ᠫᠢᠩᠵᠤᠸᠠᠩ ᠪᠠᠯᠭᠠᠰᠤ 1935 ᠤᠨ ᠲᠤᠰ ᠭᠠᠵᠠᠷ ᠭᠠᠯᠳᠤ ᠲᠡᠷᠬᠡᠨ ᠤ ᠦᠷᠳᠡᠭᠡ ᠪᠠᠶᠢᠭᠤᠯᠵᠤ᠂ ᠯᠢ ᠯᠢᠶᠠᠨ | ᠸᠧ ᠹᠦ᠋ ᠲᠤᠰᠬᠤᠨ ᠤ ᠲᠡᠷᠬᠡᠳᠠ ᠪᠠᠶᠢᠷᠢᠰᠢᠵᠤ ᠪᠠᠶᠢᠵᠠᠢ᠂ ᠭᠠᠵᠠᠷ ᠤᠨ ᠪᠠᠶᠢᠴᠠ ᠲᠡᠭᠰᠢᠬᠡᠨ ᠤᠴᠢᠷ ᠠᠴᠠ | ᠫᠢᠩᠵᠤᠸᠠᠩ ᠬᠡᠵᠤ ᠨᠡᠷᠡᠶᠢᠳᠦᠨ᠂ ᠠᠭᠠᠵᠢᠮ ᠢᠶᠠᠷ ᠴᠤᠭᠯᠠᠭ᠎ᠠ ᠪᠠᠯᠭᠠᠰᠤ ᠪᠦᠷᠢᠯᠳᠦᠵᠠᠢ᠃ ᠴᠢᠯᠦᠬᠡᠯᠡᠭᠳᠡᠬᠦ ᠠᠴᠠ | ᠡᠮᠦᠨ᠎ᠡ ︵ᠨᠡᠶᠢᠳᠠ ᠶᠢᠨ ᠤᠨ ᠲᠤᠭᠠᠯᠠᠯ ᠤᠨ 1933 — ᠨᠡᠶᠢᠳᠠ ᠶᠢᠨ ᠤᠨ ᠲᠤᠭᠠᠯᠠᠯ ᠤᠨ 1945 ᠤᠨ ᠤ | 8 ᠰᠠᠷ᠎ᠠ︶ ᠣᠣᠯ ᠤᠨ ᠬᠠᠭᠤᠷᠮᠠᠭ ᠮᠠᠨᠵᠤ ᠵᠠᠰᠠᠭ ᠤᠨ ᠬᠠᠷᠠᠴᠢᠨ ᠪᠠᠷᠠᠭᠤᠨ ᠬᠤᠰᠢᠭᠤᠨ ᠤ ᠵᠠᠬᠢᠷᠭ᠎ᠠ ᠶᠢᠨ ᠰᠠᠭᠤᠭ᠎ᠠ | ᠭᠠᠵᠠᠷ ᠪᠠᠶᠢᠪᠠ᠃ ᠴᠢᠯᠦᠬᠡᠯᠡᠭᠳᠡᠭᠰᠡᠨ ᠤ ᠲᠠᠷᠠᠭ᠎ᠠ ᠬᠠᠷᠠᠴᠢᠨ ᠬᠤᠰᠢᠭᠤᠨ ᠤ ᠫᠢᠩᠵᠤᠸᠠᠩ ᠲᠤᠭᠤᠷᠢᠭ ᠢ ᠪᠠᠶᠢᠭᠤᠯᠵᠤ | ᠂ ᠲᠤᠭᠤᠷᠢᠭ ᠤᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠᠶᠢᠪᠠ᠃ 1958 ᠤᠨ ᠳᠤ ᠤᠤᠯ ᠤᠨ | ᠤᠯᠠᠭᠠᠨᠬᠠᠳᠠ ᠬᠤᠳᠠ ᠵᠢᠶᠠᠨ ᠫᠢᠩ ᠵᠤᠸᠠᠩ ᠨᠢᠬᠡᠳᠦᠯ ᠳᠤ ᠬᠤᠪᠢᠶᠠᠨ ᠦᠭᠴᠠᠢ᠂ 1983 ᠤᠨ ᠤ 10 ᠰᠠᠷ᠎ᠠ ᠳᠤ | ᠵᠤᠤ ᠤᠳᠠ ᠠᠶᠢᠮᠠᠭ ᠤᠨ ᠵᠠᠰᠠᠭ ᠵᠠᠬᠢᠷᠭ᠎ᠠ ᠶᠢᠨ ᠪᠠᠶᠢᠭᠤᠯᠤᠮᠵᠢ ᠶᠢ ᠦᠬᠡᠶᠢᠰᠬᠡᠵᠤ᠂ ᠤᠯᠠᠭᠠᠨᠬᠠᠳᠠ ᠬᠤᠳᠠ ᠶᠢ | ᠪᠠᠶᠢᠭᠤᠯᠤᠨ᠂ ᠬᠤᠳᠠ ᠠᠴᠠ ᠰᠢᠶᠠᠨ ᠢ ᠬᠠᠮᠢᠶᠠᠷᠬᠤ ᠲᠤᠭᠳᠠᠯᠴᠠᠭ᠎ᠠ ᠶᠢ ᠬᠡᠷᠡᠭᠵᠢᠬᠦᠯᠵᠤ᠂ ᠤᠤᠯ ᠤᠨ ᠤᠯᠠᠭᠠᠨᠬᠠᠳᠠ | ᠬᠤᠳᠠ ᠶᠢ ᠬᠤᠩᠱᠠᠨ ᠲᠤᠭᠤᠷᠢᠭ ᠪᠤᠯᠭᠠᠨ ᠦᠬᠡᠷᠡᠴᠢᠯᠡᠨ ᠪᠠᠶᠢᠭᠤᠯᠵᠠᠢ᠂ 1983 ᠤᠨ ᠤ ᠵᠢᠯ ᠤᠨ ᠡᠴᠦᠰ ᠶᠤᠸᠠᠨ | ᠪᠤᠤ ᠱᠠᠨ ᠲᠤᠭᠤᠷᠢᠭ ᠪᠠᠶᠢᠭᠤᠯᠤᠭᠳᠠᠬᠤ ᠦᠶᠡᠰ᠂ ᠫᠢᠩᠵᠤᠸᠠᠩ ᠨᠢᠬᠡᠳᠦᠯ ᠢ ᠬᠤᠪᠢᠶᠠᠨ ᠤᠷᠤᠭᠤᠯᠵᠤ᠂ 1984 | ᠤᠨ ᠳᠤ ᠫᠢᠩᠵᠤᠸᠠᠩ ᠪᠠᠯᠭᠠᠰᠤ ᠭᠡᠵᠤ ᠦᠬᠡᠷᠡᠴᠢᠯᠡᠨ ᠪᠠᠶᠢᠭᠤᠯᠵᠠᠢ᠃ 2005 ᠤᠨ ᠤ 11 ᠰᠠᠷ᠎ᠠ ᠶᠢᠨ 12 ᠤ | ᠡᠳᠦᠷ ᠶᠤᠸᠠᠨ ᠪᠤᠤ ᠱᠠᠨ ᠲᠤᠭᠤᠷᠢᠭ ᠲᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠠ ᠶᠠᠪᠤᠭᠤᠯᠵᠤ | ᠂ ᠤᠤᠯ ᠤᠨ ᠱᠠᠨ ᠴᠢᠶᠠᠨ ᠪᠠᠯᠭᠠᠰᠤ᠂ ᠫᠢᠩᠵᠤᠸᠠᠩ ᠪᠠᠯᠭᠠᠰᠤ᠂ ᠮᠠ ᠲᠢ ᠢᠩᠽᠢ ᠰᠢᠶᠠᠩ ᠪᠤᠯᠤᠨ ᠬᠦ᠋ ᠱᠠᠨ | ᠪᠠᠯᠭᠠᠰᠤ ᠶᠢᠨ ᠯᠢᠩ ᠱᠠᠩ ᠲᠤᠰᠬᠤᠨ᠂ ᠱᠦᠢ ᠶᠤᠸᠠᠨ ᠲᠤᠰᠬᠤᠨ ᠢ ᠬᠠᠮᠳᠤᠷᠠᠭᠤᠯᠤᠨ ᠫᠢᠩᠵᠤᠸᠠᠩ ᠪᠠᠯᠭᠠᠰᠤ | ᠪᠤᠯᠭᠠᠵᠤ᠂ ᠪᠠᠯᠭᠠᠰᠤᠨ ᠤ ᠵᠠᠰᠠᠭ ᠤᠨ ᠤᠷᠳᠤᠨ ᠢ ᠨᠢ ᠤᠤᠯ ᠤᠨ ᠫᠢᠩᠵᠤᠸᠠᠩ ᠪᠠᠯᠭᠠᠰᠤᠨ ᠤ ᠵᠠᠰᠠᠭ ᠤᠨ | ᠤᠷᠳᠤᠨ ᠤ ᠰᠠᠭᠤᠭ᠎ᠠ ᠭᠠᠵᠠᠷ ᠪᠠᠶᠢᠭᠤᠯᠵᠠᠢ᠃ | | |