠᠯᠲᠠ | ᠲᠠᠯᠪᠢᠬᠤ ᠶᠢ ᠤᠶᠠᠯᠳᠤᠭᠤᠯᠤᠭᠰᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠲᠤ ᠪᠠᠷ ᠵᠠᠰᠠᠬᠤ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠳᠥᠷᠪᠡᠳᠦᠭᠡᠷ ᠵᠦᠢᠯ ᠤᠯᠤᠰ ᠠᠴᠠ ᠬᠡᠷᠡᠭᠯᠡᠭᠡᠨ ᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠠᠶᠤᠯᠭᠦᠢ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠢ ᠪᠣᠯᠭᠠᠵᠤ | ᠂ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠬᠡᠷᠡᠭᠯᠡᠭᠡᠨ ᠤ ᠰᠠᠭᠤᠷᠢᠯᠠᠬᠤ ᠴᠢᠨᠠᠷᠲᠠᠢ ᠦᠢᠯᠡᠳᠦᠯ ᠢ | ᠴᠢᠩᠭᠠᠳᠬᠠᠨ᠎ᠠ᠃ | ᠲᠠᠪᠤᠳᠤᠭᠠᠷ ᠵᠦᠢᠯ ᠤᠯᠤᠰ ᠠᠴᠠ ᠬᠡᠷᠡᠭᠯᠡᠭᠡᠨ ᠤ ᠲᠠᠸᠠᠷ ᠪᠣᠯᠤᠨ ᠦᠢᠯᠡᠴᠢᠯᠡᠭᠡᠨ ᠤ ᠪᠠᠷᠢᠮᠵᠢᠶ᠎ᠠ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠵᠡᠩᠨᠡᠭᠴᠢᠳ ᠤᠨ ᠤᠯᠤᠰ ᠤᠨ ᠪᠠᠷᠢᠮᠵᠢᠶ᠎ᠠ ᠪᠤᠶᠤ ᠠᠵᠢᠯ | ᠲᠦᠷᠦᠯ ᠤᠨ ᠪᠠᠷᠢᠮᠵᠢᠶ᠎ᠠ ᠠᠴᠠ ᠴᠢᠩᠭ᠎ᠠ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠬᠦ ᠶᠢ | ᠵᠣᠷᠢᠭᠵᠢᠭᠤᠯᠵᠤ᠂ ᠲᠠᠸᠠᠷ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠵᠢᠷᠭᠤᠳᠤᠭᠠᠷ ᠵᠦᠢᠯ ᠤᠯᠤᠰ ᠠᠴᠠ ᠪᠣᠯᠪᠠᠰᠤᠨ᠂ ᠡᠷᠡᠭᠦᠯ᠂ ᠪᠣᠬᠢᠷᠲᠤᠯ ᠦᠭᠡᠢ ᠬᠡᠷᠡᠭᠯᠡᠭᠡᠨ ᠤ ᠣᠶᠢᠯᠠᠭᠠᠭᠳᠠᠬᠤᠨ | ᠪᠠ ᠬᠡᠷᠡᠭᠯᠡᠭᠡᠨ ᠤ ᠠᠷᠭ᠎ᠠ ᠮᠠᠶ᠋ᠢᠭ ᠢ ᠰᠠᠨᠠᠭᠠᠴᠢᠯᠠᠵᠤ᠂ ᠬᠡᠭᠡᠨᠴᠢᠷᠯᠡᠨ ᠪᠦᠷᠢᠯᠭᠡᠬᠦ ᠶᠢ ᠡᠰᠡᠷᠭᠦᠴᠡᠨ᠎ᠡ᠃ | ᠬᠤᠶᠠᠳᠤᠭᠠᠷ ᠪᠦᠯᠦᠭ ᠬᠡᠷᠡᠭᠯᠡᠭᠴᠢᠳ ᠤᠨ ᠡᠷᠬᠡ ᠪᠠ ᠡᠵᠡᠩᠨᠡᠭᠴᠢᠳ ᠤᠨ ᠡᠭᠦᠷᠭᠡ | ᠳᠣᠯᠣᠳᠤᠭᠠᠷ ᠵᠦᠢᠯ ᠬᠡᠷᠡᠭᠯᠡᠭᠴᠢᠳ ᠲᠠᠸᠠᠷ ᠬᠤᠳᠠᠯᠳᠤᠨ ᠠᠪᠬᠤ᠂ ᠲᠠᠸᠠᠷ ᠬᠡᠷᠡᠭᠯᠡᠬᠦ ᠪᠤᠶᠤ ᠦᠢᠯᠡᠴᠢᠯᠡᠭᠡ | ᠬᠦᠯᠢᠶᠡᠬᠦ ᠳᠡᠭᠡᠨ ᠬᠠᠤᠯᠢ ᠶᠣᠰᠣᠭᠠᠷ ᠬᠥᠮᠦᠨ ᠤ ᠪᠡᠶ᠎ᠡ ᠮᠠᠬᠠᠪᠣᠳ ᠬᠢᠭᠡᠳ ᠡᠳ᠋ ᠬᠦᠷᠦᠩᠭᠡ ᠪᠠᠨ ᠠᠶᠤᠯ ᠦᠭᠡᠢ | ᠪᠠᠶᠢᠯᠭᠠᠬᠤ ᠡᠷᠬᠡ ᠲᠠᠢ᠃ | ᠡᠵᠡᠩᠨᠡᠭᠴᠢᠳ ᠠᠴᠠ ᠬᠡᠷᠡᠭᠯᠡᠭᠴᠢᠳ ᠲᠤ ᠲᠠᠸᠠᠷ ᠪᠤᠶᠤ ᠦᠢᠯᠡᠴᠢᠯᠡᠭᠡ ᠬᠠᠩᠭᠠᠬᠤ ︵ᠱᠠᠩᠨᠠᠬᠤ᠂ ᠪᠡᠯᠡᠭᠯᠡᠬᠦ᠂ | ᠲᠤᠷᠰᠢᠨ ᠬᠡᠷᠡᠭᠯᠡᠬᠦ ᠵᠡᠷᠭᠡ ᠬᠡᠯᠪᠡᠷᠢ ᠪᠠᠷ ᠬᠡᠷᠡᠭᠯᠡᠭᠴᠢᠳ ᠲᠤ ᠦᠨ᠎ᠡ ᠲᠥᠯᠥᠪᠦᠷᠢ ᠦᠭᠡᠶ ᠪᠠᠷ ᠲᠠᠸᠠᠷ ᠪᠤᠶᠤ | ᠦᠢᠯᠡᠴᠢᠯᠡᠭᠡ ᠬᠠᠩᠭᠠᠬᠤ ᠪᠠᠭᠲᠠᠨ᠎ᠠ︶ ᠳᠤ ᠲᠠᠸᠠᠷ ᠪᠤᠶᠤ ᠦᠢᠯᠡᠴᠢᠯᠡᠭᠡ ᠨᠢ ᠬᠥᠮᠦᠨ ᠤ ᠪᠡᠶ᠎ᠡ ᠮᠠᠬᠠᠪᠣᠳ᠂ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ ᠪᠠᠲᠤᠯᠠᠬᠤ ᠬᠡᠷᠡᠭᠲᠡᠶ᠃ | ᠦᠨ᠎ᠡ ᠲᠥᠯᠥᠪᠦᠷᠢ ᠦᠭᠡᠢ ᠪᠠᠷ ᠬᠠᠩᠭᠠᠬᠤ ᠲᠠᠸᠠᠷ ᠪᠤᠶᠤ ᠦᠢᠯᠡᠴᠢᠯᠡᠭᠡ ᠳᠤ ᠦ ᠰᠡᠪ ᠲᠠᠢ ᠪᠣᠯᠪᠠᠴᠤ ᠬᠠᠤᠯᠢ | ᠴᠠᠭᠠᠵᠠ ᠶᠢᠨ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠢ ᠵᠥᠷᠢᠴᠡᠭᠰᠡᠨ ᠦᠭᠡᠢ ᠮᠥᠷᠲᠡᠭᠡᠨ ᠬᠡᠪ ᠤᠨ ᠬᠡᠷᠡᠭᠯᠡᠭᠡᠨ ᠤ | ᠴᠢᠳᠠᠮᠵᠢ ᠶᠢ ᠨᠥᠯᠥᠭᠡᠯᠡᠬᠦ ᠦᠭᠡᠢ ᠪᠠᠶᠢᠪᠠᠯ᠂ ᠡᠵᠡᠩᠨᠡᠭᠴᠢ ᠲᠠᠸᠠᠷ ᠪᠤᠶᠤ ᠦᠢᠯᠡᠴᠢᠯᠡᠭᠡ ᠬᠠᠩᠭᠠᠬᠤ ᠠᠴᠠ ᠪᠠᠨ | ᠡᠮᠦᠨ᠎ᠡ ᠬᠡᠷᠡᠭᠯᠡᠭᠴᠢᠳ ᠲᠤ ᠦᠨᠡᠨ ᠮᠥᠨ ᠢᠶᠠᠷ ᠨᠢ ᠬᠡᠯᠡᠵᠦ ᠥᠭᠬᠦ ᠬᠡᠷᠡᠭᠲᠡᠢ᠃ | ᠡᠵᠡᠩᠨᠡᠭᠴᠢ ᠥᠪᠡᠷ ᠤᠨ ᠡᠵᠡᠩᠨᠡᠯᠲᠡ ᠶᠢᠨ ᠲᠠᠯᠠᠪᠤᠷ ᠭᠠᠵᠠᠷ ᠵᠢᠴᠢ ᠲᠥᠬᠦᠭᠡᠷᠦᠮᠵᠢ ᠪᠠᠨ ᠬᠥᠮᠦᠨ ᠤ ᠪᠡᠶ᠎ᠡ᠂ | ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠱᠠᠭᠠᠷᠳᠠᠯᠭ᠎ᠠ ᠳᠤ ᠨᠡᠶᠢᠴᠡᠭᠦᠯᠬᠦ ᠶᠢ ᠪᠠᠲᠤᠯᠠᠵᠤ᠂ ᠴᠢᠬᠤᠯᠠ | ᠪᠦᠬᠦᠢ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠵᠣᠬᠢᠴᠠᠩᠭᠤᠢ | ᠰᠡᠷᠡᠮᠵᠢ ᠶᠢᠨ ᠲᠡᠮᠳᠡᠭ ᠲᠠᠯᠪᠢᠬᠤ ᠬᠡᠷᠡᠭᠲᠡᠢ᠃ ᠬᠡᠷᠡᠭᠯᠡᠭᠴᠢᠳ ᠡᠵᠡᠩᠨᠡᠯᠲᠡ ᠶᠢᠨ ᠭᠠᠵᠠᠷ ᠲᠠᠭᠠᠨ ᠠᠶᠤᠯ | ᠲᠦᠭᠰᠢᠭᠦᠷᠢ ᠳᠤ ᠤᠴᠠᠷᠠᠭᠰᠠᠨ ᠪᠤᠶᠤ ᠬᠥᠨᠥᠭᠡᠯ ᠳᠤ ᠤᠴᠠᠷᠠᠭᠰᠠᠨ ᠦᠶ᠎ᠡ ᠳᠤ᠂ ᠡᠵᠡᠩᠨᠡᠭᠴᠢ ᠴᠠᠭ ᠲᠤᠬᠠᠶ ᠳᠤᠨᠢ | ᠴᠢᠬᠤᠯᠠ ᠪᠦᠬᠦᠢ ᠲᠤᠰᠠᠯᠠᠮᠵᠢ ᠦᠵᠡᠭᠦᠯᠬᠦ ᠬᠡᠷᠡᠭᠲᠡᠶ᠃ | ᠨᠠᠢᠮᠠᠳᠤᠭᠠᠷ ᠵᠦᠢᠯ ᠡᠵᠡᠩᠨᠡᠭᠴᠢ ᠶᠢᠨ ᠬᠠᠩᠭᠠᠭᠰᠠᠨ ᠲᠠᠸᠠᠷ ᠪᠤᠶᠤ ᠦᠢᠯᠡᠴᠢᠯᠡᠭᠡ ᠳᠤ ᠭᠡᠮ ᠰᠣᠭᠤᠭ ᠣᠷᠣᠰᠢᠵᠤ | ᠮᠡᠳᠡᠨ᠎ᠡ᠂ ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠠᠶᠤᠯ ᠤᠴᠠᠷᠠᠭᠤᠯᠵᠤ ᠮᠡᠳᠡᠨ᠎ᠡ ᠭᠡᠵᠦ | ᠬᠡᠷᠡᠭᠯᠡᠭᠴᠢᠳ ᠦᠵᠡᠪᠡᠯ᠂ ᠡᠵᠡᠩᠨᠡᠭᠴᠢ ᠪᠤᠶᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠪᠠᠶᠢᠳᠠᠯ ᠢᠶᠠᠨ ᠲᠤᠰᠬᠠᠬᠤ ᠪᠤᠶᠤ ᠰᠠᠨᠠᠭᠤᠯᠭ᠎ᠠ ᠭᠠᠷᠭᠠᠵᠤ ᠪᠣᠯᠤᠨ᠎ᠠ᠃ | ᠡᠵᠡᠩᠨᠡᠭᠴᠢᠳ ᠬᠠᠩᠭᠠᠭᠰᠠᠨ ᠲᠠᠸᠠᠷ ᠪᠤᠶᠤ ᠦᠢᠯᠡᠴᠢᠯᠡᠭᠡ ᠶᠢᠨ ᠢᠶᠠᠨ ᠵᠡᠷᠡᠮᠳᠡᠭ ᠪᠠᠶᠢᠵᠤ ᠮᠡᠳᠡᠬᠦ᠂ ᠬᠥᠮᠦᠨ ᠤ | ᠪᠡᠶ᠎ᠡ ᠮᠠᠬᠠᠪᠣᠳ᠂ ᠡᠳ᠋ ᠬᠦᠷᠦᠩᠭᠡ ᠳᠤ ᠠᠶᠤᠯ ᠤᠴᠠᠷᠠᠭᠤᠯᠵᠤ ᠮᠡᠳᠡᠬᠦ ᠶᠢ ᠣᠯᠵᠤ ᠮᠡᠳᠡᠪᠡᠯ᠂ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠬᠠᠤᠯᠢ ᠶᠢᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠴᠠᠭ | ᠲᠤᠬᠠᠶ ᠳᠤᠨᠢ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠭᠡᠭᠦᠯᠦᠨ ᠠᠪᠴᠢᠷᠠᠬᠤ ᠠᠷᠭ᠎ᠠ ᠬᠡᠮᠵᠢᠶ᠎ᠡ | ᠠᠪᠤᠭᠰᠠᠨ ᠪᠠᠶᠢᠪᠠᠯ᠂ ᠦᠢᠯᠡᠳᠪᠦᠷᠢᠯᠡᠭᠴᠢ ᠪᠤᠶᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠡᠵᠡᠩᠨᠡᠭᠴᠢ | ᠡᠭᠡᠭᠦᠯᠦᠨ ᠠᠪᠴᠢᠷᠠᠬᠤ ᠲᠥᠯᠥᠪᠯᠡᠭᠡ ᠲᠣᠭᠲᠠᠭᠠᠵᠤ᠂ ᠡᠭᠡᠭᠦᠯᠦᠨ ᠠᠪᠴᠢᠷᠠᠬᠤ ᠮᠡᠳᠡᠭᠡ ᠵᠠᠩᠭᠢ ᠨᠡᠶᠢᠲᠡᠯᠡᠵᠦ᠂ | ᠬᠡᠷᠡᠭᠯᠡᠭᠴᠢᠳ ᠲᠤ ᠡᠳ᠋ᠯᠡᠬᠦ ᠬᠤᠯᠪᠣᠭᠳᠠᠯ ᠪᠦᠬᠦᠢ ᠡᠷᠬᠡ ᠪᠠᠨ ᠲᠣᠳᠣᠷᠬᠠᠶ ᠮᠡᠳᠡᠭᠳᠡᠵᠦ᠂ ᠡᠭᠡᠭᠦᠯᠦᠨ ᠠᠪᠴᠢᠷᠠᠭᠰᠠᠨ | ᠪᠦᠷᠢᠨ ᠪᠦᠲᠦᠨ ᠲᠡᠮᠳᠡᠭᠯᠡᠯ ᠢᠶᠠᠨ ᠬᠠᠳᠠᠭᠠᠯᠠᠬᠤ ᠶᠢᠨ ᠬᠠᠮᠲᠤ᠂ ᠬᠡᠷᠡᠭᠯᠡᠭᠴᠢᠳ ᠤᠨ ᠲᠠᠸᠠᠷ ᠢᠶᠠᠨ ᠡᠭᠡᠭᠦᠯᠦᠨ | ᠬᠤᠷᠢᠶᠠᠭᠳᠠᠭᠰᠠᠨ ᠠᠴᠠ ᠪᠤᠯᠵᠤ ᠵᠠᠷᠤᠴᠠᠭᠤᠯᠤᠭᠰᠠᠨ ᠴᠢᠬᠤᠯᠠ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠶ᠃ ᠲᠠᠸᠠᠷ | ᠪᠣᠷᠣᠯᠠᠭᠤᠯᠬᠤ᠂ ᠲᠦᠷᠢᠶᠡᠰᠦᠯᠡᠬᠦ᠂ ᠰᠡᠯᠪᠢᠨ ᠵᠠᠰᠠᠬᠤ᠂ ᠰᠡᠯᠪᠢᠭ ᠲᠣᠨᠤᠭ ᠢ ᠦᠢᠯᠡᠳᠪᠦᠷᠢᠯᠡᠵᠦ ᠬᠠᠩᠭᠠᠬᠤ᠂ | ᠨᠠᠶᠢᠳᠠᠯᠭ᠎ᠠ ᠬᠦᠯᠢᠶᠡᠵᠦ ᠦᠢᠯᠡᠳᠪᠦᠷᠢᠯᠡᠬᠦ ᠵᠡᠷᠭᠡ ᠬᠠᠮᠢᠶ᠎ᠠ ᠪᠥᠬᠦᠶ ᠡᠵᠡᠩᠨᠡᠭᠴᠢ ᠨᠢ ᠬᠠᠮᠢᠶ᠎ᠠ ᠪᠥᠬᠦᠶ ᠬᠠᠮᠵᠢᠯᠴᠠᠭ᠎ᠠ | ᠪᠠ ᠬᠠᠮᠵᠢᠯᠴᠠᠭ᠎ᠠ ᠶᠢ ᠡᠭᠡᠭᠦᠯᠦᠨ ᠠᠪᠴᠢᠷᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ | ᠶᠢᠰᠦᠳᠦᠭᠡᠷ ᠵᠦᠢᠯ ᠡᠵᠡᠩᠨᠡᠭᠴᠢᠳ ᠬᠢᠯᠪᠠᠷ ᠣᠶᠢᠯᠠᠭᠠᠮᠵᠢᠲᠠᠶ ᠠᠷᠭ᠎ᠠ ᠬᠡᠯᠪᠡᠷᠢ ᠪᠠᠷ ᠬᠡᠷᠡᠭᠯᠡᠭᠴᠢᠳ ᠲᠤ ᠲᠠᠸᠠᠷ | ᠪᠤᠶᠤ ᠦᠢᠯᠡᠴᠢᠯᠡᠭᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠦᠨᠡᠨ ᠪᠣᠳᠠᠲᠠᠶ᠂ ᠪᠦᠬᠦ ᠲᠠᠯ᠎ᠠ ᠪᠠᠷ ᠬᠠᠩᠭᠠᠬᠤ | ᠬᠡᠷᠡᠭᠲᠡᠶ᠂ ᠡᠵᠡᠩᠨᠡᠭᠴᠢ ᠶᠢᠨ ᠬᠢᠷᠢ ᠬᠡᠮ᠂ ᠬᠢᠷᠢ ᠬᠡᠮ ᠪᠤᠶᠤ ᠣᠯᠤᠭᠰᠠᠨ ᠢᠷᠠᠭᠤ ᠠᠯᠳᠠᠷ ᠢ ᠬᠤᠳᠠᠯ ᠢᠶᠠᠷ ᠵᠣᠬᠢᠶᠠᠬᠤ | ᠂ ᠲᠠᠸᠠᠷ ᠪᠤᠶᠤ ᠦᠢᠯᠡᠴᠢᠯᠡᠭᠡᠨ ᠤ ᠠᠷᠠᠯᠵᠢᠶᠠᠨ ᠤ ᠮᠡᠳᠡᠭᠡ ᠵᠠᠩᠭᠢ᠂ ᠡᠵᠡᠩᠨᠡᠯᠲᠡ ᠶᠢᠨ ᠲᠤᠭ᠎ᠠ ᠪᠠᠷᠢᠮᠲᠠ ᠶᠢ | ᠬᠤᠳᠠᠯ ᠢᠶᠠᠷ ᠵᠣᠬᠢᠶᠠᠬᠤ᠂ ᠬᠡᠷᠡᠭᠯᠡᠭᠴᠢᠳ ᠤᠨ ᠦᠨᠡᠯᠡᠯᠲᠡ ᠶᠢ ᠥᠭᠡᠷᠡᠲᠦᠭᠦᠯᠬᠦ᠂ ᠵᠣᠬᠢᠶᠠᠬᠤ᠂ ᠨᠢᠭᠤᠨ ᠳᠠᠯᠳᠠᠯᠠᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠳᠠᠯ ᠬᠠᠭᠤᠷᠮᠠᠭ ᠪᠤᠶᠤ ᠬᠥᠮᠦᠰ ᠢ ᠠᠳᠡᠭᠦᠷᠡᠭᠦᠯᠬᠦ ᠤᠬᠠᠭᠤᠯᠭ᠎ᠠ | ᠬᠢᠵᠦ᠂ ᠬᠡᠷᠡᠭᠯᠡᠭᠴᠢᠳ ᠢ ᠮᠡᠬᠡᠯᠡᠵᠦ᠂ ᠪᠤᠷᠤᠭᠤ ᠲᠡᠶᠢᠰᠢ ᠬᠥᠲᠥᠯᠵᠦ ᠪᠣᠯᠬᠤ ᠦᠭᠡᠶ᠃ | ᠡᠵᠡᠩᠨᠡᠭᠴᠢᠳ ᠬᠡᠷᠡᠭᠯᠡᠭᠴᠢᠳ ᠪᠠᠶᠢᠳᠠᠯ ᠢ ᠮᠡᠳᠡᠬᠦ ᠦᠭᠡᠶ ᠪᠠᠶᠢᠳᠠᠯ ᠳᠣᠣᠷ᠎ᠠ ᠠᠳᠠᠯᠢ ᠨᠢᠭᠡ ᠲᠠᠸᠠᠷ ᠪᠤᠶᠤ | ᠦᠢᠯᠡᠴᠢᠯᠡᠭᠡ ᠳᠤ ᠠᠳᠠᠯᠢ ᠠᠷᠠᠯᠵᠢᠶᠠᠨ ᠤ ᠨᠥᠬᠦᠴᠡᠯ ᠳᠣᠣᠷ᠎ᠠ ᠠᠳᠠᠯᠢ ᠪᠤᠰᠤ ᠦᠨ᠎ᠡ ᠬᠠᠩᠰᠢ ᠪᠤᠶᠤ ᠰᠦᠢᠳᠬᠡᠯ | ᠬᠤᠷᠢᠶᠠᠬᠤ ᠪᠠᠷᠢᠮᠵᠢᠶ᠎ᠠ ᠭᠠᠷᠭᠠᠵᠤ ᠪᠣᠯᠬᠤ ᠦᠭᠡᠶ᠃ | ᠠᠷᠪᠠᠳᠤᠭᠠᠷ ᠵᠦᠢᠯ ᠡᠵᠡᠩᠨᠡᠭᠴᠢᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠸᠠᠷ ᠤᠨ | ᠨᠡᠷ᠎ᠡ᠂ ᠦᠨ᠎ᠡ ᠬᠠᠩᠰᠢ ᠪᠠ ᠦᠨ᠎ᠡ ᠪᠤᠳᠦᠬᠤ ᠨᠢᠭᠡᠴᠢ ᠪᠤᠶᠤ ᠦᠢᠯᠡᠴᠢᠯᠡᠭᠡᠨ ᠤ ᠵᠦᠢᠯᠡᠰ᠂ ᠠᠭᠤᠯᠭ᠎ᠠ᠂ ᠦᠨ᠎ᠡ | ᠬᠠᠩᠰᠢ ᠪᠠ ᠦᠨ᠎ᠡ ᠪᠤᠳᠦᠬᠤ ᠠᠷᠭ᠎ᠠ ᠵᠡᠷᠭᠡ ᠮᠡᠳᠡᠭᠡ ᠵᠠᠩᠭᠢ ᠶᠢ ᠢᠯᠡᠷᠬᠡᠢ ᠠᠷᠭ᠎ᠠ ᠮᠠᠶ᠋ᠢᠭ ᠢᠶᠠᠷ ᠲᠣᠳᠣᠷᠬᠠᠶᠢᠯᠠᠵᠤ᠂ | ᠦᠨ᠎ᠡ ᠶᠢᠨ ᠭᠠᠷ ᠤᠨ ᠤᠢᠰᠦᠭ ᠵᠢᠷᠤᠭᠰᠠᠨ ᠦᠨ᠎ᠡ ᠨᠢ ᠪᠦᠷᠢᠨ ᠭᠦᠢᠴᠡᠳ᠂ ᠠᠭᠤᠯᠭ᠎ᠠ ᠨᠢ ᠦᠨᠡᠨ ᠪᠣᠳᠠᠲᠠᠢ | ᠪᠥᠭᠡᠳ ᠵᠥᠪ ᠣᠨᠣᠪᠴᠢᠲᠠᠢ᠂ ᠲᠡᠮᠳᠡᠭ ᠨᠢ ᠲᠣᠳᠣᠷᠬᠠᠢ ᠪᠥᠭᠡᠳ ᠢᠯᠠ ᠲᠣᠳᠣ ᠪᠠᠶᠢᠬᠤ ᠬᠡᠷᠡᠭᠲᠡᠢ᠃ | ᠡᠵᠡᠩᠨᠡᠭᠴᠢᠳ ᠠᠦ᠋ᠲ᠋ᠣ᠋ ᠰᠤᠩᠭᠠᠯᠲᠠ᠂ ᠠᠦ᠋ᠲ᠋ᠣ᠋ ᠰᠤᠩᠭᠠᠯᠲᠠ ᠵᠡᠷᠭᠡ ᠬᠡᠯᠪᠡᠷᠢ ᠪᠠᠷ ᠦᠢᠯᠡᠴᠢᠯᠡᠭᠡ | ᠬᠠᠩᠭᠠᠬᠤ ᠳᠠᠭᠠᠨ ᠬᠡᠷᠡᠭᠯᠡᠭᠴᠢᠳ ᠦᠢᠯᠡᠴᠢᠯᠡᠭᠡ ᠬᠦᠯᠢᠶᠡᠬᠦ ᠠᠴᠠ ᠡᠮᠦᠨ᠎ᠡ ᠪᠠ ᠠᠦ᠋ᠲ᠋ᠣ᠋ ᠰᠤᠩᠭᠠᠯᠲᠠ᠂ ᠠᠦ᠋ᠲ᠋ᠣ᠋ | ᠰᠤᠩᠭᠠᠯᠲᠠ ᠵᠡᠷᠭᠡ ᠡᠳᠦᠷ ᠠᠴᠠ ᠡᠮᠦᠨ᠎ᠡ ᠢᠯᠡᠷᠬᠡᠢ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠠᠩᠬᠠᠷᠤᠭᠤᠯᠬᠤ | ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠡᠷᠡᠭᠯᠡᠭᠴᠢᠳ ᠲᠠᠸᠠᠷ ᠪᠤᠶᠤ ᠦᠢᠯᠡᠴᠢᠯᠡᠭᠡ ᠶᠢ ᠡᠵᠡᠨ ᠮᠡᠳᠡᠵᠦ ᠰᠣᠩᠭᠤᠬᠤ | ᠡᠷᠬᠡ ᠲᠠᠢ᠃ ᠡᠵᠡᠩᠨᠡᠭᠴᠢᠳ ᠬᠦᠴᠦᠷᠬᠡᠭᠯᠡᠯ᠂ ᠰᠦᠷᠳᠡᠭᠦᠯᠦᠯ᠂ ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠡᠷᠭᠡ | ᠬᠡᠯᠪᠡᠷᠢ ᠪᠠᠷ ᠪᠤᠶᠤ ᠮᠡᠷᠭᠡᠵᠢᠯ ᠤᠨ ᠠᠷᠭ᠎ᠠ ᠪᠠᠷ ᠬᠡᠷᠡᠭᠯᠡᠭᠴᠢᠳ ᠢ ᠠᠯᠪᠠᠳᠠᠵᠤ ᠪᠠᠶᠢᠭᠠᠳ ᠪᠤᠶᠤ ᠬᠡᠯᠪᠡᠷᠢ ᠶᠢ ᠨᠢ | ᠥᠭᠡᠷᠡᠲᠦᠭᠦᠯᠦᠨ ᠠᠯᠪᠠᠳᠠᠵᠤ ᠪᠠᠶᠢᠭᠠᠳ ᠲᠠᠸᠠᠷ ᠬᠤᠳᠠᠯᠳᠤᠨ ᠠᠪᠤᠭᠤᠯᠬᠤ ᠪᠤᠶᠤ ᠦᠢᠯᠡᠴᠢᠯᠡᠭᠡ ᠬᠦᠯᠢᠶᠡᠯᠭᠡᠵᠦ | ᠪᠣᠯᠬᠤ ᠦᠭᠡᠢ᠂ ᠡᠰᠡᠬᠦᠯ᠎ᠡ ᠬᠡᠷᠡᠭᠯᠡᠭᠴᠢᠳ ᠤᠨ ᠪᠤᠰᠤᠳ ᠡᠵᠡᠩᠨᠡᠭᠴᠢ ᠶᠢᠨ ᠬᠠᠩᠭᠠᠭᠰᠠᠨ ᠲᠠᠸᠠᠷ ᠪᠤᠶᠤ | ᠦᠢᠯᠡᠴᠢᠯᠡᠭᠡ ᠶᠢ ᠰᠤᠩᠭᠤᠬᠤ ᠶᠢ ᠭᠠᠳᠠᠭᠤᠷᠴᠢᠯᠠᠵᠤ᠂ ᠬᠢᠵᠠᠭᠠᠷᠯᠠᠵᠤ ᠪᠣᠯᠬᠤ ᠦᠭᠡᠢ᠃ ᠡᠵᠡᠩᠨᠡᠭᠴᠢᠳ | ᠬᠠᠮᠵᠢᠯᠴᠠᠬᠤ᠂ ᠬᠤᠷᠰᠢᠬᠤ ᠵᠡᠷᠭᠡ ᠠᠷᠭ᠎ᠠ ᠮᠠᠶ᠋ᠢᠭ ᠢᠶᠠᠷ ᠲᠠᠸᠠᠷ ᠪᠤᠶᠤ ᠦᠢᠯᠡᠴᠢᠯᠡᠭᠡ ᠬᠠᠩᠭᠠᠬᠤ ᠳᠠᠭᠠᠨ ᠢᠯᠡᠷᠬᠡᠢ | ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠠᠩᠬᠠᠷᠤᠭᠤᠯᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠵᠡᠩᠨᠡᠭᠴᠢ ᠬᠤᠳᠠᠯᠳᠤᠭᠠᠨ ᠤ ᠤᠬᠠᠭᠤᠯᠭ᠎ᠠ᠂ ᠦᠢᠯᠡᠳᠬᠦᠨ ᠤ ᠲᠠᠨᠢᠯᠴᠠᠭᠤᠯᠭ᠎ᠠ᠂ | ᠪᠣᠳᠠᠲᠤ ᠡᠳ᠋ ᠤᠨ ᠦᠵᠡᠭᠦᠯᠦᠯᠭᠡ ᠪᠤᠶᠤ ᠮᠡᠳᠡᠭᠳᠡᠯ᠂ ᠢᠯᠡᠷᠬᠡᠶᠢᠯᠡᠯᠲᠡ᠂ ᠳᠡᠯᠭᠡᠭᠦᠷ ᠤᠨ ᠵᠡᠷ ᠵᠡᠷᠭᠡ ᠠᠷᠭ᠎ᠠ | ᠮᠠᠶ᠋ᠢᠭ ᠢᠶᠠᠷ ᠲᠠᠸᠠᠷ ᠪᠤᠶᠤ ᠦᠢᠯᠡᠴᠢᠯᠡᠭᠡ ᠬᠠᠩᠭᠠᠵᠤ᠂ ᠲᠠᠸᠠᠷ ᠪᠤᠶᠤ ᠦᠢᠯᠡᠴᠢᠯᠡᠭᠡᠨ ᠤ ᠲᠤᠭ᠎ᠠ ᠬᠡᠮᠵᠢᠶ᠎ᠡ᠂ ᠶᠠᠰᠤ | ᠴᠢᠨᠠᠷ᠂ ᠦᠨ᠎ᠡ ᠬᠠᠩᠰᠢ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ᠂ ᠬᠠᠷᠢᠭᠤᠴᠠᠯᠭ᠎ᠠ ᠡᠭᠦᠷᠭᠡᠯᠡᠬᠦ ᠵᠡᠷᠭᠡ | ᠲᠠᠯ᠎ᠠ ᠪᠠᠷ ᠠᠮᠠᠯᠠᠯᠲᠠ ᠬᠢᠭᠰᠡᠨ ᠪᠠᠶᠢᠪᠠᠯ᠂ ᠲᠠᠸᠠᠷ ᠬᠤᠳᠠᠯᠳᠤᠨ ᠠᠪᠤᠭᠰᠠᠨ ᠪᠤᠶᠤ ᠦᠢᠯᠡᠴᠢᠯᠡᠭᠡ ᠬᠦᠯᠢᠶᠡᠭᠰᠡᠨ | ᠬᠡᠷᠡᠭᠯᠡᠭᠴᠢᠳ ᠲᠤ ᠠᠮᠠᠯᠠᠭᠰᠠᠨ ᠠᠭᠤᠯᠭ᠎ᠠ ᠪᠠᠨ ᠭᠦᠢᠴᠡᠳᠬᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠡᠵᠡᠩᠨᠡᠭᠴᠢ ᠥᠪᠡᠷ ᠤᠨ ᠡᠵᠡᠩᠨᠡᠯᠲᠡ ᠶᠢᠨ ᠭᠠᠵᠠᠷ ᠤᠨ ᠢᠶᠠᠨ ᠢᠯᠡᠷᠬᠡᠢ | ᠭᠠᠵᠠᠷ ᠲᠤ ᠦᠨᠡᠨ ᠪᠣᠳᠠᠲᠠᠢ ᠨᠡᠷᠡᠶᠢᠳᠦᠯ ᠪᠠ ᠲᠡᠮᠳᠡᠭ ᠢᠶᠠᠨ ᠲᠣᠳᠣᠷᠬᠠᠶᠢᠯᠠᠬᠤ ᠬᠡᠷᠡᠭᠲᠡᠢ᠃ | ᠡᠵᠡᠩᠨᠡᠭᠴᠢᠳ ᠰᠦᠯᠵᠢᠶ᠎ᠡ᠂ ᠲᠧᠯᠸᠢᠰ᠂ ᠳ᠋ᠢᠶᠠᠩᠬᠤᠸᠠ᠂ ᠰᠢᠦᠳᠠᠨ ᠢᠶᠠᠷ ᠬᠤᠳᠠᠯᠳᠤᠨ ᠠᠪᠬᠤ ᠵᠡᠷᠭᠡ ᠠᠷᠭ᠎ᠠ | ᠮᠠᠶ᠋ᠢᠭ ᠢᠶᠠᠷ ᠲᠠᠸᠠᠷ ᠪᠤᠶᠤ ᠦᠢᠯᠡᠴᠢᠯᠡᠭᠡ ᠬᠠᠩᠭᠠᠬᠤ ᠳᠤ ᠬᠦᠷᠪᠡᠯ᠂ ᠲᠡᠭᠦᠨ ᠤ ᠲᠦᠷᠦᠭᠦᠦ ᠨᠢᠭᠤᠷ᠂ ᠬᠠᠷᠠᠭᠠᠨ | ᠳᠠᠪᠲᠠᠮᠵᠢ ᠶᠢᠨ ᠵᠢᠷᠤᠭ᠂ ᠠᠪᠢᠶ᠎ᠠ᠂ ᠲᠠᠸᠠᠷ ᠤᠨ ᠭᠠᠷᠴᠠᠭ ᠵᠡᠷᠭᠡ ᠳᠤ ᠢᠯᠡᠷᠬᠡᠢ ᠠᠷᠭ᠎ᠠ ᠮᠠᠶ᠋ᠢᠭ ᠢᠶᠠᠷ ᠥᠪᠡᠷ ᠤᠨ | ᠦᠨᠡᠨ ᠪᠣᠳᠠᠲᠠᠢ ᠨᠡᠷᠡᠶᠢᠳᠦᠯ ᠪᠠ ᠲᠡᠮᠳᠡᠭ ᠢᠶᠠᠨ ᠲᠣᠳᠣᠷᠬᠠᠶᠢᠯᠠᠬᠤ ᠪᠤᠶᠤ ᠲᠣᠳᠣᠷᠬᠠᠶᠢᠯᠠᠬᠤ ᠬᠡᠷᠡᠭᠲᠡᠢ᠃ ᠪᠤᠰᠤᠳ | ᠡᠵᠡᠩᠨᠡᠭᠴᠢᠳ ᠲᠠᠸᠠᠷ ᠪᠤᠶᠤ ᠦᠢᠯᠡᠴᠢᠯᠡᠭᠡ ᠶᠢ ᠪᠣᠳᠠᠲᠠᠢ ᠬᠠᠩᠭᠠᠭᠰᠠᠨ ᠪᠠᠶᠢᠪᠠᠯ᠂ ᠪᠠᠰᠠ ᠬᠡᠷᠡᠭᠯᠡᠭᠴᠢᠳ ᠲᠤ ᠲᠤᠰ | ᠡᠵᠡᠩᠨᠡᠭᠴᠢ ᠶᠢᠨ ᠨᠡᠷᠡᠶᠢᠳᠦᠯ᠂ ᠡᠵᠡᠩᠨᠡᠯᠲᠡ ᠶᠢᠨ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ | ᠬᠠᠩᠭᠠᠬᠤ ᠬᠡᠷᠡᠭᠲᠡᠢ᠃ | ᠡᠵᠡᠩᠨᠡᠭᠴᠢᠳ ᠪᠤᠰᠤᠳ ᠬᠥᠮᠦᠨ ᠤ ᠯᠠᠩᠭᠦᠶ ᠪᠤᠶᠤ ᠲᠠᠯᠠᠪᠤᠷ ᠭᠠᠵᠠᠷ ᠢ ᠲᠦᠷᠢᠶᠡᠰᠦᠯᠡᠨ ᠲᠠᠸᠠᠷ ᠪᠤᠶᠤ | ᠦᠢᠯᠡᠴᠢᠯᠡᠭᠡ ᠬᠠᠩᠭᠠᠬᠤ᠂ ᠡᠰᠡᠬᠦᠯ᠎ᠡ ᠤᠬᠠᠭᠤᠯᠤᠨ ᠲᠠᠶᠢᠯᠪᠤᠷᠢᠯᠠᠬᠤ᠂ ᠱᠠᠩᠨᠠᠯ ᠰᠤᠭᠤᠯᠬᠤ᠂ ᠲᠥᠪᠯᠡᠷᠡᠩᠭᠦᠶ | ᠪᠡᠶᠡᠴᠢᠯᠡᠨ ᠣᠶᠢᠯᠠᠭᠠᠬᠤ ᠵᠡᠷᠭᠡ ᠠᠷᠭ᠎ᠠ ᠮᠠᠶ᠋ᠢᠭ ᠢᠶᠠᠷ ᠲᠠᠸᠠᠷ ᠪᠤᠶᠤ ᠦᠢᠯᠡᠴᠢᠯᠡᠭᠡ ᠬᠠᠩᠭᠠᠬᠤ ᠳᠠᠭᠠᠨ ᠦᠨᠡᠨ | ᠪᠣᠳᠠᠲᠠᠶ ᠨᠡᠷᠡᠶᠢᠳᠦᠯ ᠪᠠ ᠲᠡᠮᠳᠡᠭ ᠢᠶᠠᠨ ᠢᠯᠡᠷᠬᠡᠶ ᠠᠷᠭ᠎ᠠ ᠮᠠᠶ᠋ᠢᠭ ᠢᠶᠠᠷ ᠲᠣᠳᠣᠷᠬᠠᠶᠢᠯᠠᠬᠤ ᠶᠣᠰᠣᠲᠠᠶ᠃ ᠯᠠᠩᠭᠦᠶ᠂ | ᠲᠠᠯᠠᠪᠤᠷ ᠲᠦᠷᠢᠶᠡᠰᠦᠯᠡᠭᠦᠯᠦᠭᠴᠢ ᠲᠠᠯᠠᠪᠤᠷ ᠳᠣᠲᠣᠷᠠᠬᠢ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠲᠣᠭᠲᠠᠭᠠᠵᠤ᠂ | ᠡᠵᠡᠩᠨᠡᠭᠴᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠢᠨᠠᠨ ᠰᠢᠯᠭᠠᠵᠤ᠂ ᠰᠢᠨᠡᠳᠬᠡᠵᠦ᠂ ᠵᠠᠷᠯᠠᠨ ᠨᠡᠶᠢᠲᠡᠯᠡᠵᠦ᠂ | ᠬᠡᠷᠡᠭᠯᠡᠭᠴᠢᠳ ᠤᠨ ᠪᠠᠶᠢᠴᠠᠭᠠᠨ ᠯᠠᠪᠯᠠᠬᠤ ᠳᠤ ᠬᠠᠩᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠡᠵᠡᠩᠨᠡᠭᠴᠢᠳ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠠᠷᠭ᠎ᠠ | ᠮᠠᠶ᠋ᠢᠭ ᠢᠶᠠᠷ ᠲᠠᠸᠠᠷ ᠪᠤᠶᠤ ᠦᠢᠯᠡᠴᠢᠯᠡᠭᠡ ᠬᠠᠩᠭᠠᠬᠤ ᠳᠠᠭᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠤᠯᠪᠣᠭᠳᠠᠯ ᠪᠦᠬᠦᠢ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | ᠰᠢᠭᠤᠳ ᠨᠡᠪᠲᠡᠷᠡᠭᠦᠯᠬᠦ ᠡᠵᠡᠩᠨᠡᠨ ᠪᠣᠷᠣᠯᠠᠭᠤᠯᠬᠤ ᠲᠠᠪᠴᠠᠩ ᠤᠨ ᠡᠵᠡᠩᠨᠡᠭᠴᠢ ᠨᠢ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠡᠷᠡᠭᠯᠡᠭᠡᠨ ᠤ ᠮᠠᠷᠭᠤᠭᠠᠨ ᠢ ᠰᠢᠢᠳᠪᠦᠷᠢᠯᠡᠬᠦ | ᠲᠣᠭᠲᠠᠴᠠ ᠶᠢ ᠲᠣᠳᠣᠷᠬᠠᠶᠢᠯᠠᠬᠤ ᠬᠡᠷᠡᠭᠲᠡᠶ᠃ ᠬᠡᠷᠡᠭᠯᠡᠭᠡᠨ ᠤ ᠮᠠᠷᠭᠤᠯᠳᠤᠭᠠᠨ ᠡᠭᠦᠰᠦᠭᠰᠡᠨ ᠪᠠᠶᠢᠪᠠᠯ᠂ ᠰᠢᠭᠤᠳ | ᠨᠡᠪᠲᠡᠷᠡᠭᠦᠯᠬᠦ ᠡᠵᠡᠩᠨᠡᠨ ᠪᠣᠷᠣᠯᠠᠭᠤᠯᠬᠤ ᠲᠠᠪᠴᠠᠩ ᠤᠨ ᠡᠵᠡᠩᠨᠡᠭᠴᠢ ᠨᠢ ᠬᠡᠷᠡᠭᠯᠡᠭᠴᠢᠳ ᠤᠨ ᠱᠠᠭᠠᠷᠳᠠᠯᠭ᠎ᠠ ᠶᠢ | ᠦᠨᠳᠦᠰᠦᠯᠡᠨ ᠰᠢᠭᠤᠳ ᠨᠡᠪᠲᠡᠷᠡᠭᠦᠯᠬᠦ ᠲᠠᠰᠤᠭ ᠤᠨ ᠡᠵᠡᠩᠨᠡᠭᠴᠢ᠂ ᠡᠵᠡᠩᠨᠡᠨ ᠪᠣᠷᠣᠯᠠᠭᠤᠯᠬᠤ ᠠᠵᠢᠯᠲᠠᠨ ᠤ ᠬᠠᠮᠢᠶ᠎ᠠ | ᠪᠥᠬᠦᠶ ᠮᠡᠳᠡᠭᠡ ᠵᠠᠩᠭᠢ ᠵᠢᠴᠢ ᠬᠠᠮᠢᠶ᠎ᠠ ᠪᠥᠬᠦᠶ ᠡᠵᠡᠩᠨᠡᠯᠲᠡ ᠶᠢᠨ ᠠᠵᠢᠯᠯᠠᠭ᠎ᠠ ᠶᠢᠨ ᠲᠡᠮᠳᠡᠭᠯᠡᠯ ᠵᠡᠷᠭᠡ ᠴᠢᠬᠤᠯᠠ | ᠪᠥᠬᠦᠶ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃ | ᠰᠢᠭᠤᠳ ᠨᠡᠪᠲᠡᠷᠡᠭᠦᠯᠭᠡ ᠶᠢᠨ ᠲᠡᠰᠤᠬ ᠤᠨ ᠡᠵᠡᠩᠨᠡᠭᠴᠢ᠂ ᠰᠢᠭᠤᠳ ᠨᠡᠪᠲᠡᠷᠡᠭᠦᠯᠭᠡ ᠶᠢᠨ | ᠪᠣᠷᠣᠯᠠᠭᠤᠯᠤᠭᠴᠢ ᠶᠢᠨ ᠨᠡᠶᠢᠲᠡᠯᠡᠭᠰᠡᠨ ᠰᠢᠭᠤᠳ ᠨᠡᠪᠲᠡᠷᠡᠭᠦᠯᠭᠡ ᠶᠢᠨ ᠠᠭᠤᠯᠭ᠎ᠠ ᠨᠢ ᠬᠤᠳᠠᠯᠳᠤᠭᠠᠨ ᠤ ᠵᠡᠷ ᠪᠤᠯᠵᠦ | ᠪᠦᠷᠢᠯᠳᠦᠭᠰᠡᠨ ᠪᠠᠶᠢᠪᠠᠯ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠷ ᠤᠨ ᠬᠠᠤᠯᠢ︾ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠡᠷ ᠨᠡᠶᠢᠲᠡᠯᠡᠭᠴᠢ᠂ ᠵᠡᠷ ᠡᠵᠡᠩᠨᠡᠭᠴᠢ ᠪᠤᠶᠤ ᠵᠡᠷ ᠣᠷᠣᠯᠠᠨ | ᠥᠭᠦᠯᠡᠭᠴᠢ ᠶᠢᠨ ᠡᠭᠦᠷᠭᠡ ᠶᠢ ᠭᠦᠢᠴᠡᠳᠬᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠵᠡᠩᠨᠡᠭᠴᠢ ᠬᠤᠳᠠᠯ ᠬᠠᠭᠤᠷᠮᠠᠭ ᠪᠤᠶᠤ ᠬᠥᠮᠦᠰ ᠢ ᠠᠳᠡᠭᠦᠷᠡᠭᠦᠯᠬᠦ | ᠤᠬᠠᠭᠤᠯᠭ᠎ᠠ ᠪᠠᠷ ᠳᠠᠮᠵᠢᠭᠤᠯᠤᠨ ᠲᠠᠸᠠᠷ ᠪᠤᠶᠤ ᠦᠢᠯᠡᠴᠢᠯᠡᠭᠡ ᠶᠢᠨ ᠢᠶᠠᠨ ᠡᠮᠨᠡᠨ ᠵᠠᠰᠠᠬᠤ᠂ ᠡᠷᠡᠭᠦᠯ ᠮᠡᠡᠳᠦ ᠶᠢ | ᠬᠠᠮᠠᠭᠠᠯᠠᠬᠤ᠂ ᠪᠡᠶ᠎ᠡ ᠰᠤᠪᠢᠯᠠᠬᠤ ᠵᠡᠷᠭᠡ ᠦᠢᠯᠡᠳᠦᠯ ᠢ ᠬᠤᠳᠠᠯ ᠢᠶᠠᠷ ᠵᠣᠬᠢᠶᠠᠬᠤ ᠪᠤᠶᠤ ᠥᠰᠬᠡᠨ ᠲᠥᠰᠬᠡᠨ ᠲᠠᠢ | ᠶᠠᠷᠢᠵᠤ᠂ ᠨᠠᠰᠤᠲᠠᠶᠢᠴᠤᠳ ᠵᠡᠷᠭᠡ ᠬᠡᠷᠡᠭᠯᠡᠭᠴᠢᠳ ᠢ ᠲᠡᠳᠡᠠ ᠪᠣᠳᠠᠲᠠᠢ ᠬᠡᠷᠡᠭᠴᠡᠭᠡ ᠳᠤ ᠢᠯᠡᠳᠲᠡ ᠨᠡᠶᠢᠴᠡᠬᠦ ᠤᠢᠭᠡᠢ | ᠲᠠᠸᠠᠷ ᠪᠤᠶᠤ ᠦᠢᠯᠡᠴᠢᠯᠡᠭᠡ ᠬᠤᠳᠠᠯᠳᠤᠨ ᠠᠪᠤᠭᠤᠯᠬᠤ ᠪᠠᠷ ᠥᠳᠥᠭᠡᠵᠦ ᠪᠣᠯᠬᠤ ᠤᠢᠭᠡᠢ᠃ | ᠠᠷᠪᠠᠨ ᠵᠢᠷᠭᠤᠳᠤᠭᠠᠷ ᠵᠦᠢᠯ ᠡᠵᠡᠩᠨᠡᠭᠴᠢ ᠰᠦᠯᠵᠢᠶᠡᠨ ᠤ ᠲᠣᠭᠯᠠᠭᠠᠮ ᠤᠨ ᠦᠢᠯᠡᠴᠢᠯᠡᠭᠡ ᠬᠠᠩᠭᠠᠬᠤ ᠳᠠᠭᠠᠨ | ᠤᠯᠤᠰ ᠤᠨ ᠰᠦᠯᠵᠢᠶᠡᠨ ᠤ ᠲᠣᠭᠯᠠᠭᠠᠮ ᠤᠨ ᠦᠢᠯᠡᠴᠢᠯᠡᠭᠡᠨ ᠤ ᠬᠤᠯᠪᠣᠭᠳᠠᠯ ᠪᠦᠬᠦᠢ ᠴᠠᠭ᠂ ᠴᠠᠭ ᠤᠨ ᠤᠷᠳᠤ᠂ | ᠴᠢᠳᠠᠮᠵᠢ ᠪᠠ ᠠᠭᠤᠯᠭ᠎ᠠ ᠵᠡᠷᠭᠡ ᠲᠠᠯ᠎ᠠ ᠶᠢᠨ ᠲᠣᠭᠲᠠᠭᠠᠯ ᠪᠠ ᠪᠠᠷᠢᠮᠵᠢᠶ᠎ᠠ ᠳᠤ ᠨᠡᠶᠢᠴᠡᠭᠦᠯᠵᠦ᠂ ᠨᠠᠰᠤᠨ ᠳᠤ ᠦᠯᠤ | ᠬᠥᠷᠦᠭᠰᠡᠳ ᠲᠤ ᠴᠢᠭᠯᠡᠭᠦᠯᠦᠨ ᠵᠣᠬᠢᠴᠠᠩᠭᠤᠢ ᠴᠠᠭ ᠤᠨ ᠬᠠᠮᠢᠶᠠᠷᠤᠯᠲᠠ᠂ ᠡᠷᠬᠡ ᠶᠢᠨ ᠬᠡᠪᠴᠢᠶ᠎ᠡ ᠶᠢᠨ ᠬᠠᠮᠢᠶᠠᠷᠤᠯᠲᠠ | ᠂ ᠬᠡᠷᠡᠭᠯᠡᠭᠡᠨ ᠤ ᠬᠠᠮᠢᠶᠠᠷᠤᠯᠲᠠ ᠵᠡᠷᠭᠡ ᠴᠢᠳᠠᠮᠵᠢ ᠲᠤᠬᠢᠷᠠᠭᠤᠯᠵᠤ᠂ ᠳᠠᠩᠰᠠᠯᠠᠭᠤᠯᠬᠤ᠂ ᠳᠠᠩᠰᠠᠯᠠᠬᠤ ᠵᠡᠷᠭᠡ | ᠭᠤᠭᠴᠤᠭ᠎ᠠ ᠳᠤ ᠬᠡᠷᠡᠭᠯᠡᠭᠴᠢ ᠶᠢᠨ ᠬᠢᠨᠠᠨ ᠰᠢᠯᠭᠠᠯᠲᠠ ᠶᠢ ᠴᠢᠩᠭ᠎ᠠ ᠶᠠᠪᠤᠭᠤᠯᠵᠤ᠂ ᠨᠠᠰᠤᠨ ᠳᠤ ᠦᠯᠤ | ᠬᠥᠷᠦᠭᠰᠡᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠤ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠡᠵᠡᠩᠨᠡᠭᠴᠢᠳ ᠬᠡᠯᠪᠡᠷᠢᠵᠢᠭᠰᠡᠨ ᠵᠦᠢᠯ ᠵᠤᠷᠪᠤᠰ ᠢ ᠬᠡᠷᠡᠭᠯᠡᠬᠦ ᠳᠡᠭᠡᠨ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠲᠣᠭᠲᠠᠭᠠᠯ ᠢ | ᠵᠢᠷᠤᠮᠯᠠᠬᠤ ᠬᠡᠷᠡᠭᠲᠡᠢ᠃ ᠡᠵᠡᠩᠨᠡᠭᠴᠢᠳ ᠬᠡᠯᠪᠡᠷᠢᠵᠢᠭᠰᠡᠨ ᠵᠦᠢᠯ ᠵᠤᠷᠪᠤᠰ ᠢ ᠠᠰᠢᠭᠯᠠᠨ ᠥᠪᠡᠷ ᠤᠨ | ᠬᠠᠷᠢᠭᠤᠴᠠᠯᠭ᠎ᠠ ᠪᠠᠨ ᠵᠦᠢ ᠵᠤᠬᠢᠰ ᠦᠭᠡᠢ ᠪᠠᠷ ᠬᠡᠯᠲᠦᠷᠢᠭᠦᠯᠬᠦ ᠪᠤᠶᠤ ᠬᠥᠩᠭᠡᠷᠡᠭᠦᠯᠵᠦ᠂ ᠬᠡᠷᠡᠭᠯᠡᠭᠴᠢᠳ ᠤᠨ | ᠬᠠᠷᠢᠭᠤᠴᠠᠯᠭ᠎ᠠ ᠶᠢ ᠬᠦᠨᠳᠦᠷᠡᠭᠦᠯᠬᠦ ᠪᠤᠶᠤ ᠬᠡᠷᠡᠭᠯᠡᠭᠴᠢᠳ ᠤᠨ ᠭᠡᠷ᠎ᠡ ᠶᠢ ᠬᠠᠤᠯᠢ ᠶᠣᠰᠣᠭᠠᠷ ᠬᠤᠪᠢᠷᠠᠭᠤᠯᠬᠤ ᠪᠤᠶᠤ | ᠴᠤᠴᠠᠯᠬᠤ᠂ ᠬᠡᠷᠡᠭᠯᠡᠭᠡᠨ ᠤ ᠮᠠᠷᠭᠤᠯᠳᠤᠭᠠᠨ ᠢ ᠵᠠᠷᠭᠤᠯᠳᠤᠬᠤ ᠪᠤᠶᠤ ᠬᠥᠨᠳᠡᠯᠡᠨ ᠠᠴᠠ ᠲᠠᠰᠤᠯᠬᠤ ᠶᠢ ᠰᠣᠩᠭᠤᠬᠤ᠂ | ᠪᠤᠰᠤᠳ ᠡᠵᠡᠩᠨᠡᠭᠴᠢ ᠶᠢ ᠰᠣᠩᠭᠤᠬᠤ ᠲᠠᠸᠠᠷ ᠪᠤᠶᠤ ᠦᠢᠯᠡᠴᠢᠯᠡᠭᠡ ᠵᠡᠷᠭᠡ ᠡᠷᠬᠡ ᠶᠢ ᠬᠢᠵᠠᠭᠠᠷᠯᠠᠵᠤ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠡᠵᠡᠩᠨᠡᠭᠴᠢᠳ ᠪᠠ ᠬᠡᠷᠡᠭᠯᠡᠭᠴᠢᠳ ᠤᠨ ᠪᠣᠯᠵᠣᠨ ᠲᠣᠭᠲᠠᠭᠰᠠᠨ ᠪᠠᠷᠠᠭ᠎ᠠ ᠪᠤᠴᠠᠭᠠᠬᠤ | ᠂ ᠰᠣᠯᠢᠬᠤ᠂ ᠰᠡᠯᠪᠢᠨ ᠵᠠᠰᠠᠬᠤ ᠵᠡᠷᠭᠡ ᠡᠭᠦᠷᠭᠡ ᠡᠭᠦᠷᠭᠡᠯᠡᠬᠦ ᠬᠦᠴᠦᠨ ᠲᠠᠢ ᠬᠤᠭᠤᠴᠠᠭ᠎ᠠ ᠨᠢ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠠᠴᠠ ᠳᠣᠣᠷ᠎ᠠ ᠪᠠᠶᠢᠵᠤ ᠪᠣᠯᠬᠤ ᠦᠭᠡᠢ᠃ ᠬᠦᠴᠦᠨ ᠲᠠᠢ | ᠬᠤᠭᠤᠴᠠᠭ᠎ᠠ ᠶᠢ ᠡᠵᠡᠩᠨᠡᠭᠴᠢ ᠠᠴᠠ ᠬᠡᠷᠡᠭᠯᠡᠭᠴᠢᠳ ᠲᠤ ᠲᠠᠸᠠᠷ ᠲᠤᠰᠢᠶᠠᠨ ᠥᠭᠭᠦᠭᠰᠡᠨ ᠪᠤᠶᠤ ᠦᠢᠯᠡᠴᠢᠯᠡᠭᠡ | ᠬᠠᠩᠭᠠᠵᠤ ᠳᠠᠭᠤᠰᠤᠭᠰᠠᠨ ᠡᠳᠦᠷ ᠠᠴᠠ ᠡᠬᠢᠯᠡᠵᠦ ᠪᠤᠳᠤᠨ᠎ᠠ᠂ ᠡᠵᠡᠩᠨᠡᠭᠴᠢ ᠠᠴᠠ ᠠᠰᠲᠠᠭᠠᠨ ᠤᠭᠰᠠᠷᠠᠬᠤ | ᠴᠢᠬᠤᠯᠠᠲᠠᠢ ᠲᠠᠸᠠᠷ ᠤᠨ ᠬᠦᠴᠦᠨ ᠲᠠᠢ ᠬᠤᠭᠤᠴᠠᠭ᠎ᠠ ᠶᠢ ᠲᠠᠸᠠᠷ ᠤᠭᠰᠠᠷᠠᠵᠤ ᠳᠠᠭᠤᠰᠤᠭᠰᠠᠨ ᠡᠳᠦᠷ ᠠᠴᠠ ᠡᠬᠢᠯᠡᠵᠦ | ᠪᠤᠳᠤᠨ᠎ᠠ᠃ ᠡᠵᠡᠩᠨᠡᠭᠴᠢᠳ ᠬᠡᠷᠡᠭᠯᠡᠭᠴᠢᠳ ᠲᠤ ᠰᠣᠯᠢᠬᠤ ᠡᠭᠦᠷᠭᠡ ᠭᠦᠢᠴᠡᠳᠬᠡᠭᠰᠡᠨ ᠤ ᠳᠠᠷᠠᠭ᠎ᠠ ᠰᠣᠯᠢᠬᠤ᠂ | ᠰᠡᠯᠪᠢᠨ ᠵᠠᠰᠠᠬᠤ ᠵᠡᠷᠭᠡ ᠡᠭᠦᠷᠭᠡ ᠡᠭᠦᠷᠭᠡᠯᠡᠬᠦ ᠬᠦᠴᠦᠨ ᠲᠠᠢ ᠬᠤᠭᠤᠴᠠᠭ᠎ᠠ ᠶᠢ ᠰᠣᠯᠢᠵᠤ ᠳᠠᠭᠤᠰᠤᠭᠰᠠᠨ ᠡᠳᠦᠷ ᠠᠴᠠ | ᠡᠬᠢᠯᠡᠵᠦ ᠳᠠᠭᠢᠵᠤ ᠪᠤᠳᠤᠨ᠎ᠠ᠃ ᠡᠵᠡᠩᠨᠡᠭᠴᠢ ᠶᠢᠨ ᠰᠡᠯᠪᠢᠨ ᠵᠠᠰᠠᠭᠰᠠᠨ ᠴᠠᠭ ᠢ ᠳᠡᠭᠡᠷ᠎ᠡ ᠳᠤᠷᠠᠳᠤᠭᠰᠠᠨ | ᠬᠦᠴᠦᠨ ᠲᠠᠢ ᠬᠤᠭᠤᠴᠠᠭ᠎ᠠ ᠳᠤ ᠪᠤᠳᠤᠵᠤ ᠣᠷᠣᠭᠤᠯᠬᠤ ᠦᠭᠡᠢ᠃ | ᠡᠵᠡᠩᠨᠡᠭᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠤᠶᠤ ᠬᠡᠷᠡᠭᠯᠡᠭᠴᠢᠳ ᠯᠦᠭᠡ ᠪᠣᠯᠵᠣᠨ ᠲᠣᠭᠲᠠᠭᠰᠠᠨ | ᠶᠣᠰᠣᠭᠠᠷ ᠪᠠᠷᠠᠭ᠎ᠠ ᠪᠤᠴᠠᠭᠠᠬᠤ ᠡᠭᠦᠷᠭᠡ ᠪᠠᠨ ᠭᠦᠢᠴᠡᠳᠬᠡᠭᠰᠡᠨ ᠪᠠᠶᠢᠪᠠᠯ᠂ ᠪᠠᠷᠢᠮᠲᠠ ᠵᠡᠷᠭᠡ ᠪᠠᠷᠠᠭ᠎ᠠ ᠬᠤᠳᠠᠯᠳᠤᠨ | ᠠᠪᠤᠭᠰᠠᠨ ᠭᠡᠷᠡᠴᠢ ᠪᠠᠷᠢᠮᠲᠠ ᠪᠤᠶᠤ ᠦᠢᠯᠡᠴᠢᠯᠡᠭᠡᠨ ᠤ ᠪᠠᠷᠢᠮᠲᠠ ᠳᠡᠭᠡᠷ᠎ᠡ ᠢᠯᠡᠷᠡᠭᠰᠡᠨ ᠦᠨ᠎ᠡ ᠬᠠᠩᠰᠢ ᠶᠣᠰᠣᠭᠠᠷ | ᠬᠤᠯᠪᠣᠭᠳᠠᠯ ᠪᠦᠬᠦᠢ ᠵᠣᠭᠤᠰ ᠢ ᠨᠢᠭᠡ ᠯᠡ ᠤᠳᠠᠭ᠎ᠠ ᠳᠤ ᠪᠤᠴᠠᠭᠠᠵᠤ ᠳᠠᠭᠤᠰᠬᠠᠬᠤ ᠬᠡᠷᠡᠭᠲᠡᠢ᠃ ᠡᠵᠡᠩᠨᠡᠭᠴᠢᠳ | ᠬᠡᠷᠡᠭᠯᠡᠭᠴᠢᠳ ᠤᠨ ᠪᠣᠳᠠᠲᠠᠶ ᠳᠥᠯᠥᠭᠰᠡᠨ ᠦᠨ᠎ᠡ ᠬᠠᠩᠰᠢ ᠨᠢ ᠪᠠᠷᠢᠮᠲᠠ ᠵᠡᠷᠭᠡ ᠪᠠᠷᠠᠭ᠎ᠠ ᠬᠤᠳᠠᠯᠳᠤᠨ ᠠᠪᠤᠭᠰᠠᠨ | ᠭᠡᠷᠡᠴᠢ ᠪᠤᠶᠤ ᠦᠢᠯᠡᠴᠢᠯᠡᠭᠡᠨ ᠤ ᠪᠠᠷᠢᠮᠲᠠ ᠳᠡᠭᠡᠷ᠎ᠡ ᠢᠯᠡᠷᠡᠭᠰᠡᠨ ᠦᠨ᠎ᠡ ᠬᠠᠩᠰᠢ ᠲᠠᠢ ᠨᠢᠭᠡᠳᠦᠯ ᠦᠭᠡᠶ ᠪᠠᠶᠢᠬᠤ ᠶᠢ | ᠭᠡᠷᠡᠴᠢᠯᠡᠵᠦ ᠴᠢᠳᠠᠪᠠᠯ᠂ ᠬᠡᠷᠡᠭᠯᠡᠭᠴᠢᠳ ᠤᠨ ᠪᠣᠳᠠᠲᠠᠶ ᠳᠥᠯᠥᠭᠰᠡᠨ ᠦᠨ᠎ᠡ ᠬᠠᠩᠰᠢ ᠶᠣᠰᠣᠭᠠᠷ ᠬᠤᠯᠪᠣᠭᠳᠠᠯ ᠪᠦᠬᠦᠢ | ᠵᠣᠭᠤᠰ ᠢ ᠪᠤᠴᠠᠭᠠᠵᠤ ᠥᠭᠭᠦᠨ᠎ᠡ᠃ | ᠠᠷᠪᠠ ᠶᠢᠰᠦᠳᠦᠭᠡᠷ ᠵᠦᠢᠯ ᠡᠵᠡᠩᠨᠡᠭᠴᠢᠳ ᠰᠦᠯᠵᠢᠶ᠎ᠡ᠂ ᠲᠧᠯᠸᠢᠰ᠂ ᠳ᠋ᠢᠶᠠᠩᠬᠤᠸᠠ᠂ ᠰᠢᠦᠳᠠᠨ ᠢᠶᠠᠷ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠲᠠᠸᠠᠷ ᠪᠣᠷᠣᠯᠠᠭᠤᠯᠬᠤ ᠳᠠᠭᠠᠨ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠬᠠᠤᠯᠢ ᠶᠢᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠂ ᠰᠢᠯᠲᠠᠭᠠᠨ | ᠦᠭᠡᠢ ᠪᠠᠷ ᠪᠠᠷᠠᠭ᠎ᠠ ᠪᠤᠴᠠᠭᠠᠬᠤ ᠳᠤ ᠦᠯᠦ ᠬᠡᠷᠡᠭᠯᠡᠬᠦ ᠲᠠᠸᠠᠷ ᠤᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ | ᠪᠣᠯᠬᠤ ᠦᠭᠡᠢ᠃ | ᠡᠵᠡᠩᠨᠡᠭᠴᠢᠳ ᠤᠴᠢᠷ ᠰᠢᠯᠲᠠᠭᠠᠨ ᠦᠭᠡᠶ ᠪᠠᠷ ᠪᠤᠴᠠᠭᠠᠬᠤ ᠶᠢ ᠥᠯᠥ ᠬᠡᠷᠡᠭᠯᠡᠬᠦ ᠲᠠᠸᠠᠷ ᠲᠤ ᠢᠯᠡᠷᠬᠡᠶ ᠠᠷᠭ᠎ᠠ | ᠮᠠᠶ᠋ᠢᠭ ᠢᠶᠠᠷ ᠲᠠᠶᠢᠯᠪᠤᠷᠢ ᠬᠠᠳᠠᠵᠤ᠂ ᠬᠡᠷᠡᠭᠯᠡᠭᠴᠢᠳ ᠬᠤᠳᠠᠯᠳᠤᠨ ᠠᠪᠬᠤ ᠳᠠᠭᠠᠨ ᠨᠤᠲᠠᠯᠠᠬᠤ ᠶᠢ ᠰᠠᠨᠠᠭᠤᠯᠵᠤ᠂ | ᠤᠴᠢᠷ ᠰᠢᠯᠲᠠᠭᠠᠨ ᠦᠭᠡᠶ ᠪᠠᠷ ᠪᠤᠴᠠᠭᠠᠬᠤ ᠶᠢ ᠬᠡᠷᠡᠭᠯᠡᠭᠴᠢᠳ ᠤᠨ ᠳᠤᠭᠤᠶ ᠵᠥᠪᠰᠢᠶᠡᠷᠡᠭᠰᠡᠨ ᠰᠣᠩᠭᠤᠯᠲᠠ ᠶᠢᠨ | ᠵᠦᠢᠯ ᠪᠣᠯᠭᠠᠵᠤ ᠪᠣᠯᠬᠤ ᠦᠭᠡᠶ᠃ ᠬᠡᠷᠡᠭᠯᠡᠭᠴᠢᠳ ᠢᠶᠠᠷ ᠨᠤᠲᠠᠯᠠᠭᠤᠯᠤᠭᠰᠠᠨ ᠦᠭᠡᠶ ᠪᠣᠯ ᠡᠵᠡᠩᠨᠡᠭᠴᠢ ᠰᠢᠯᠲᠠᠭᠠᠨ | ᠦᠭᠡᠶ ᠪᠠᠷ ᠪᠠᠷᠠᠭ᠎ᠠ ᠪᠤᠴᠠᠭᠠᠬᠤ ᠶᠢ ᠲᠡᠪᠴᠢᠵᠦ ᠪᠣᠯᠬᠤ ᠦᠭᠡᠶ᠃ | ᠬᠡᠷᠡᠭᠯᠡᠭᠴᠢᠳ ᠤᠨ ᠪᠤᠴᠠᠭᠠᠭᠰᠠᠨ ᠲᠠᠸᠠᠷ ᠨᠢ ᠪᠦᠷᠢᠨ ᠪᠦᠲᠦᠨ ᠪᠠᠶᠢᠬᠤ ᠬᠡᠷᠡᠭᠲᠡᠶ᠃ ᠬᠡᠷᠡᠭᠯᠡᠭᠴᠢᠳ ᠪᠠᠶᠢᠴᠠᠭᠠᠨ | ᠰᠢᠯᠭᠠᠬᠤ ᠳᠤ ᠰᠠᠭᠤᠷᠢᠯᠠᠨ ᠲᠠᠸᠠᠷ ᠤᠨ ᠪᠣᠭᠤᠳᠠᠯ ᠪᠠᠭᠯᠠᠭ᠎ᠠ ᠶᠢ ᠨᠡᠭᠡᠭᠡᠬᠦ ᠴᠢᠬᠤᠯᠠᠲᠠᠢ᠂ ᠡᠰᠡᠬᠦᠯ᠎ᠡ ᠲᠠᠸᠠᠷ ᠤᠨ ᠶᠠᠰᠤ | ᠴᠢᠨᠠᠷ ᠪᠠ ᠴᠢᠳᠠᠮᠵᠢ ᠶᠢ ᠨᠤᠲᠠᠯᠠᠬᠤ ᠶᠢᠨ ᠲᠥᠯᠥᠭᠡ ᠵᠦᠢ ᠵᠣᠬᠢᠰᠲᠠᠢ ᠲᠤᠬᠢᠷᠠᠭᠤᠯᠤᠨ ᠲᠤᠷᠰᠢᠭᠠᠳ ᠲᠠᠸᠠᠷ ᠤᠨ | ᠤᠤᠯ ᠤᠨ ᠶᠠᠰᠤ ᠴᠢᠨᠠᠷ᠂ ᠴᠢᠳᠠᠮᠵᠢ ᠪᠠ ᠭᠠᠳᠠᠷ ᠪᠠᠶᠢᠳᠠᠯ ᠢ ᠨᠥᠯᠥᠭᠡᠯᠡᠬᠦ ᠦᠭᠡᠢ ᠪᠠᠶᠢᠪᠠᠯ᠂ ᠡᠵᠡᠩᠨᠡᠭᠴᠢ | ᠪᠠᠷᠠᠭ᠎ᠠ ᠶᠢ ᠨᠢ ᠪᠤᠴᠠᠭᠠᠬᠤ ᠬᠡᠷᠡᠭᠲᠡᠢ᠃ | ᠬᠡᠷᠡᠭᠯᠡᠭᠴᠢᠳ ᠰᠢᠯᠲᠠᠭᠠᠨ ᠥᠬᠡᠶ ᠪᠠᠷ ᠪᠠᠷᠠᠭ᠎ᠠ ᠪᠤᠴᠠᠭᠠᠬᠤ ᠳᠠᠭᠠᠨ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ | ᠵᠢᠷᠤᠮᠯᠠᠬᠤ ᠬᠡᠷᠡᠭᠲᠡᠶ᠂ ᠰᠢᠯᠲᠠᠭᠠᠨ ᠥᠬᠡᠶ ᠪᠠᠷ ᠪᠠᠷᠠᠭ᠎ᠠ ᠪᠤᠴᠠᠭᠠᠬᠤ ᠲᠦᠷᠢᠮ ᠢ ᠠᠰᠢᠭᠯᠠᠨ ᠡᠵᠡᠩᠨᠡᠭᠴᠢ ᠪᠠ ᠪᠤᠰᠤᠳ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠶ᠃ | ᠬᠤᠷᠢᠳᠤᠭᠠᠷ ᠵᠦᠢᠯ ᠡᠵᠡᠩᠨᠡᠭᠴᠢᠳ ᠲᠠᠸᠠᠷ ᠪᠤᠶᠤ ᠦᠢᠯᠡᠴᠢᠯᠡᠭᠡ ᠬᠠᠩᠭᠠᠬᠤ ᠳᠠᠭᠠᠨ ᠪᠠᠷᠢᠴᠠᠭᠠᠨ ᠤ ᠮᠥᠩᠭᠦ | ᠬᠤᠷᠢᠶᠠᠬᠤ ᠳᠤ᠂ ᠤᠷᠢᠳᠠᠪᠠᠷ ᠬᠡᠷᠡᠭᠯᠡᠭᠴᠢᠳ ᠲᠠᠢ ᠪᠠᠷᠢᠴᠠᠭᠠᠨ ᠤ ᠮᠥᠩᠭᠦ ᠪᠤᠴᠠᠭᠠᠬᠤ ᠠᠷᠭ᠎ᠠ ᠮᠠᠶ᠋ᠢᠭ᠂ ᠵᠢᠷᠤᠮ ᠪᠠ | ᠴᠠᠭ ᠤᠨ ᠬᠢᠵᠠᠭᠠᠷ ᠢ ᠪᠣᠯᠵᠣᠨ ᠲᠣᠭᠲᠠᠬᠤ ᠬᠡᠷᠡᠭᠲᠡᠢ᠂ ᠪᠠᠷᠢᠴᠠᠭᠠᠨ ᠤ ᠮᠥᠩᠭᠦ ᠪᠤᠴᠠᠭᠠᠬᠤ ᠳᠤ ᠵᠦᠢ ᠵᠤᠬᠢᠰ ᠦᠭᠡᠢ | ᠨᠥᠬᠦᠴᠡᠯ ᠲᠣᠭᠲᠠᠭᠠᠵᠤ ᠪᠣᠯᠬᠤ ᠦᠭᠡᠢ᠃ | ᠬᠡᠷᠡᠭᠯᠡᠭᠴᠢᠳ ᠪᠠᠷᠢᠴᠠᠭᠠᠨ ᠤ ᠮᠥᠩᠭᠦ ᠪᠠᠨ ᠪᠤᠴᠠᠭᠠᠨ ᠠᠪᠬᠤ ᠪᠠᠷ ᠱᠠᠭᠠᠷᠳᠠᠵᠤ᠂ ᠪᠠᠷᠢᠴᠠᠭᠠᠨ ᠤ ᠮᠥᠩᠭᠦ ᠪᠠᠨ | ᠪᠤᠴᠠᠭᠠᠨ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠡᠵᠡᠩᠨᠡᠭᠴᠢ ᠴᠠᠭ ᠲᠤᠬᠠᠶ ᠳᠤᠨᠢ ᠪᠤᠴᠠᠭᠠᠨ ᠥᠭᠬᠦ ᠬᠡᠷᠡᠭᠲᠡᠶ | ᠃ | ᠬᠤᠷᠢᠨ ᠨᠢᠭᠡᠳᠦᠭᠡᠷ ᠵᠦᠢᠯ ᠡᠵᠡᠩᠨᠡᠭᠴᠢ ᠠᠵᠢᠯ ᠢᠶᠠᠨ ᠵᠣᠭᠰᠣᠭᠠᠬᠤ ᠪᠤᠶᠤ ᠦᠢᠯᠡᠴᠢᠯᠡᠭᠡᠨ ᠤ ᠲᠠᠯᠠᠪᠤᠷ | ᠭᠠᠵᠠᠷ ᠢᠶᠠᠨ ᠨᠡᠭᠦᠯᠭᠡᠬᠦ ᠪᠠᠷ ᠲᠣᠭᠲᠠᠭᠰᠠᠨ ᠪᠠᠶᠢᠪᠠᠯ᠂ 30 ᠡᠳᠦᠷ ᠤᠨ ᠡᠮᠦᠨ᠎ᠡ ᠲᠡᠭᠦᠨ ᠤ ᠡᠵᠡᠩᠨᠡᠯᠲᠡ ᠶᠢᠨ | ᠲᠠᠯᠠᠪᠤᠷ ᠭᠠᠵᠠᠷ᠂ ᠰᠦᠯᠵᠢᠶᠡᠨ ᠥᠷᠲᠡᠭᠡ᠂ ᠰᠦᠯᠵᠢᠶᠡᠨ ᠳᠡᠯᠭᠡᠭᠦᠷ ᠤᠨ ᠲᠦᠷᠦᠭᠦᠦ ᠨᠢᠭᠤᠷ ᠵᠡᠷᠭᠡ ᠶᠢᠨ ᠢᠯᠡ | ᠪᠠᠶᠢᠷᠢᠨ ᠳᠤ ᠡᠵᠡᠩᠨᠡᠭᠴᠢ ᠶᠢᠨ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠵᠠᠷᠯᠠᠨ | ᠨᠡᠶᠢᠲᠡᠯᠡᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠡᠵᠡᠩᠨᠡᠭᠴᠢᠳ ᠤᠷᠢᠳᠴᠢᠯᠠᠨ ᠥᠭᠬᠦ ᠵᠣᠭᠤᠰ ᠬᠤᠷᠢᠶᠠᠬᠤ ᠬᠡᠯᠪᠡᠷᠢ ᠪᠠᠷ ᠲᠠᠸᠠᠷ | ᠪᠤᠶᠤ ᠦᠢᠯᠡᠴᠢᠯᠡᠭᠡ ᠬᠠᠩᠭᠠᠬᠤ ᠳᠠᠭᠠᠨ ᠬᠡᠷᠡᠭᠯᠡᠭᠴᠢᠳ ᠲᠠᠢ ᠪᠢᠴᠢᠭ ᠤᠨ ᠭᠡᠷ᠎ᠡ ᠲᠣᠭᠲᠠᠭᠠᠵᠤ᠂ ᠲᠠᠸᠠᠷ ᠪᠤᠶᠤ | ᠦᠢᠯᠡᠴᠢᠯᠡᠭᠡ ᠶᠢᠨ ᠪᠣᠳᠠᠲᠠᠢ ᠠᠭᠤᠯᠭ᠎ᠠ᠂ ᠦᠨ᠎ᠡ ᠶᠢᠨ ᠵᠣᠭᠤᠰ ᠪᠤᠶᠤ ᠵᠠᠷᠤᠳᠠᠯ᠂ ᠤᠷᠢᠳᠴᠢᠯᠠᠨ ᠥᠭᠬᠦ ᠵᠣᠭᠤᠰ ᠢ | ᠪᠤᠴᠠᠭᠠᠬᠤ ᠠᠷᠭ᠎ᠠ ᠮᠠᠶ᠋ᠢᠭ᠂ ᠪᠣᠯᠵᠤᠭ᠎ᠠ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯᠡᠰ ᠢ ᠪᠣᠯᠵᠣᠨ ᠲᠣᠭᠲᠠᠭᠠᠬᠤ | ᠬᠡᠷᠡᠭᠲᠡᠢ᠃ | ᠡᠵᠡᠩᠨᠡᠭᠴᠢ ᠤᠷᠢᠳᠴᠢᠯᠠᠨ ᠥᠭᠬᠦ ᠵᠣᠭᠤᠰ ᠢ ᠬᠤᠷᠢᠶᠠᠭᠰᠠᠨ ᠤ ᠲᠠᠷᠠᠭ᠎ᠠ᠂ ᠬᠡᠷᠡᠭᠯᠡᠭᠴᠢᠳ ᠯᠦᠭᠡ ᠪᠣᠯᠵᠣᠨ | ᠲᠣᠭᠲᠠᠭᠰᠠᠨ ᠶᠣᠰᠣᠭᠠᠷ ᠲᠠᠸᠠᠷ ᠪᠤᠶᠤ ᠦᠢᠯᠡᠴᠢᠯᠡᠭᠡ ᠬᠠᠩᠭᠠᠬᠤ ᠬᠡᠷᠡᠭᠲᠡᠢ᠂ ᠲᠠᠸᠠᠷ ᠪᠤᠶᠤ ᠦᠢᠯᠡᠴᠢᠯᠡᠭᠡᠨ ᠤ ᠶᠠᠰᠤ | ᠴᠢᠨᠠᠷ ᠢ ᠪᠠᠭᠤᠷᠠᠭᠤᠯᠵᠤ ᠪᠣᠯᠬᠤ ᠦᠭᠡᠢ᠂ ᠳᠤᠷ᠎ᠠ ᠪᠠᠷ ᠢᠶᠠᠨ ᠦᠨ᠎ᠡ ᠨᠡᠮᠡᠵᠦ ᠪᠣᠯᠬᠤ ᠦᠭᠡᠢ᠃ ᠡᠵᠡᠩᠨᠡᠭᠴᠢᠳ | ᠪᠣᠯᠵᠤᠭ᠎ᠠ ᠶᠣᠰᠣᠭᠠᠷ ᠢᠶᠠᠨ ᠲᠠᠸᠠᠷ ᠪᠤᠶᠤ ᠦᠢᠯᠡᠴᠢᠯᠡᠭᠡ ᠬᠠᠩᠭᠠᠭᠰᠠᠨ ᠦᠭᠡᠶ ᠪᠠᠶᠢᠪᠠᠯ ᠬᠡᠷᠡᠭᠯᠡᠭᠴᠢᠳ ᠤᠨ | ᠱᠠᠭᠠᠷᠳᠠᠯᠭ᠎ᠠ ᠶᠣᠰᠣᠭᠠᠷ ᠪᠣᠯᠵᠤᠭ᠎ᠠ ᠪᠠᠨ ᠭᠦᠢᠴᠡᠳᠬᠡᠬᠦ ᠪᠤᠶᠤ ᠤᠷᠢᠳᠴᠢᠯᠠᠨ ᠲᠤᠰᠢᠶᠠᠭᠰᠠᠨ ᠵᠣᠭᠤᠰ ᠢ ᠨᠢ | ᠪᠤᠴᠠᠭᠠᠵᠤ ᠥᠭᠬᠦ ᠬᠡᠷᠡᠭᠲᠡᠶ᠃ | ᠡᠵᠡᠩᠨᠡᠭᠴᠢ ᠳᠤ ᠬᠦᠨᠳᠦ ᠶᠡᠭᠡ ᠡᠵᠡᠩᠨᠡᠯᠲᠡ ᠶᠢᠨ ᠠᠶᠤᠯ ᠲᠦᠭᠰᠢᠭᠦᠷᠢ ᠭᠠᠷᠴᠤ᠂ ᠡᠵᠡᠩᠨᠡᠭᠴᠢ ᠶᠢᠨ ᠭᠡᠷ᠎ᠡ ᠶᠢᠨ | ᠪᠣᠯᠵᠣᠯ ᠪᠤᠶᠤ ᠠᠷᠠᠯᠵᠢᠶᠠᠨ ᠤ ᠵᠤᠷᠰᠢᠯ ᠶᠣᠰᠣᠭᠠᠷ ᠲᠠᠸᠠᠷ ᠪᠤᠶᠤ ᠦᠢᠯᠡᠴᠢᠯᠡᠭᠡ ᠬᠠᠩᠭᠠᠬᠤ ᠶᠢ ᠨᠥᠯᠥᠭᠡᠯᠡᠵᠦ | ᠮᠡᠳᠡᠬᠦ ᠳᠤ ᠬᠦᠷᠪᠡᠯ᠂ ᠤᠷᠢᠳᠴᠢᠯᠠᠨ ᠲᠤᠰᠢᠶᠠᠭᠰᠠᠨ ᠵᠣᠭᠤᠰ ᠬᠤᠷᠢᠶᠠᠬᠤ ᠪᠠᠨ ᠵᠣᠭᠰᠣᠬᠤ ᠬᠡᠷᠡᠭᠲᠡᠢ᠃ | ᠡᠵᠡᠩᠨᠡᠭᠴᠢᠳ ᠠᠵᠢᠯ ᠢᠶᠠᠨ ᠵᠣᠭᠰᠣᠭᠠᠬᠤ ᠪᠤᠶᠤ ᠦᠢᠯᠡᠴᠢᠯᠡᠭᠡᠨ ᠤ ᠲᠠᠯᠠᠪᠤᠷ ᠢᠶᠠᠨ ᠨᠡᠭᠦᠯᠭᠡᠬᠦ ᠪᠠᠷ ᠲᠣᠭᠲᠠᠭᠰᠠᠨ | ᠪᠠᠶᠢᠪᠠᠯ᠂ ᠬᠡᠷᠡᠭᠯᠡᠭᠴᠢᠳ ᠲᠤ ᠤᠷᠢᠳᠴᠢᠯᠠᠨ ᠮᠡᠳᠡᠭᠳᠡᠬᠦ ᠶᠢᠨ ᠬᠠᠮᠲᠤ ᠲᠤᠰ ᠳᠦᠷᠢᠮ ᠤᠨ ᠬᠤᠷᠢᠨ ᠨᠢᠭᠡᠳᠦᠭᠡᠷ | ᠵᠦᠢᠯ ᠳᠤ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠬᠡᠷᠡᠭᠲᠡᠶ᠃ ᠬᠡᠷᠡᠭᠯᠡᠭᠴᠢᠳ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠪᠤᠶᠤ ᠭᠡᠷ᠎ᠡ ᠶᠢᠨ ᠪᠣᠯᠵᠣᠯ ᠶᠣᠰᠣᠭᠠᠷ᠂ ᠡᠵᠡᠩᠨᠡᠭᠴᠢᠳ ᠢᠶᠠᠷ ᠲᠠᠸᠠᠷ ᠪᠤᠶᠤ ᠦᠢᠯᠡᠴᠢᠯᠡᠭᠡ | ᠬᠠᠩᠭᠠᠬᠤ ᠡᠭᠦᠷᠭᠡ ᠪᠠᠨ ᠦᠷᠭᠦᠯᠵᠢᠯᠡᠨ ᠭᠦᠢᠴᠡᠳᠬᠡᠭᠦᠯᠬᠦ ᠪᠠᠷ ᠱᠠᠭᠠᠷᠳᠠᠬᠤ ᠪᠤᠶᠤ ᠬᠡᠷᠡᠭᠯᠡᠭᠡᠳᠦᠶ ᠤᠷᠢᠳᠴᠢᠯᠠᠨ | ᠲᠤᠰᠢᠶᠠᠭᠰᠠᠨ ᠵᠣᠭᠤᠰ ᠤᠨ ᠦᠯᠡᠳᠡᠪᠦᠷᠢ ᠶᠢ ᠪᠤᠴᠠᠭᠠᠯᠭᠠᠬᠤ ᠪᠠᠷ ᠱᠠᠭᠠᠷᠳᠠᠬᠤ ᠡᠷᠬᠡ ᠲᠠᠢ᠃ | ᠬᠤᠷᠢᠨ ᠭᠤᠷᠪᠠᠳᠤᠭᠠᠷ ᠵᠦᠢᠯ ᠡᠵᠡᠩᠨᠡᠭᠴᠢᠳ ᠬᠡᠷᠡᠭᠯᠡᠭᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢ | ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠡᠵᠡᠩᠨᠡᠭᠴᠢᠳ ᠲᠠᠸᠠᠷ ᠪᠤᠶᠤ ᠦᠢᠯᠡᠴᠢᠯᠡᠭᠡ ᠬᠠᠩᠭᠠᠬᠤ ᠳᠠᠭᠠᠨ | ᠬᠡᠷᠡᠭᠯᠡᠭᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠡᠲᠦᠷᠬᠡᠶ ᠴᠤᠭᠯᠠᠭᠤᠯᠵᠤ ᠪᠣᠯᠬᠤ ᠦᠭᠡᠶ᠂ ᠨᠢᠭᠡ ᠯᠡ | ᠤᠳᠠᠭ᠎ᠠ ᠳᠤ ᠬᠤᠷᠢᠶᠠᠩᠭᠤᠶᠢᠯᠠᠨ ᠡᠷᠬᠡ ᠣᠯᠭᠤᠬᠤ᠂ ᠳᠤᠭᠤᠶ ᠮᠡᠳᠡᠷᠡᠬᠦ ᠡᠷᠬᠡ ᠣᠯᠭᠤᠬᠤ ᠵᠡᠷᠭᠡ ᠠᠷᠭ᠎ᠠ ᠮᠠᠶ᠋ᠢᠭ ᠢᠶᠠᠷ | ᠬᠡᠷᠡᠭᠯᠡᠭᠴᠢᠳ ᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠡᠵᠡᠩᠨᠡᠯᠲᠡ ᠶᠢᠨ | ᠠᠵᠢᠯᠯᠠᠭ᠎ᠠ ᠲᠠᠢ ᠰᠢᠭᠤᠳ ᠬᠠᠷᠢᠴᠠᠭ᠎ᠠ ᠦᠭᠡᠶ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠵᠤ᠂ | ᠬᠡᠷᠡᠭᠯᠡᠬᠦ ᠶᠢ ᠨᠢ ᠵᠥᠪᠰᠢᠶᠡᠷᠡᠵᠦ ᠪᠣᠯᠬᠤ ᠦᠭᠡᠶ᠃ | ᠡᠵᠡᠩᠨᠡᠭᠴᠢᠳ ᠠᠴᠠ ᠬᠡᠷᠡᠭᠯᠡᠭᠴᠢᠳ ᠤᠨ ᠠᠮᠢᠳᠤ ᠪᠣᠳᠠᠰ ᠤᠨ ᠢᠯᠭᠠᠨ ᠲᠠᠨᠢᠯᠲᠠ᠂ ᠱᠠᠰᠢᠨ ᠰᠢᠲᠦᠯᠭᠡ᠂ | ᠣᠨᠴᠠᠭᠠᠶ ᠪᠡᠶ᠎ᠡ ᠬᠡᠮ᠂ ᠡᠮᠴᠢᠯᠡᠭᠡ ᠡᠷᠡᠭᠦᠯ ᠮᠡᠨᠳᠦ᠂ ᠮᠥᠩᠭᠦᠨ ᠭᠦᠢᠯᠭᠡᠭᠡᠨ ᠤ ᠳᠠᠩᠰᠠᠨ ᠡᠷᠦᠬᠡ᠂ ᠶᠠᠪᠤᠵᠤ | ᠰᠠᠭᠤᠭᠰᠠᠨ ᠵᠠᠮ ᠮᠥᠷ ᠵᠡᠷᠭᠡ ᠮᠡᠳᠡᠭᠡ ᠵᠠᠩᠭᠢ ᠵᠢᠴᠢ ᠪᠦᠬᠦᠯᠢ ᠠᠷᠪᠠᠨ ᠳᠥᠷᠪᠡᠨ ᠨᠠᠰᠤ ᠬᠦᠷᠦᠭᠡᠳᠦᠢ ᠨᠠᠰᠤᠨ ᠳᠤ | ᠥᠯᠥ ᠬᠦᠷᠦᠭᠰᠡᠳ ᠤᠨ ᠬᠤᠪᠢ ᠬᠥᠮᠦᠨ ᠤ ᠮᠡᠳᠡᠭᠡ ᠵᠠᠩᠭᠢ ᠵᠡᠷᠭᠡ ᠰᠡᠷᠭᠡᠭ ᠬᠤᠪᠢ ᠬᠥᠮᠦᠨ ᠤ ᠮᠡᠳᠡᠭᠡ ᠵᠠᠩᠭᠢ ᠶᠢ | ᠰᠢᠢᠳᠪᠦᠷᠢᠯᠡᠬᠦ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠡᠷᠡᠭᠯᠡᠭᠴᠢᠳ ᠤᠨ ᠵᠥᠪᠰᠢᠶᠡᠷᠡᠯ ᠤᠢᠭᠡᠢ ᠪᠠᠷ ᠡᠵᠡᠩᠨᠡᠭᠴᠢ ᠠᠴᠠ | ᠬᠡᠷᠡᠭᠯᠡᠭᠴᠢᠳ ᠲᠤ ᠬᠤᠳᠠᠯᠳᠤᠭᠠᠨ ᠤ ᠴᠢᠨᠠᠷᠲᠠᠢ ᠮᠡᠳᠡᠭᠡ ᠵᠠᠩᠭᠢ ᠶᠠᠪᠤᠭᠤᠯᠬᠤ ᠪᠤᠶᠤ ᠬᠤᠳᠠᠯᠳᠤᠭᠠᠨ ᠤ ᠴᠢᠨᠠᠷᠲᠠᠢ | ᠳ᠋ᠢᠶᠠᠩᠬᠤᠸᠠ ᠠᠪᠴᠤ ᠪᠣᠯᠬᠤ ᠤᠢᠭᠡᠢ᠃ ᠬᠡᠷᠡᠭᠯᠡᠭᠴᠢᠳ ᠬᠤᠳᠠᠯᠳᠤᠭᠠᠨ ᠤ ᠴᠢᠨᠠᠷᠲᠠᠶ ᠮᠡᠳᠡᠭᠡ ᠵᠠᠩᠭᠢ ᠪᠤᠶᠤ | ᠬᠤᠳᠠᠯᠳᠤᠭᠠᠨ ᠤ ᠴᠢᠨᠠᠷᠲᠠᠶ ᠳ᠋ᠢᠶᠠᠩᠬᠤᠸᠠ ᠶᠢ ᠬᠦᠯᠢᠶᠡᠨ ᠠᠪᠬᠤ ᠶᠢ ᠵᠥᠪᠰᠢᠶᠡᠷᠡᠪᠡᠯ᠂ ᠡᠵᠡᠩᠨᠡᠭᠴᠢ ᠲᠣᠳᠣᠷᠬᠠᠶ᠂ | ᠳᠥᠭᠦᠮ ᠳᠥᠲᠡ ᠬᠦᠴᠦᠨ ᠦᠭᠡᠶ ᠪᠣᠯᠭᠠᠬᠤ ᠠᠷᠭ᠎ᠠ ᠮᠠᠶ᠋ᠢᠭ ᠢ ᠬᠠᠩᠭᠠᠬᠤ ᠬᠡᠷᠡᠭᠲᠡᠶ᠃ ᠬᠡᠷᠡᠭᠯᠡᠭᠴᠢᠳ | ᠰᠣᠩᠭᠤᠬᠤ ᠪᠠᠨ ᠪᠤᠯᠢᠭᠰᠠᠨ ᠪᠠᠶᠢᠪᠠᠯ᠂ ᠡᠵᠡᠩᠨᠡᠭᠴᠢ ᠲᠡᠷᠡ ᠳᠠᠷᠤᠢ ᠳᠤᠨᠢ ᠬᠤᠳᠠᠯᠳᠤᠭᠠᠨ ᠤ ᠴᠢᠨᠠᠷᠲᠠᠢ ᠮᠡᠳᠡᠭᠡ | ᠵᠠᠩᠭᠢ ᠶᠠᠪᠤᠭᠤᠯᠬᠤ ᠪᠠᠨ ᠵᠣᠭᠰᠣᠬᠤ ᠪᠤᠶᠤ ᠬᠤᠳᠠᠯᠳᠤᠭᠠᠨ ᠤ ᠴᠢᠨᠠᠷᠲᠠᠢ ᠳ᠋ᠢᠶᠠᠩᠬᠤᠸᠠ ᠴᠣᠬᠢᠬᠤ ᠬᠡᠷᠡᠭᠲᠡᠢ᠃ | ᠭᠤᠷᠪᠠᠳᠤᠭᠠᠷ ᠪᠦᠯᠦᠭ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠤᠯᠤᠰ ᠠᠴᠠ ᠬᠠᠮᠠᠭᠠᠯᠠᠬᠤ | ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠠᠵᠢᠯ ᠢ ᠵᠢᠯᠣᠭᠤᠳᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠰᠢᠪᠠᠳᠠᠵᠤ ᠪᠠᠶᠢᠭᠠᠳ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠡᠷᠡᠭᠯᠡᠭᠴᠢᠳ ᠪᠣᠯᠤᠨ ᠡᠵᠡᠩᠨᠡᠭᠴᠢᠳ ᠤᠨ ᠬᠤᠭᠤᠷᠣᠨᠳᠣ ᠬᠡᠷᠡᠭᠯᠡᠭᠴᠢᠳ ᠤᠨ | ᠡᠷᠬᠡ ᠠᠰᠢᠭ ᠤᠨ ᠲᠤᠬᠠᠢ ᠮᠠᠷᠭᠤᠯᠳᠤᠭᠠᠨ ᠭᠠᠷᠤᠭᠰᠠᠨ ᠪᠠᠶᠢᠪᠠᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠵᠡᠭᠠᠯᠳᠦᠵᠦ | ᠪᠣᠯᠤᠨ᠎ᠠ᠃ | ᠪᠠᠶᠢᠭᠠᠯᠢ ᠬᠥᠮᠦᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠡᠵᠡᠩᠨᠡᠭᠴᠢ ᠶᠢᠨ ᠬᠠᠤᠯᠢ ᠶᠢ ᠵᠥᠷᠢᠴᠡᠭᠰᠡᠨ ᠰᠡᠵᠢᠭᠯᠡᠯᠲᠡᠢ ᠰᠦᠪᠡᠭᠴᠢ ᠶᠢ ᠢᠯᠡᠴᠢᠯᠡᠨ ᠮᠡᠳᠡᠭᠦᠯᠵᠦ᠂ | ᠲᠤᠰᠬᠠᠵᠤ ᠪᠣᠯᠤᠨ᠎ᠠ᠃ | ᠬᠤᠷᠢᠨ ᠳᠣᠯᠣᠳᠤᠭᠠᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ | ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠡᠷᠡᠭᠯᠡᠭᠴᠢᠳ ᠤᠨ ᠵᠠᠭᠠᠯᠳᠤᠬᠤ᠂ ᠢᠯᠡᠴᠢᠯᠡᠨ | ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠭᠠᠯᠳᠤᠬᠤ᠂ ᠢᠯᠡᠴᠢᠯᠡᠨ | ᠮᠡᠳᠡᠭᠦᠯᠬᠦ ᠶᠢ ᠰᠢᠢᠳᠪᠦᠷᠢᠯᠡᠬᠦ ᠶᠠᠪᠤᠴᠠ ᠶᠢ ᠲᠡᠭᠦᠯᠳᠡᠷᠵᠢᠭᠦᠯᠦᠨ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠠᠤᠯᠢ | ᠶᠣᠰᠣᠭᠠᠷ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠂ ᠵᠠᠭᠠᠯᠳᠤᠬᠤ᠂ ᠢᠯᠡᠴᠢᠯᠡᠨ ᠮᠡᠳᠡᠭᠦᠯᠬᠦ | ᠮᠡᠳᠡᠭᠡ ᠵᠠᠩᠭᠢ ᠶᠢ ᠵᠠᠳᠠᠯᠤᠨ ᠬᠡᠷᠡᠭᠯᠡᠬᠦ ᠪᠠᠨ ᠴᠢᠩᠭᠠᠳᠬᠠᠵᠤ᠂ ᠬᠡᠷᠡᠭᠯᠡᠭᠡ ᠶᠢ ᠤᠷᠢᠳᠴᠢᠯᠠᠨ ᠰᠡᠷᠡᠮᠵᠢᠯᠡᠭᠦᠯᠬᠦ ᠪᠠ | ᠲᠦᠭᠰᠢᠭᠦᠷᠢ ᠶᠢ ᠰᠠᠨᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃ | ᠵᠠᠭᠠᠯᠳᠤᠬᠤ᠂ ᠢᠯᠡᠴᠢᠯᠡᠨ ᠮᠡᠳᠡᠭᠦᠯᠬᠦ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ | ᠲᠣᠭᠲᠠᠭᠠᠯ ᠢ ᠵᠢᠷᠤᠮᠯᠠᠬᠤ ᠬᠡᠷᠡᠭᠲᠡᠢ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠠᠰᠢᠭᠯᠠᠨ ᠵᠦᠢ ᠪᠤᠰᠤ ᠠᠰᠢᠭ | ᠣᠯᠵᠤ᠂ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ᠂ ᠵᠠᠬ᠎ᠠ ᠳᠡᠯᠭᠡᠭᠦᠷ ᠤᠨ ᠠᠵᠤ | ᠠᠬᠤᠢ ᠶᠢᠨ ᠡᠮᠬᠢ ᠵᠢᠷᠤᠮ ᠢ ᠰᠠᠮᠠᠭᠤᠷᠠᠭᠤᠯᠵᠤ ᠪᠣᠯᠬᠤ ᠦᠭᠡᠢ᠃ | ᠬᠤᠷᠢᠨ ᠨᠠᠢᠮᠠᠳᠤᠭᠠᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ | ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯ ᠢ ᠴᠢᠩᠭᠠᠳᠬᠠᠵᠤ᠂ | ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠤᠰ ᠲᠤᠰ ᠤᠨ ᠢᠶᠠᠨ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠡᠵᠡᠩᠨᠡᠭᠴᠢ ᠶᠢᠨ ᠬᠠᠩᠭᠠᠭᠰᠠᠨ ᠲᠠᠸᠠᠷ ᠪᠣᠯᠤᠨ ᠦᠢᠯᠡᠴᠢᠯᠡᠭᠡ ᠳᠤ | ᠰᠣᠩᠭᠤᠨ ᠪᠠᠶᠢᠴᠠᠭᠠᠵᠤ ᠰᠢᠯᠭᠠᠨ ᠪᠠᠶᠢᠴᠠᠭᠠᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠶᠢ | ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠪᠤᠰᠤᠳ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠡᠷᠡᠭᠯᠡᠭᠡᠨ ᠤ ᠬᠦᠷᠢᠶᠡᠨ ᠳᠠᠬᠢ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ᠂ | ᠵᠠᠰᠠᠭ ᠵᠠᠬᠢᠷᠭᠠᠨ ᠤ ᠰᠢᠢᠳᠭᠡᠯ᠂ ᠰᠣᠩᠭᠤᠨ ᠪᠠᠶᠢᠴᠠᠭᠠᠵᠤ ᠰᠢᠯᠭᠠᠨ ᠪᠠᠶᠢᠴᠠᠭᠠᠭᠰᠠᠨ ᠦᠷ᠎ᠡ ᠳ᠋ᠦᠩ᠂ ᠬᠡᠷᠡᠭᠯᠡᠭᠡᠨ ᠤ | ᠵᠠᠭᠠᠯᠳᠤᠯᠭ᠎ᠠ ᠵᠡᠷᠭᠡ ᠮᠡᠳᠡᠭᠡ ᠵᠠᠩᠭᠢ ᠶᠢ ᠬᠠᠤᠯᠢ ᠶᠣᠰᠣᠭᠠᠷ ᠵᠠᠷᠯᠠᠨ ᠨᠡᠶᠢᠲᠡᠯᠡᠵᠦ᠂ ᠬᠠᠤᠯᠢ ᠶᠢ ᠵᠥᠷᠢᠴᠡᠵᠦ ᠢᠲᠡᠭᠡᠯ | ᠠᠯᠳᠠᠭᠰᠠᠨ ᠡᠵᠡᠩᠨᠡᠭᠴᠢ ᠶᠢ ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠬᠦ ᠬᠡᠷᠡᠭᠲᠡᠢ᠃ | ᠭᠤᠴᠢᠳᠤᠭᠠᠷ ᠵᠦᠢᠯ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠡᠷᠡᠭᠯᠡᠭᠡᠨ ᠤ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠪᠠᠨ ᠴᠢᠩᠭᠠᠳᠬᠠᠵᠤ᠂ ᠪᠣᠯᠪᠠᠰᠤᠨ᠂ ᠡᠷᠡᠭᠦᠯ᠂ ᠪᠣᠬᠢᠷᠲᠤᠯ ᠦᠭᠡᠢ | ᠬᠡᠷᠡᠭᠯᠡᠭᠡ ᠶᠢ ᠰᠠᠨᠠᠭᠠᠴᠢᠯᠠᠵᠤ᠂ ᠬᠡᠷᠡᠭᠯᠡᠭᠴᠢᠳ ᠤᠨ ᠬᠠᠤᠯᠢ ᠶᠣᠰᠣᠭᠠᠷ᠂ ᠣᠶᠤᠨᠴᠢ ᠪᠠᠷ ᠡᠷᠬᠡ ᠪᠠᠨ ᠬᠠᠮᠠᠭᠠᠯᠠᠬᠤ | ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠡᠵᠡᠩᠨᠡᠭᠴᠢ ᠶᠢᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ᠂ ᠵᠠᠰᠠᠭ ᠵᠠᠬᠢᠷᠭᠠᠨ ᠤ ᠵᠢᠯᠣᠭᠤᠳᠣᠯᠭ᠎ᠠ ᠪᠠ ᠲᠣᠭᠲᠠᠭᠠᠯ ᠳᠤ ᠨᠡᠶᠢᠴᠡᠭᠰᠡᠨ ᠵᠢᠯᠣᠭᠤᠳᠣᠯᠭ᠎ᠠ ᠶᠢ | ᠴᠢᠩᠭᠠᠳᠬᠠᠵᠤ᠂ ᠡᠵᠡᠩᠨᠡᠭᠴᠢ ᠶᠢᠨ ᠬᠠᠤᠯᠢ ᠶᠣᠰᠣᠭᠠᠷ ᠡᠵᠡᠩᠨᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠭᠤᠴᠢᠨ ᠨᠢᠭᠡᠳᠦᠭᠡᠷ ᠵᠦᠢᠯ ᠤᠯᠤᠰ ᠠᠴᠠ ᠪᠣᠬᠢᠷᠲᠤᠯ ᠦᠭᠡᠢ ᠬᠡᠷᠡᠭᠯᠡᠭᠡ ᠶᠢᠨ ᠪᠠᠷᠢᠮᠵᠢᠶ᠎ᠠ᠂ ᠭᠡᠷᠡᠴᠢᠯᠡᠯ ᠪᠠ | ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠡᠵᠡᠩᠨᠡᠭᠴᠢᠳ ᠤᠨ ᠲᠠᠸᠠᠷ ᠪᠠ ᠦᠢᠯᠡᠴᠢᠯᠡᠭᠡ ᠳᠤ | ᠪᠣᠬᠢᠷᠲᠤᠯ ᠦᠭᠡᠢ ᠬᠡᠷᠡᠭᠯᠡᠭᠡ ᠶᠢᠨ ᠲᠠᠯ᠎ᠠ ᠶᠢᠨ ᠮᠡᠳᠡᠭᠡ ᠵᠠᠩᠭᠢ ᠨᠡᠶᠢᠲᠡᠯᠡᠬᠦ ᠪᠤᠶᠤ ᠠᠮᠠᠯᠠᠯᠲᠠ ᠬᠢᠬᠦ ᠶᠢ | ᠵᠣᠷᠢᠭᠵᠢᠭᠤᠯᠵᠤ᠂ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠬᠦ ᠪᠠ ᠠᠮᠠᠯᠠᠯᠲᠠ ᠬᠢᠬᠦ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠭᠤᠴᠢᠨ ᠬᠤᠶᠠᠳᠤᠭᠠᠷ ᠵᠦᠢᠯ ᠠᠵᠢᠯ ᠲᠦᠷᠤᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠵᠡᠷᠭᠡ ᠵᠣᠬᠢᠶᠠᠨ | ᠪᠠᠶᠢᠭᠤᠯᠤᠯᠲᠠ ᠨᠤᠭᠤᠳ ᠠᠵᠢᠯ ᠲᠦᠷᠤᠯ ᠤᠨ ᠥᠪᠡᠷ ᠢ ᠪᠠᠨ ᠱᠠᠭᠠᠷᠳᠠᠬᠤ ᠶᠠᠪᠤᠳᠠᠯ ᠢ ᠴᠢᠩᠭᠠᠳᠬᠠᠵᠤ᠂ | ᠡᠵᠡᠩᠨᠡᠭᠴᠢᠳ ᠤᠨ ᠬᠠᠤᠯᠢ ᠶᠢ ᠵᠢᠷᠤᠮᠯᠠᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠲᠣᠭᠲᠠᠭᠠᠭᠰᠠᠨ ᠠᠵᠢᠯ | ᠲᠦᠷᠤᠯ ᠤᠨ ᠲᠦᠷᠢᠮ᠂ ᠥᠪᠡᠷ ᠢ ᠪᠠᠨ ᠱᠠᠭᠠᠷᠳᠠᠬᠤ ᠲᠦᠷᠢᠮ᠂ ᠵᠢᠱᠢᠶ᠎ᠡ ᠦᠵᠡᠭᠦᠯᠬᠦ ᠭᠡᠷ᠎ᠡ ᠪᠣᠯᠤᠨ ᠬᠤᠯᠪᠣᠭᠳᠠᠯ | ᠪᠦᠬᠦᠢ ᠪᠠᠷᠢᠮᠵᠢᠶ᠎ᠠ ᠵᠡᠷᠭᠡ ᠨᠢ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠰᠢᠭᠲᠠᠢ | ᠪᠠᠶᠢᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠠᠯᠢᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠠᠴᠠ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ ᠳᠤ ᠨᠡᠶᠢᠭᠡᠮ ᠤᠨ ᠬᠢᠨᠠᠯᠲᠠ | ᠲᠠᠯᠪᠢᠬᠤ ᠶᠢ ᠤᠯᠤᠰ ᠠᠴᠠ ᠵᠣᠷᠢᠭᠵᠢᠭᠤᠯᠤᠨ ᠲᠡᠮᠵᠢᠨ᠎ᠡ᠃ | ᠤᠯᠠᠨ ᠨᠡᠶᠢᠲᠡ ᠶᠢᠨ ᠤᠯᠠᠮᠵᠢᠯᠠᠬᠤ ᠵᠠᠭᠤᠴᠢ ᠨᠢ ᠬᠡᠷᠡᠭᠯᠡᠭᠴᠢᠳ ᠤᠨ ᠡᠷᠬᠡ ᠠᠰᠢᠭ ᠲᠤ ᠬᠤᠯᠪᠣᠭᠳᠠᠭᠰᠠᠨ | ᠬᠤᠯᠪᠣᠭᠳᠠᠯ ᠪᠦᠬᠦᠢ ᠵᠦᠢᠯᠡᠰ ᠢ ᠦᠨᠡᠨ ᠪᠣᠳᠠᠲᠠᠢ᠂ ᠪᠤᠰᠤᠳᠴᠢ᠂ ᠭᠤᠣᠯᠴᠢ ᠪᠠᠷ ᠮᠡᠳᠡᠭᠡᠯᠡᠵᠦ᠂ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠪᠠᠨ ᠴᠢᠩᠭᠠᠳᠬᠠᠵᠤ | ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠳᠤ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠢ᠃ | ᠳᠥᠷᠪᠡᠳᠦᠭᠡᠷ ᠪᠦᠯᠦᠭ ᠬᠡᠷᠡᠭᠯᠡᠭᠴᠢᠳ ᠤᠨ ᠵᠣᠬᠢᠶᠠᠨ ᠪᠠᠶᠢᠭᠤᠯᠤᠯᠲᠠ | ᠭᠤᠴᠢᠨ ᠳᠥᠷᠪᠡᠳᠦᠭᠡᠷ ᠵᠦᠢᠯ ᠬᠡᠷᠡᠭᠯᠡᠭᠴᠢᠳ ᠤᠨ ᠨᠡᠶᠢᠭᠡᠮᠯᠢᠭ ᠪᠣᠯᠤᠨ ᠬᠠᠤᠯᠢ ᠶᠣᠰᠣᠭᠠᠷ ᠪᠠᠶᠢᠭᠤᠯᠤᠭᠳᠠᠭᠰᠠᠨ | ᠬᠡᠷᠡᠭᠯᠡᠭᠴᠢᠳ ᠤᠨ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠬᠠᠤᠯᠢ ᠶᠢᠨ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠡᠷᠡᠭᠯᠡᠭᠴᠢᠳ ᠤᠨ | ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠷᠡᠭᠯᠡᠭᠴᠢᠳ ᠤᠨ | ᠨᠡᠶᠢᠭᠡᠮᠯᠢᠭ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠴᠢᠬᠤᠯᠠ ᠪᠦᠬᠦᠢ ᠵᠠᠷᠤᠳᠠᠯ ᠥᠭᠬᠦ ᠵᠡᠷᠭᠡ | ᠳᠡᠮᠵᠢᠯᠭᠡ ᠦᠵᠡᠭᠦᠯᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠡᠷᠡᠭᠯᠡᠭᠴᠢᠳ ᠤᠨ | ᠨᠡᠶᠢᠭᠡᠮᠯᠢᠭ ᠤᠨ ᠰᠠᠨᠠᠯ ᠪᠠ ᠰᠠᠨᠠᠭᠤᠯᠭ᠎ᠠ ᠶᠢ ᠬᠢᠨᠠᠮᠠᠭᠠᠢ ᠰᠣᠨᠣᠰᠬᠤ ᠬᠡᠷᠡᠭᠲᠡᠢ᠃ ᠬᠡᠷᠡᠭᠯᠡᠭᠴᠢᠳ ᠤᠨ ᠨᠡᠶᠢᠭᠡᠮᠯᠢᠭ ᠤᠨ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠤᠰᠬᠠᠭᠰᠠᠨ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠲᠤ ᠬᠠᠯᠳᠠᠭᠰᠠᠨ ᠠᠰᠠᠭᠤᠳᠠᠯ ᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ | ᠮᠥᠴᠢᠷ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠷᠢᠭᠤᠯᠲᠠ ᠥᠭᠬᠦ ᠬᠡᠷᠡᠭᠲᠡᠶ︔ ᠬᠡᠷᠡᠭ | ᠪᠣᠯᠭᠠᠨ ᠳᠠᠩᠰᠠᠯᠠᠵᠤ ᠪᠠᠶᠢᠴᠠᠭᠠᠨ ᠰᠢᠢᠳᠪᠦᠷᠢᠯᠡᠭᠰᠡᠨ ᠬᠡᠷᠡᠭ ᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ | ᠮᠥᠴᠢᠷ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠡᠷᠡᠭᠯᠡᠭᠴᠢᠳ ᠤᠨ ᠨᠡᠶᠢᠭᠡᠮᠯᠢᠭ ᠲᠤ ᠮᠡᠳᠡᠭᠳᠡᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠡᠷᠡᠭᠯᠡᠭᠴᠢᠳ ᠤᠨ ᠨᠡᠶᠢᠭᠡᠮᠯᠢᠭ ᠨᠢ ᠬᠡᠷᠡᠭᠯᠡᠭᠡᠨ ᠤ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠡᠷᠡᠭᠯᠡᠭᠡ ᠶᠢ ᠬᠦᠲᠦᠯᠦᠨ ᠵᠢᠯᠣᠭᠤᠳᠬᠤ ᠪᠠᠨ | ᠴᠢᠩᠭᠠᠳᠬᠠᠵᠤ᠂ ᠬᠡᠷᠡᠭᠯᠡᠭᠴᠢᠳ ᠲᠤ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡ ᠪᠠ ᠳᠡᠮᠵᠢᠯᠭᠡ | ᠬᠠᠩᠭᠠᠵᠤ᠂ ᠬᠡᠷᠡᠭᠯᠡᠭᠴᠢᠳ ᠤᠨ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠬᠡᠷᠡᠭᠯᠡᠭᠴᠢᠳ ᠤᠨ ᠨᠡᠶᠢᠭᠡᠮᠯᠢᠭ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠰᠠᠨ | ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ | ᠡᠵᠡᠩᠨᠡᠭᠴᠢᠳ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ | ᠬᠦᠳᠦᠯᠦᠨ ᠵᠢᠯᠣᠭᠤᠳᠴᠤ ᠳᠡᠮᠵᠢᠬᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠬᠡᠷᠡᠭᠯᠡᠭᠴᠢᠳ ᠤᠨ ᠨᠡᠶᠢᠭᠡᠮᠯᠢᠭ ᠬᠠᠷᠢᠴᠠᠭᠤᠯᠤᠭᠰᠠᠨ ᠲᠤᠷᠰᠢᠯᠲᠠ᠂ ᠬᠡᠷᠡᠭᠯᠡᠭᠡ ᠶᠢᠨ | ᠪᠠᠶᠢᠴᠠᠭᠠᠯᠲᠠ᠂ ᠬᠡᠷᠡᠭᠯᠡᠭᠡ ᠶᠢᠨ ᠦᠨᠡᠯᠡᠯᠲᠡ᠂ ᠵᠠᠭᠠᠯᠳᠤᠯᠭ᠎ᠠ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ᠂ | ᠵᠠᠭᠠᠯᠳᠤᠭᠰᠠᠨ ᠲᠠᠸᠠᠷ ᠢ ᠰᠢᠯᠭᠠᠨ ᠲᠣᠭᠲᠠᠭᠠᠯᠭᠠᠬᠤ ᠪᠠᠷ ᠳᠡᠪᠰᠢᠭᠦᠯᠬᠦ᠂ ᠬᠡᠷᠡᠭᠯᠡᠭᠡ ᠶᠢᠨ ᠰᠡᠷᠡᠮᠵᠢᠯᠡᠭᠦᠯᠦᠯ ᠢ | ᠨᠡᠶᠢᠲᠡᠯᠡᠬᠦ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠸᠠᠷ ᠪᠠ ᠦᠢᠯᠡᠴᠢᠯᠡᠭᠡᠨ ᠤ ᠪᠠᠶᠢᠳᠠᠯ᠂ | ᠬᠡᠷᠡᠭᠯᠡᠭᠴᠢᠳ ᠤᠨ ᠰᠠᠨᠠᠯ ᠪᠠ ᠬᠡᠷᠡᠭᠯᠡᠭᠡ ᠶᠢᠨ ᠡᠷᠬᠡ ᠪᠠᠨ ᠬᠠᠮᠠᠭᠠᠯᠠᠭᠰᠠᠨ ᠪᠠᠶᠢᠳᠠᠯ ᠢ ᠲᠤᠰᠬᠠᠵᠤ ᠪᠣᠯᠤᠨ᠎ᠠ᠃ | ᠭᠤᠴᠢ ᠶᠢᠰᠦᠳᠦᠭᠡᠷ ᠵᠦᠢᠯ ᠬᠡᠷᠡᠭᠯᠡᠭᠴᠢᠳ ᠤᠨ ᠨᠡᠶᠢᠭᠡᠮᠯᠢᠭ ᠨᠢ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠬᠤ ᠵᠦᠢᠯᠡᠰ ᠤᠨ ᠲᠤᠬᠠᠢ ᠬᠤᠯᠪᠣᠭᠳᠠᠯ ᠪᠦᠬᠦᠢ ᠡᠵᠡᠩᠨᠡᠭᠴᠢ᠂ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ ᠳᠤ ᠬᠠᠯᠠᠨ ᠰᠠᠶᠢᠵᠢᠷᠠᠭᠤᠯᠬᠤ ᠰᠠᠨᠠᠯ ᠳᠤᠷᠠᠳᠬᠤ ᠪᠤᠶᠤ ᠵᠢᠯᠣᠭᠤᠳᠤᠨ ᠶᠠᠷᠢᠯᠴᠠᠵᠤ᠂ ᠬᠡᠷᠡᠭᠯᠡᠭᠴᠢᠳ᠂ | ᠡᠵᠡᠩᠨᠡᠭᠴᠢᠳ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠲᠤᠰᠬᠠᠢ ᠪᠠᠶᠢᠭᠤᠯᠤᠮᠵᠢ᠂ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠡᠷᠭᠡ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠵᠣᠬᠢᠶᠠᠨ ᠪᠠᠶᠢᠭᠤᠯᠵᠤ | ᠵᠣᠬᠢᠴᠠᠭᠤᠯᠬᠤ ᠠᠵᠢᠯ ᠢ ᠴᠢᠩᠭᠠᠳᠬᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ | ᠬᠤᠯᠪᠣᠭᠳᠠᠬᠤ ᠴᠢᠬᠤᠯᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠪᠣᠯᠤᠨ᠎ᠠ᠃ | ᠳᠥᠴᠢᠳᠦᠭᠡᠷ ᠵᠦᠢᠯ ᠬᠡᠷᠡᠭᠯᠡᠭᠴᠢᠳ ᠤᠨ ᠨᠡᠶᠢᠭᠡᠮᠯᠢᠭ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠤᠭᠰᠠᠨ ᠲᠤᠬᠠᠢ ᠵᠠᠭᠠᠯᠳᠤᠭᠰᠠᠨ ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ | ᠡᠵᠡᠩᠨᠡᠭᠴᠢ ᠲᠠᠢ ᠪᠠᠶᠢᠳᠠᠯ ᠢ ᠬᠢᠨᠠᠨ ᠬᠠᠷᠭᠤᠭᠤᠯᠵᠤ᠂ ᠬᠤᠯᠪᠣᠭᠳᠠᠯ ᠪᠦᠬᠦᠢ ᠡᠵᠡᠩᠨᠡᠭᠴᠢ ᠶᠢ ᠤᠷᠢᠵᠤ ᠲᠤᠬᠠᠢ ᠶᠢᠨ | ᠲᠠᠯᠠᠪᠤᠷ ᠲᠤ ᠣᠴᠢᠭᠤᠯᠤᠨ ᠪᠣᠳᠠᠲᠤ ᠬᠡᠷᠡᠭ ᠤᠨ ᠰᠠᠨᠠᠯ ᠢ ᠲᠣᠭᠠᠴᠢᠭᠤᠯᠵᠤ᠂ ᠭᠡᠷᠡᠴᠢ ᠪᠠᠷᠢᠮᠲᠠ ᠶᠢᠨ ᠮᠠᠲ᠋ᠧᠷᠢᠶᠠᠯ | ᠬᠠᠨᠭ᠍ᠭᠠᠯᠭᠠᠵᠤ ᠪᠣᠯᠤᠨ᠎ᠠ᠃ | ᠳᠥᠴᠢᠨ ᠨᠢᠭᠡᠳᠦᠭᠡᠷ ᠵᠦᠢᠯ ᠦᠢ ᠤᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠦᠢᠯᠡ ᠠᠵᠢᠯᠯᠠᠭ᠎ᠠ ᠶᠢ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠵᠢᠴᠢ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠳᠤ ᠪᠠᠶᠢᠭᠤᠯᠤᠭᠰᠠᠨ ᠬᠡᠷᠡᠭᠯᠡᠭᠴᠢᠳ ᠤᠨ ᠨᠡᠶᠢᠭᠡᠮᠯᠢᠭ ᠨᠢ | ᠠᠷᠠᠳ ᠤᠨ ᠰᠢᠭᠦᠬᠦ ᠬᠤᠷᠢᠶ᠎ᠠ ᠳᠤ ᠵᠠᠭᠠᠯᠳᠤᠵᠤ ᠪᠣᠯᠤᠨ᠎ᠠ᠃ | ᠲᠠᠪᠤᠳᠤᠭᠠᠷ ᠪᠦᠯᠦᠭ ᠮᠠᠷᠭᠤᠭᠠᠨ ᠢ ᠰᠢᠢᠳᠪᠦᠷᠢᠯᠡᠬᠦ | ᠳᠥᠴᠢᠨ ᠬᠤᠶᠠᠳᠤᠭᠠᠷ ᠵᠦᠢᠯ ᠬᠡᠷᠡᠭᠯᠡᠭᠴᠢᠳ ᠪᠣᠯᠪᠠᠰᠤᠨ᠂ ᠣᠶᠤᠨᠴᠢ ᠪᠠᠷ ᠬᠡᠷᠡᠭᠯᠡᠭᠡ ᠬᠢᠵᠦ᠂ ᠥᠪᠡᠷ ᠢ ᠪᠠᠨ | ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠦᠨ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ | ᠶᠣᠰᠣᠭᠠᠷ ᠬᠠᠮᠠᠭᠠᠯᠠᠵᠤ᠂ ᠬᠡᠷᠡᠭᠯᠡᠭᠡᠨ ᠤ ᠮᠠᠷᠭᠤᠯᠳᠤᠭᠠᠨ ᠡᠭᠦᠰᠬᠦ ᠦᠶ᠎ᠡ ᠳᠤ ᠬᠠᠤᠯᠢ ᠶᠣᠰᠣᠭᠠᠷ ᠡᠷᠬᠡ ᠪᠠᠨ | ᠬᠠᠮᠠᠭᠠᠯᠠᠬᠤ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠬᠡᠷᠡᠭᠯᠡᠭᠡᠨ ᠤ ᠮᠠᠷᠭᠤᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ | ᠠᠬᠢᠭᠤᠯᠤᠨ ᠲᠡᠭᠦᠯᠳᠡᠷᠵᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠭᠠᠷ ᠵᠥᠪᠳᠡᠯᠴᠡᠬᠦ᠂ ᠡᠶᠡᠳᠡᠭᠦᠯᠬᠦ᠂ ᠵᠠᠭᠠᠯᠳᠤᠬᠤ | ᠂ ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ ᠵᠡᠷᠭᠡ ᠠᠷᠭ᠎ᠠ ᠮᠠᠶ᠋ᠢᠭ ᠢᠶᠠᠷ ᠥᠪᠡᠷ ᠤᠨ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠡᠵᠡᠩᠨᠡᠭᠴᠢ ᠳᠥᠭᠦᠮ ᠳᠥᠲᠡ᠂ ᠥᠨᠳᠥᠷ ᠪᠦᠲᠦᠮᠵᠢᠲᠡᠢ ᠵᠠᠭᠠᠯᠳᠤᠯᠭ᠎ᠠ ᠶᠢ | ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠡᠷᠡᠭᠯᠡᠭᠡᠨ ᠤ ᠮᠠᠷᠭᠤᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠬᠦ | ᠬᠡᠷᠡᠭᠲᠡᠢ᠃ | ᠡᠵᠡᠩᠨᠡᠭᠴᠢ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠠᠩᠬ᠎ᠠ ᠤᠳᠠᠭ᠎ᠠ ᠠᠰᠠᠭᠤᠪᠠᠯ | ᠬᠠᠷᠢᠭᠤᠴᠠᠬᠤ᠂ ᠤᠷᠢᠳᠠᠪᠠᠷ ᠲᠥᠯᠥᠪᠦᠷᠢ ᠥᠭᠬᠦ᠂ ᠰᠦᠯᠵᠢᠶᠡᠨ ᠳᠡᠭᠡᠷᠡᠬᠢ ᠮᠠᠷᠭᠤᠯᠳᠤᠭᠠᠨ ᠢ ᠰᠢᠢᠳᠪᠦᠷᠢᠯᠡᠬᠦ ᠵᠡᠷᠭᠡ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠡᠷᠡᠭᠯᠡᠭᠡ ᠶᠢᠨ ᠮᠠᠷᠭᠤᠯᠳᠤᠭᠠᠨ ᠢ ᠴᠠᠭ ᠲᠤᠬᠠᠶ ᠳᠤᠨᠢ ᠰᠡᠷᠭᠡᠶᠢᠯᠡᠬᠦ ᠪᠠ | ᠰᠢᠢᠳᠪᠦᠷᠢᠯᠡᠨ᠎ᠡ᠃ | ᠳᠥᠴᠢᠨ ᠲᠠᠪᠤᠳᠤᠭᠠᠷ ᠵᠦᠢᠯ ᠬᠡᠷᠡᠭᠯᠡᠭᠴᠢᠳ ᠪᠣᠯᠤᠨ ᠡᠵᠡᠩᠨᠡᠭᠴᠢᠳ ᠬᠡᠷᠡᠭᠯᠡᠭᠡᠨ ᠤ ᠮᠠᠷᠭᠤᠭᠠᠨ ᠡᠭᠦᠰᠴᠦ᠂ | ᠬᠡᠷᠡᠭᠯᠡᠭᠴᠢᠳ ᠤᠨ ᠨᠡᠶᠢᠭᠡᠮᠯᠢᠭ ᠪᠤᠶᠤ ᠬᠠᠤᠯᠢ ᠶᠣᠰᠣᠭᠠᠷ ᠪᠠᠶᠢᠭᠤᠯᠤᠭᠳᠠᠭᠰᠠᠨ ᠪᠤᠰᠤᠳ ᠡᠶᠡᠳᠡᠭᠦᠯᠬᠦ ᠵᠣᠬᠢᠶᠠᠨ | ᠪᠠᠶᠢᠭᠤᠯᠤᠯᠲᠠ ᠪᠠᠷ ᠡᠶᠡᠳᠡᠭᠦᠯᠦᠭᠦᠯᠬᠦ ᠪᠠᠷ ᠭᠤᠶᠤᠴᠢᠯᠠᠭᠰᠠᠨ ᠪᠠᠶᠢᠪᠠᠯ᠂ ᠬᠤᠯᠪᠣᠭᠳᠠᠯ ᠪᠦᠬᠦᠢ ᠵᠣᠬᠢᠶᠠᠨ | ᠪᠠᠶᠢᠭᠤᠯᠤᠯᠲᠠ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠬᠡᠷᠡᠭᠯᠡᠭᠴᠢᠳ ᠪᠣᠯᠤᠨ ᠡᠵᠡᠩᠨᠡᠭᠴᠢᠳ ᠬᠡᠷᠡᠭᠯᠡᠭᠡᠨ ᠤ ᠲᠤᠬᠠᠢ ᠮᠠᠷᠭᠤᠯᠳᠤᠭᠠᠨ | ᠭᠠᠷᠴᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠵᠠᠭᠠᠯᠳᠤᠬᠰᠠᠨ ᠪᠠᠶᠢᠪᠠᠯ᠂ ᠦᠨᠡᠨ ᠪᠣᠳᠠᠲᠠᠢ ᠪᠡᠶ᠎ᠡ ᠬᠡᠮ ᠤᠨ ᠮᠡᠳᠡᠭᠡ | ᠵᠠᠩᠭᠢ ᠬᠠᠩᠭᠠᠵᠤ᠂ ᠲᠣᠳᠣᠷᠬᠠᠢ ᠵᠠᠭᠠᠯᠳᠤᠬᠳᠠᠬᠴᠢ᠂ ᠪᠣᠳᠠᠲᠠᠢ ᠵᠠᠭᠠᠯᠳᠤᠬᠤ ᠭᠤᠶᠤᠴᠢᠯᠠᠯ ᠪᠠ ᠪᠣᠳᠠᠲᠤ | ᠶᠠᠪᠤᠳᠠᠯ ᠤᠨ ᠦᠨᠳᠦᠰᠦ ᠪᠠᠷᠢᠮᠲᠠ ᠲᠠᠢ ᠪᠠᠶᠢᠬᠤ ᠬᠡᠷᠡᠭᠲᠡᠢ᠃ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠠᠭᠠᠯᠳᠤᠯᠭ᠎ᠠ ᠶᠢ ᠬᠦᠯᠢᠶᠡᠨ ᠠᠪᠤᠭᠰᠠᠨ | ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠥᠭᠬᠦ ᠶᠢᠨ ᠬᠠᠮᠲᠤ ᠬᠡᠷᠡᠭᠯᠡᠭᠴᠢᠳ ᠲᠤ | ᠮᠡᠳᠡᠭᠳᠡᠬᠦ ᠬᠡᠷᠡᠭᠲᠡᠶ᠃ ᠲᠣᠭᠲᠠᠭᠠᠯ ᠳᠤ ᠨᠡᠶᠢᠴᠡᠬᠦ ᠦᠭᠡᠶ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠶ | ᠪᠣᠯ ᠬᠦᠯᠢᠶᠡᠨ ᠠᠪᠴᠤ ᠰᠢᠢᠳᠪᠦᠷᠢᠯᠡᠬᠦ ᠦᠭᠡᠶ ᠤᠴᠢᠷ ᠰᠢᠯᠲᠠᠭᠠᠨ ᠪᠣᠯᠤᠨ ᠮᠠᠷᠭᠤᠯᠳᠤᠭᠠᠨ ᠢ ᠰᠢᠢᠳᠪᠦᠷᠢᠯᠡᠬᠦ | ᠪᠤᠰᠤᠳ ᠠᠷᠭ᠎ᠠ ᠵᠠᠮ ᠢ ᠬᠡᠷᠡᠭᠯᠡᠭᠴᠢᠳ ᠲᠤ ᠮᠡᠳᠡᠭᠳᠡᠬᠦ ᠬᠡᠷᠡᠭᠲᠡᠶ᠃ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠠᠭᠠᠯᠳᠤᠯᠭ᠎ᠠ ᠶᠢ ᠰᠢᠢᠳᠪᠦᠷᠢᠯᠡᠬᠦ ᠪᠠᠷ ᠬᠦᠯᠢᠶᠡᠨ | ᠠᠪᠤᠭᠰᠠᠨ ᠤ ᠳᠠᠷᠠᠭ᠎ᠠ᠂ ᠬᠡᠷᠡᠭᠯᠡᠭᠴᠢᠳ ᠪᠠ ᠡᠵᠡᠩᠨᠡᠭᠴᠢᠳ ᠡᠶᠡᠳᠡᠭᠦᠯᠬᠦ ᠶᠢ ᠵᠥᠪᠰᠢᠶᠡᠷᠡᠪᠡᠯ᠂ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠴᠠᠭ ᠲᠤᠬᠠᠶ ᠳᠤᠨᠢ | ᠡᠶᠡᠳᠡᠭᠦᠯᠬᠦ ᠬᠡᠷᠡᠭᠲᠡᠶ ᠪᠥᠭᠡᠳ ᠬᠦᠯᠢᠶᠡᠨ ᠠᠪᠤᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ | ᠡᠶᠡᠳᠡᠭᠦᠯᠵᠦ ᠳᠠᠭᠤᠰᠬᠠᠬᠤ ᠬᠡᠷᠡᠭᠲᠡᠶ︔ ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠠᠯ ᠡᠶᠡᠳᠡᠭᠦᠯᠭᠡ ᠶᠢ | ᠳᠠᠭᠤᠰᠬᠠᠬᠤ ᠬᠡᠷᠡᠭᠲᠡᠢ᠃ ᠡᠶᠡᠳᠡᠭᠦᠯᠬᠦ ᠶᠠᠪᠤᠴᠠ ᠳᠤ ᠰᠢᠯᠭᠠᠨ ᠲᠣᠭᠲᠠᠭᠠᠬᠤ᠂ ᠪᠠᠶᠢᠴᠠᠭᠠᠨ ᠬᠡᠮᠵᠢᠬᠦ ᠴᠢᠬᠤᠯᠠᠲᠠᠢ | ᠪᠠᠶᠢᠪᠠᠯ ᠰᠢᠯᠭᠠᠨ ᠲᠣᠭᠲᠠᠭᠠᠬᠤ᠂ ᠪᠠᠶᠢᠴᠠᠭᠠᠨ ᠬᠡᠮᠵᠢᠬᠦ ᠴᠠᠭ ᠢ 60 ᠡᠳᠦᠷ ᠤᠨ ᠳᠣᠲᠣᠷ᠎ᠠ ᠪᠤᠳᠤᠵᠤ ᠣᠷᠣᠭᠤᠯᠬᠤ | ᠦᠭᠡᠢ᠃ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠡᠷᠡᠭᠯᠡᠭᠴᠢᠳ ᠪᠣᠯᠤᠨ ᠡᠵᠡᠩᠨᠡᠭᠴᠢᠳ ᠢᠶᠠᠷ | ᠵᠥᠪᠰᠢᠶᠡᠷᠡᠭᠦᠯᠦᠭᠡᠳ ᠵᠠᠭᠠᠯᠳᠤᠯᠭ᠎ᠠ ᠶᠢ ᠬᠠᠤᠯᠢ ᠶᠣᠰᠣᠭᠠᠷ ᠬᠡᠷᠡᠭᠯᠡᠭᠴᠢᠳ ᠤᠨ ᠨᠡᠶᠢᠭᠡᠮᠯᠢᠭ ᠪᠤᠶᠤ ᠬᠠᠤᠯᠢ ᠶᠣᠰᠣᠭᠠᠷ | ᠪᠠᠶᠢᠭᠤᠯᠤᠭᠰᠠᠨ ᠪᠤᠰᠤᠳ ᠡᠶᠡᠳᠡᠭᠦᠯᠬᠦ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠡᠶᠡᠳᠡᠭᠦᠯᠦᠭᠦᠯᠵᠦ ᠪᠣᠯᠤᠨ᠎ᠠ᠃ | ᠳᠥᠴᠢᠨ ᠳᠣᠯᠣᠳᠤᠭᠠᠷ ᠵᠦᠢᠯ ᠬᠡᠷᠡᠭᠯᠡᠭᠡᠨ ᠤ ᠮᠠᠷᠭᠤᠯᠳᠤᠭᠠᠨ ᠠᠴᠠ ᠪᠤᠯᠵᠤ ᠲᠠᠸᠠᠷ ᠪᠤᠶᠤ ᠦᠢᠯᠡᠴᠢᠯᠡᠭᠡᠨ ᠤ | ᠶᠠᠰᠤ ᠴᠢᠨᠠᠷ ᠢ ᠬᠢᠨᠠᠨ ᠲᠣᠭᠲᠠᠭᠠᠬᠤ᠂ ᠰᠢᠯᠭᠠᠨ ᠪᠠᠶᠢᠴᠠᠭᠠᠬᠤ ᠴᠢᠬᠤᠯᠠᠲᠠᠢ ᠪᠠᠶᠢᠪᠠᠯ᠂ ᠬᠡᠷᠡᠭᠯᠡᠭᠴᠢᠳ ᠪᠣᠯᠤᠨ | ᠡᠵᠡᠩᠨᠡᠭᠴᠢᠳ ᠬᠢᠨᠠᠨ ᠲᠣᠭᠲᠠᠭᠠᠬᠤ᠂ ᠰᠢᠯᠭᠠᠨ ᠬᠡᠮᠵᠢᠬᠦ ᠪᠠᠶᠢᠭᠤᠯᠤᠮᠵᠢ ᠶᠢ ᠵᠥᠪᠳᠡᠯᠴᠡᠨ ᠲᠣᠭᠲᠠᠭᠠᠵᠤ ᠪᠣᠯᠤᠨ᠎ᠠ᠃ | ᠵᠥᠪᠳᠡᠯᠴᠡᠭᠡᠳ ᠰᠠᠨᠠᠯ ᠨᠢᠭᠡᠳᠬᠦ ᠦᠭᠡᠢ ᠪᠠᠶᠢᠪᠠᠯ᠂ ᠬᠡᠷᠡᠭᠯᠡᠭᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠢᠯᠭᠠᠨ ᠲᠣᠭᠲᠠᠭᠠᠬᠤ᠂ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ | ᠵᠢᠭᠠᠨ ᠲᠣᠭᠲᠠᠭᠠᠵᠤ ᠪᠣᠯᠤᠨ᠎ᠠ᠃ | ᠴᠢᠬᠤᠯᠠ ᠶᠡᠭᠡ᠂ ᠨᠠᠷᠢᠨ ᠪᠤᠳᠤᠯᠢᠶᠠᠨᠲᠠᠶ᠂ ᠦᠶ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ | ᠠᠰᠢᠭ ᠲᠤ ᠬᠤᠯᠪᠣᠭᠳᠠᠭᠰᠠᠨ ᠬᠡᠷᠡᠭᠯᠡᠭᠡ ᠶᠢᠨ ᠮᠠᠷᠭᠤᠯᠳᠤᠭᠠᠨ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠣᠩᠭᠤᠨ | ᠪᠠᠶᠢᠴᠠᠭᠠᠵᠤ ᠰᠢᠯᠭᠠᠨ ᠪᠠᠶᠢᠴᠠᠭᠠᠬᠤ ᠵᠢᠷᠤᠮ ᠳᠤ ᠣᠷᠣᠭᠤᠯᠵᠤ᠂ ᠵᠣᠬᠢᠬᠤ ᠬᠢᠷᠢ ᠬᠡᠮ ᠲᠠᠢ ᠪᠠᠶᠢᠭᠤᠯᠤᠮᠵᠢ ᠳᠤ | ᠨᠠᠶᠢᠳᠠᠨ ᠰᠢᠯᠭᠠᠨ ᠲᠣᠭᠲᠠᠭᠠᠯᠭᠠᠵᠤ᠂ ᠰᠢᠯᠭᠠᠨ ᠪᠠᠶᠢᠴᠠᠭᠠᠯᠭᠠᠵᠤ ᠪᠣᠯᠤᠨ᠎ᠠ᠃ | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠨ ᠨᠠᠢᠮᠠᠳᠤᠭᠠᠷ ᠵᠦᠢᠯ ᠡᠵᠡᠩᠨᠡᠭᠴᠢᠳ ᠲᠠᠸᠠᠷ ᠪᠤᠶᠤ ᠦᠢᠯᠡᠴᠢᠯᠡᠭᠡ ᠬᠠᠩᠭᠠᠬᠤ ᠳᠠᠭᠠᠨ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠪᠣᠯᠤᠨ ᠲᠤᠰ ᠳᠦᠷᠢᠮ ᠤᠨ ᠬᠤᠯᠪᠣᠭᠳᠠᠯ ᠪᠦᠬᠦᠢ | ᠲᠣᠭᠲᠠᠭᠠᠯ ᠢ ᠵᠥᠷᠢᠴᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ | ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ | ᠳᠥᠴᠢ ᠶᠢᠰᠦᠳᠦᠭᠡᠷ ᠵᠦᠢᠯ ᠡᠵᠡᠩᠨᠡᠭᠴᠢ ᠲᠠᠸᠠᠷ ᠪᠤᠶᠤ ᠦᠢᠯᠡᠴᠢᠯᠡᠭᠡ ᠬᠠᠩᠭᠠᠬᠤ ᠳᠠᠭᠠᠨ ᠮᠡᠬᠡᠯᠡᠭᠰᠡᠨ ᠦᠢᠯᠡ | ᠠᠵᠢᠯᠯᠠᠭ᠎ᠠ ᠲᠠᠢ ᠪᠠᠶᠢᠪᠠᠯ᠂ ᠬᠡᠷᠡᠭᠯᠡᠭᠴᠢᠳ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠶᠢᠨ ᠲᠠᠪᠢᠨ | ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠦᠨᠳᠦᠰᠦᠯᠡᠨ ᠡᠵᠡᠩᠨᠡᠭᠴᠢ ᠪᠠᠷ ᠲᠦᠯᠦᠬᠦᠯᠬᠦ ᠪᠠᠷ | ᠱᠠᠭᠠᠷᠳᠠᠬᠤ ᠡᠷᠬᠡ ᠲᠠᠢ᠃ ᠭᠡᠪᠡᠴᠦ ᠲᠠᠸᠠᠷ ᠪᠤᠶᠤ ᠦᠢᠯᠡᠴᠢᠯᠡᠭᠡᠨ ᠤ ᠱᠣᠰᠢᠭ᠎ᠠ ᠲᠡᠮᠳᠡᠭ᠂ ᠲᠣᠳᠣᠷᠬᠠᠶᠢᠯᠠᠯᠲᠠ ᠶᠢᠨ | ᠪᠢᠴᠢᠭ᠂ ᠤᠬᠠᠭᠤᠯᠬᠤ ᠮᠠᠲ᠋ᠧᠷᠢᠶᠠᠯ ᠵᠡᠷᠭᠡ ᠳᠤ ᠲᠠᠸᠠᠷ ᠪᠤᠶᠤ ᠦᠢᠯᠡᠴᠢᠯᠡᠭᠡᠨ ᠤ ᠶᠠᠰᠤ ᠴᠢᠨᠠᠷ ᠢ ᠨᠥᠯᠥᠭᠡᠯᠡᠬᠦ ᠦᠭᠡᠢ | ᠮᠥᠷᠲᠡᠭᠡᠨ ᠬᠡᠷᠡᠭᠯᠡᠭᠴᠢᠳ ᠲᠤ ᠪᠤᠷᠤᠭᠤ ᠵᠦᠭ ᠬᠥᠲᠥᠯᠬᠦ ᠦᠭᠡᠢ ᠦ ᠰᠡᠪ ᠣᠷᠣᠰᠢᠵᠤ ᠪᠠᠶᠢᠪᠠᠯ ᠡᠭᠦᠨ ᠳᠤ | ᠪᠠᠭᠲᠠᠬᠤ ᠦᠭᠡᠢ᠃ | ᠨᠢᠭᠤᠨ ᠬᠠᠪᠴᠢᠬᠤ᠂ ᠰᠣᠯᠢᠬᠤ᠂ ᠬᠠᠭᠤᠷᠮᠠᠭᠯᠠᠨ ᠵᠣᠬᠢᠶᠠᠬᠤ᠂ ᠲᠠᠸᠠᠷ ᠤᠨ ᠦᠢᠯᠡᠳᠪᠦᠷᠢᠯᠡᠭᠰᠡᠨ ᠡᠳᠦᠷ | ᠬᠤᠭᠤᠴᠠᠭ᠎ᠠ ᠶᠢ ᠥᠭᠡᠷᠡᠲᠦᠭᠦᠯᠬᠦ᠂ ᠪᠣᠳᠠᠲᠤ ᠬᠡᠷᠡᠭ ᠢ ᠵᠣᠬᠢᠶᠠᠬᠤ ᠵᠡᠷᠭᠡ ᠠᠷᠭ᠎ᠠ ᠮᠠᠶ᠋ᠢᠭ ᠢᠶᠠᠷ ᠡᠵᠡᠩᠨᠡᠭᠴᠢᠳ ᠤᠨ | ᠲᠥᠯᠥᠪᠦᠷᠢ ᠶᠢ ᠮᠡᠬᠡᠯᠡᠨ ᠠᠪᠤᠭᠰᠠᠨ ᠪᠤᠶᠤ ᠡᠵᠡᠩᠨᠡᠭᠴᠢᠳ ᠢ ᠬᠢᠬᠠᠵᠤ ᠠᠪᠤᠭᠰᠠᠨ ᠪᠠᠶᠢᠪᠠᠯ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠬᠠᠤᠯᠢ ᠶᠢᠨ ᠲᠠᠪᠢᠨ ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠬᠡᠷᠡᠭᠯᠡᠬᠦ | ᠦᠭᠡᠶ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠢᠢᠳᠭᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ | ᠰᠢᠢᠳᠪᠦᠷᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠲᠠᠪᠢᠳᠤᠭᠠᠷ ᠵᠦᠢᠯ ᠡᠵᠡᠩᠨᠡᠭᠴᠢ ᠲᠤᠰ ᠳᠦᠷᠢᠮ ᠤᠨ ᠠᠷᠪᠠᠳᠤᠭᠠᠷ ᠵᠦᠢᠯ ᠠᠴᠠ ᠠᠷᠪᠠᠨ ᠳᠥᠷᠪᠡᠳᠦᠭᠡᠷ ᠵᠦᠢᠯ | ᠬᠦᠷᠲᠡᠯᠡᠬᠢ᠂ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ᠠᠷᠪᠠ ᠶᠢᠰᠦᠳᠦᠭᠡᠷ ᠵᠦᠢᠯ ᠠᠴᠠ | ᠬᠤᠷᠢᠨ ᠨᠢᠭᠡᠳᠦᠭᠡᠷ ᠵᠦᠢᠯ ᠬᠦᠷᠲᠡᠯᠡᠬᠢ ᠲᠣᠭᠲᠠᠭᠠᠯ ᠢ ᠵᠥᠷᠢᠴᠡᠵᠦ᠂ ᠪᠤᠰᠤᠳ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠰᠢᠢᠳᠭᠡᠨ ᠲᠣᠷᠭᠠᠬᠤ ᠪᠠᠶᠢᠭᠤᠯᠭ᠎ᠠ ᠪᠠ ᠰᠢᠢᠳᠭᠡᠨ ᠲᠣᠷᠭᠠᠬᠤ ᠠᠷᠭ᠎ᠠ | ᠮᠠᠶ᠋ᠢᠭ ᠤᠨ ᠲᠤᠬᠠᠶ ᠲᠣᠭᠲᠠᠭᠠᠯ ᠲᠠᠢ ᠪᠣᠯ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ︔ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠯ ᠦᠭᠡᠶ ᠪᠣᠯ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠂ ᠦᠢᠯᠡ ᠪᠠᠶᠢᠳᠠᠯ ᠢ ᠨᠢ ᠦᠨᠳᠦᠰᠦᠯᠡᠨ ᠰᠡᠷᠡᠮᠵᠢ ᠥᠭᠬᠦ᠂ | ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ ᠠᠪᠬᠤ᠂ ᠬᠠᠤᠯᠢ ᠠᠴᠠ ᠵᠥᠷᠢᠴᠡᠭᠰᠡᠨ | ᠣᠯᠵᠠᠪᠤᠷᠢ ᠶᠢᠨ ᠬᠢᠨᠢ 1 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠂ | ᠬᠠᠤᠯᠢ ᠠᠴᠠ ᠵᠥᠷᠢᠴᠡᠭᠰᠡᠨ ᠣᠯᠵᠠᠪᠤᠷᠢ ᠦᠭᠡᠶ ᠪᠣᠯ 30 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠵᠤ ᠪᠣᠯᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ | ᠵᠣᠭᠰᠣᠭᠠᠨ ᠴᠡᠭᠴᠡᠯᠡᠭᠦᠯᠵᠦ᠂ ᠡᠵᠡᠩᠨᠡᠯᠲᠡ ᠶᠢᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠃ | ᠡᠵᠡᠩᠨᠡᠭᠴᠢ ᠲᠤᠰ ᠳᠦᠷᠢᠮ ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠣᠯ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠂ ᠦᠢᠯᠡ | ᠪᠠᠶᠢᠳᠠᠯ ᠢ ᠨᠢ ᠦᠨᠳᠦᠰᠦᠯᠡᠨ ᠰᠡᠷᠡᠮᠵᠢ ᠥᠭᠬᠦ᠂ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠬᠤ᠂ | ᠬᠠᠤᠯᠢ ᠠᠴᠠ ᠵᠥᠷᠢᠴᠡᠭᠰᠡᠨ ᠣᠯᠵᠠᠪᠤᠷᠢ ᠶᠢᠨ ᠬᠢᠨᠢ 1 ᠳᠠᠬᠢᠨ ᠠᠴᠠ ᠳᠡᠭᠡᠭᠰᠢ 10 ᠳᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠵᠤ ᠪᠣᠯᠤᠨ᠎ᠠ᠂ ᠬᠠᠤᠯᠢ ᠠᠴᠠ ᠵᠥᠷᠢᠴᠡᠭᠰᠡᠨ ᠣᠯᠵᠠᠪᠤᠷᠢ ᠦᠭᠡᠶ ᠪᠣᠯ 50 ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠢ | ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ ᠡᠵᠡᠩᠨᠡᠯᠲᠡ ᠶᠢᠨ ᠦᠨᠡᠮᠯᠡᠯ ᠢ ᠨᠢ | ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠃ | ᠡᠵᠡᠩᠨᠡᠭᠴᠢᠳ ᠲᠤᠰ ᠳᠦᠷᠢᠮ ᠤᠨ ᠪᠤᠰᠤᠳ ᠲᠣᠭᠲᠠᠭᠠᠯ ᠠᠴᠠ ᠵᠥᠷᠢᠴᠡᠪᠡᠯ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠬᠠᠤᠯᠢ ᠶᠢᠨ ᠲᠠᠪᠢᠨ ᠵᠢᠷᠭᠤᠳᠤᠭᠠᠷ ᠵᠦᠢᠯ ᠤᠨ ᠳᠠᠭᠠᠤ ᠰᠢᠢᠳᠭᠡᠨ᠎ᠡ᠃ | ᠲᠠᠪᠢᠨ ᠨᠢᠭᠡᠳᠦᠭᠡᠷ ᠵᠦᠢᠯ ᠡᠵᠡᠩᠨᠡᠭᠴᠢ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠤᠣᠷ ᠬᠥᠨᠥᠭᠡᠯ ᠤᠨ | ᠦᠷ᠎ᠡ ᠤᠷᠰᠢᠭ ᠢ ᠰᠠᠨᠠᠭᠠᠴᠢᠯᠠᠭ᠎ᠠ ᠠᠴᠠ ᠪᠠᠨ ᠠᠷᠢᠯᠭᠠᠭᠰᠠᠨ ᠪᠤᠶᠤ ᠬᠥᠩᠭᠡᠷᠡᠭᠦᠯᠦᠭᠰᠡᠨ᠂ ᠬᠠᠤᠯᠢ ᠶᠢ ᠵᠥᠷᠢᠴᠡᠭᠰᠡᠨ | ᠠᠵᠢᠯᠯᠠᠭ᠎ᠠ ᠨᠢ ᠬᠥᠩᠭᠡᠪᠲᠦᠷ ᠪᠥᠭᠡᠳ ᠴᠠᠭ ᠲᠤᠬᠠᠢ ᠳᠤᠨᠢ ᠵᠠᠯᠠᠷᠠᠭᠤᠯᠤᠭᠰᠠᠨ ᠦᠭᠡᠢ᠂ ᠬᠤᠣᠷ ᠬᠥᠨᠥᠭᠡᠯ ᠤᠨ | ᠦᠷ᠎ᠡ ᠤᠷᠰᠢᠭ ᠭᠠᠷᠭᠠᠭᠰᠠᠨ ᠦᠭᠡᠢ᠂ ᠡᠰᠡᠬᠦᠯ᠎ᠡ ᠠᠩᠬ᠎ᠠ ᠤᠳᠠᠭ᠎ᠠ ᠬᠠᠤᠯᠢ ᠶᠢ ᠵᠥᠷᠢᠴᠡᠭᠰᠡᠨ ᠪᠥᠭᠡᠳ ᠬᠤᠣᠷ | ᠬᠥᠨᠥᠭᠡᠯ ᠤᠨ ᠦᠷ᠎ᠡ ᠤᠷᠰᠢᠭ ᠨᠢ ᠬᠥᠩᠭᠡᠪᠲᠦᠷ ᠪᠥᠭᠡᠳ ᠴᠠᠭ ᠲᠤᠬᠠᠢ ᠳᠤᠨᠢ ᠵᠠᠯᠠᠷᠠᠭᠤᠯᠤᠭᠰᠠᠨ ᠪᠠᠶᠢᠪᠠᠯ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ᠶᠢᠨ | ᠲᠣᠭᠲᠠᠭᠠᠯ ᠶᠣᠰᠣᠭᠠᠷ ᠬᠦᠡᠭᠭᠡᠨ ᠰᠢᠢᠳᠭᠡᠬᠦ᠂ ᠬᠥᠩᠭᠡᠷᠡᠭᠦᠯᠦᠨ ᠰᠢᠢᠳᠭᠡᠬᠦ ᠪᠤᠶᠤ ᠰᠢᠢᠳᠭᠡᠯ ᠥᠭᠬᠦ ᠦᠭᠡᠢ᠃ | ᠲᠠᠪᠢᠨ ᠬᠤᠶᠠᠳᠤᠭᠠᠷ ᠵᠦᠢᠯ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠵᠢᠯᠲᠠᠨ ᠲᠤᠰ | ᠳᠦᠷᠢᠮ ᠤᠨ ᠲᠣᠭᠲᠠᠭᠠᠯ ᠶᠣᠰᠣᠭᠠᠷ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠪᠤᠶᠤ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠡᠵᠡᠩᠨᠡᠭᠴᠢ ᠶᠢᠨ ᠦᠢᠯᠡ ᠠᠵᠢᠯᠯᠠᠭ᠎ᠠ ᠶᠢ | ᠥᠮᠥᠭᠯᠡᠭᠰᠡᠨ ᠪᠠᠶᠢᠪᠠᠯ᠂ ᠬᠠᠤᠯᠢ ᠶᠣᠰᠣᠭᠠᠷ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠲᠠᠪᠢᠨ ᠭᠤᠷᠪᠠᠳᠤᠭᠠᠷ ᠵᠦᠢᠯ ᠲᠣᠰ ᠲᠦᠷᠢᠮ ᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | |