ᠰᠢᠶᠣᠣ ᠦ᠋ ᠵᠢᠶᠠ ᠰᠢᠶᠠᠩ ᠡᠷᠳᠡᠨᠢ ᠰᠢᠰᠢ ᠶᠢᠨ ᠬᠠᠯᠢᠰᠤᠨ ᠤ ᠭᠠᠷ ᠤᠷᠠᠯᠠᠯ ᠤᠨ ᠨᠡᠬᠡᠮᠡᠯ ᠤᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/3/26
   
1_副本.jpg
       3 ᠰᠠᠷ᠎ᠠ ᠶᠢᠨ 19 ᠎ ᠤ ᠡᠳᠦᠷ ᠂ ᠳᠤᠯᠤᠭᠠᠨ ᠡᠳᠦᠷ ᠤᠨ ᠬᠤᠭᠤᠴᠠᠭ᠎ᠠ ᠲᠠᠢ ᠰᠢᠶᠣᠣ ᠦ᠋ ᠵᠢᠶᠠ ᠰᠢᠶᠠᠩ ᠤᠨ ᠡᠷᠳᠡᠨᠢ ᠰᠢᠰᠢ ᠶᠢᠨ ᠬᠠᠯᠢᠰᠤᠨ ᠤ ᠭᠠᠷ ᠤᠷᠠᠯᠠᠯ ᠤᠨ ᠨᠡᠬᠡᠮᠡᠯ ᠤᠨ ᠪᠣᠯᠪᠠᠰᠤᠷᠠᠯ ᠤᠨ ᠠᠩᠭᠢ ᠡᠬᠢᠯᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠵᠤ ᠂ ᠡᠮᠡᠭᠲᠡᠶᠢᠴᠦᠳ ᠤᠨ ᠬᠤᠯᠪᠤᠭᠠᠨ ᠤ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠥᠪᠡᠷᠮᠢᠴᠡ ᠦᠢᠯᠡᠳᠦᠯ ᠪᠣᠯᠣᠨ ᠡᠮᠡᠭᠲᠡᠶᠢᠴᠦᠳ ᠤᠨ ︽ ᠲᠡᠭᠷᠢ ᠶᠢᠨ ᠬᠠᠭᠠᠰ ᠲᠤᠯᠭᠠᠭᠤᠷᠢ︾ ᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠡᠮᠡᠭᠲᠡᠢ ᠨᠥᠬᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠪᠡ ᠃
2_副本.jpg
       ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ ᠂ ᠬᠢᠷᠢᠨ ᠮᠤᠵᠢ ᠶᠢᠨ ᠢᠦᠢ ᠱᠣ᠋ ᠬᠤᠳᠠ ᠶᠢᠨ ᠡᠮᠡᠭᠲᠡᠶᠢᠴᠦᠳ ᠤᠨ ᠡᠪᠡᠰᠦᠨ ᠭᠦᠷᠦᠮᠡᠯ ᠤᠨ ᠲᠤᠰᠬᠠᠢ ᠬᠤᠷᠰᠢᠶᠠᠨ ᠤ ᠰᠢᠯᠢᠳᠡᠭ ᠯᠧᠺᠲ᠋ᠣᠷ ᠰᠦᠨ ᠸᠧᠢ ᠯᠢ 20 ᠭᠠᠷᠤᠢ ᠰᠤᠷᠤᠯᠴᠠᠭᠴᠢᠳ ᠲᠤ ᠡᠪᠡᠰᠦᠨ ᠭᠦᠷᠦᠮᠡᠯ ᠤᠨ ᠪᠦᠲᠦᠭᠡᠭᠳᠡᠬᠦᠨ ᠤ ᠪᠣᠷᠤᠯᠠᠭᠤᠯᠭ᠎ᠠ ᠂ ᠡᠮᠡᠭᠲᠡᠶᠢᠴᠦᠳ ᠤᠨ ᠠᠵᠢᠯ ᠣᠯᠭᠤᠯᠲᠠ ᠶᠢ ᠳᠠᠶᠢᠴᠢᠯᠠᠬᠤ ᠵᠡᠷᠭᠡ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠤᠨᠤᠯ ᠤᠨ ᠲᠠᠶᠢᠯᠪᠤᠷᠢᠯᠠᠯᠲᠠ ᠂ ᠲᠤᠬᠠᠢ ᠶᠢᠨ ᠲᠠᠯᠠᠪᠠᠢ ᠶᠢᠨ ᠵᠢᠯᠣᠭᠤᠳᠤᠯᠭ᠎ᠠ ᠪᠣᠯᠣᠨ ᠪᠦᠲᠦᠭᠡᠯ ᠤᠨ ᠦᠵᠡᠭᠦᠯᠦᠯᠭᠡ ᠦᠨᠡᠯᠡᠯᠲᠡ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ ᠂ ᠤᠯᠠᠨ ᠳᠤ ᠡᠷᠳᠡᠨᠢ ᠰᠢᠰᠢ ᠶᠢᠨ ᠬᠠᠯᠢᠰᠤᠨ ᠤ ᠭᠠᠷ ᠤᠷᠠᠯᠠᠯ ᠤᠨ ᠨᠡᠬᠡᠮᠡᠯ ᠤᠨ ᠤᠷ᠎ᠠ ᠮᠡᠷᠭᠡᠵᠢᠯ ᠢ ᠵᠢᠭᠠᠵᠤ ᠥᠭᠴᠡᠢ ᠃ ᠪᠣᠯᠪᠠᠰᠤᠷᠠᠯ ᠤᠨ ᠲᠤᠬᠠᠢ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠰᠤᠷᠤᠯᠴᠠᠭᠴᠢᠳ ᠪᠦᠷ ᠲᠤᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠲᠤᠩ  ᠪᠣᠲᠠᠲᠤ ᠬᠡᠷᠡᠭᠯᠡᠭᠡᠨ ᠤ ᠴᠢᠨᠠᠷ ᠲᠠᠢ ᠭᠡᠵᠦ ᠢᠯᠡᠳᠬᠡᠵᠡᠭᠡᠨ᠎ᠡ᠃ ᠰᠤᠷᠤᠯᠴᠠᠭᠴᠢ ᠸᠠᠩ ᠡᠭᠡᠴᠢ᠄ ︽ᠡᠨᠡ ᠬᠦ ᠭᠠᠷ ᠤᠷᠠᠯᠠᠯ ᠤᠨ ᠠᠵᠢᠯ ᠬᠥᠳᠡᠭᠡ ᠲᠣᠰᠬᠤᠨ ᠳᠤ ᠲᠣᠬᠢᠷᠠᠨ᠎ᠠ᠂ ᠲᠦᠭᠦᠬᠡᠢ ᠮᠠᠲ᠋ᠧᠷᠢᠶᠠᠯ ᠡᠷᠳᠡᠨᠢ ᠰᠢᠰᠢ ᠶᠢᠨ ᠬᠠᠯᠢᠰᠤ ᠎ ᠨᠢ ᠪᠢᠳᠡᠨ ᠳᠤ ᠥᠪᠡᠷ ᠢᠶᠠᠨ ᠪᠠᠶᠢᠨ᠎ᠠ᠂ ᠭᠠᠳᠠᠭᠰᠢ ᠭᠠᠷᠬᠤ ᠦᠭᠡᠢ ᠪᠠᠷ ᠵᠣᠭᠤᠰ ᠣᠯᠵᠤ ᠪᠣᠯᠣᠨ᠎ᠠ᠂ ᠦᠨᠡᠬᠡᠷ ᠰᠠᠶᠢᠨ ᠪᠠᠶᠢᠨ᠎ᠠ ︾ ᠭᠡᠵᠦ ᠬᠡᠯᠡᠨ᠎ᠡ᠃
3_副本.jpg
       ᠲᠣᠰ ᠤᠳᠠᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠨᠢ ᠡᠮᠡᠭᠲᠡᠢ ᠴᠢᠳᠠᠪᠤᠷᠢᠲᠠᠨ ᠳᠤ ᠬᠠᠷᠢᠯᠴᠠᠨ ᠣᠶᠢᠯᠠᠭᠠᠯᠴᠠᠨ ᠨᠡᠪᠲᠡᠷᠡᠯᠴᠡᠬᠦ᠂ ᠬᠠᠮᠲᠤ ᠪᠠᠷ ᠦᠰᠦᠨ ᠪᠣᠶᠢᠵᠢᠬᠤ ᠲᠠᠪᠴᠠᠩ ᠢ ᠪᠠᠶᠢᠭᠤᠯᠤᠨ ᠥᠭᠴᠦ᠂ ᠡᠮᠡᠭᠲᠡᠶᠢᠴᠦᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠨ ᠠᠵᠢᠯ ᠣᠯᠬᠤ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠂ ᠰᠢᠶᠣᠣ ᠥ᠋ ᠵᠢᠶᠠ ᠰᠢᠶᠠᠩ ᠤᠨ ᠬᠢᠨ ᠪᠦᠬᠦ ᠰᠢᠶᠠᠩ ᠤᠨ ᠡᠯ᠎ᠡ ᠲᠦᠷᠦᠯ ᠤᠨ ᠡᠬᠢ ᠪᠠᠶᠠᠯᠢᠭ ᠢ ᠴᠢᠨᠠᠭᠰᠢᠳᠠ ᠨᠡᠶᠢᠳᠬᠡᠵᠦ ᠂ ᠡᠭᠡᠯᠵᠢᠯᠡᠨ ᠪᠣᠯᠪᠠᠰᠤᠷᠠᠭᠤᠯᠬᠤ ᠪᠠᠷ ᠳᠠᠮᠵᠢᠨ ᠥᠷᠭᠡᠨ ᠤᠯᠠᠨ ᠡᠮᠡᠭᠲᠡᠶᠢᠴᠦᠳ ᠎ ᠢ ᠭᠠᠷ ᠤᠷᠠᠯᠠᠯ ᠤᠨ ᠨᠡᠬᠡᠮᠡᠯ ᠳᠤ ᠣᠷᠣᠯᠴᠠᠭᠤᠯᠵᠤ ᠂ ᠡᠮᠡᠭᠲᠡᠶᠢᠴᠦᠳ ᠤᠨ ᠠᠩᠬᠠᠨ ᠎ ᠤ ᠡᠭᠦᠳᠦᠯᠲᠡ ᠶᠢᠨ ᠴᠢᠳᠠᠪᠤᠷᠢ ᠪᠣᠯᠣᠨ ᠨᠡᠬᠡᠮᠡᠯ ᠤᠨ ᠤᠷᠮ᠎ᠠ ᠪᠠᠬ᠎ᠠ ᠶᠢ ᠭᠦᠢᠴᠡᠳ ᠬᠥᠭᠵᠢᠭᠡᠵᠦ ᠂ ᠡᠮᠡᠭᠲᠡᠶᠢᠴᠦᠳ ᠢ ᠬᠠᠪᠰᠤᠷᠤᠨ ᠣᠷᠣᠯᠭ᠎ᠠ ᠶᠢ ᠎ ᠨᠢ ᠨᠡᠮᠡᠭᠳᠡᠭᠦᠯᠵᠦ ᠂ ᠪᠠᠶᠠᠵᠢᠯ ᠤᠨ ᠵᠠᠮ ᠢᠶᠠᠷ ᠵᠠᠮᠨᠠᠭᠤᠯᠵᠤ ᠂ ᠰᠢᠶᠣᠣ ᠥ᠋ ᠵᠢᠶᠠ ᠰᠢᠶᠠᠩ ᠤᠨ ᠬᠥᠭᠵᠢᠯ ᠮᠠᠨᠳᠤᠯ ᠢ ᠪᠡᠶᠡᠯᠡᠭᠦᠯᠬᠦ ᠶᠠᠪᠤᠴᠠ ᠳᠤ ᠰᠢᠨ᠎ᠡ ᠭᠠᠪᠢᠶ᠎ᠠ ᠪᠠᠶᠢᠭᠤᠯᠵᠤ ᠰᠢᠨ᠎ᠡ ᠦᠢᠯᠡᠰ ᠪᠣᠰᠬᠠᠬᠤ ᠪᠣᠯᠣᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1