ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 4 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
   
1_副本.jpg
       3 ᠰᠠᠷ᠎ᠠ ᠶᠢᠨ 20᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 4 ᠳ᠋ᠤᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠶᠠᠨ ᠪᠥᠸᠧ᠂ ᠶᠢᠨ ᠮᠢᠩ᠂ ᠫᠧᠩ ᠰᠢᠶᠣᠣ ᠵᠢᠤᠸᠠᠨ᠂ ᠶᠢᠨ ᠲᠧᠩ ᠵᠢᠶᠣᠣ᠂ ᠶᠠᠩ ᠰᠢᠨ ᠢᠦᠢ ᠬᠤᠷᠠᠯ ᠳᠤ ᠣᠷᠣᠯᠴᠠᠵᠤ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ ᠠᠷᠪᠠᠨ ᠳᠥᠷᠪᠡᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠯᠢᠲ᠋ᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠬᠡᠷᠡᠭᠵᠢᠭᠦᠯᠬᠦ ᠲᠥᠰᠥᠯ︾ ᠪᠠ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾᠎ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠂ ᠡᠯ᠎ᠡ ᠪᠠᠯᠭᠠᠰᠤ ᠰᠢᠶᠠᠩ ᠵᠡᠭᠡᠯᠢ ᠂ ᠡᠯ᠎ᠡ ᠰᠠᠯᠠᠭ᠎ᠠ ᠮᠥᠴᠢᠷ ᠤᠨ ᠬᠢᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠨᠠᠷᠢᠨ ᠨᠢᠭᠲᠠ ᠪᠠᠶᠢᠷᠢᠯᠠᠭᠤᠯᠵᠤ ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ ᠃ ᠬᠥᠭᠵᠢᠭᠦᠯᠦᠯᠲᠡ ᠎ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ ᠂ ᠵᠢᠯ ᠤᠨ ᠡᠬᠢᠨ ᠤ ᠲᠣᠭᠲᠠᠭᠰᠠᠨ ᠬᠠᠷᠠᠯᠲᠠ ᠲᠠᠢ ᠨᠢᠭᠲᠠ ᠤᠶᠠᠯᠳᠤᠭᠤᠯᠵᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ ᠠᠬᠤᠢ ᠶᠢᠨ ᠠᠵᠢᠯᠯᠠᠭᠠᠨ ᠢ ᠬᠢᠨᠠᠨ ᠰᠢᠨᠵᠢᠵᠦ ᠵᠠᠳᠠᠯᠬᠤ ᠶᠢ ᠴᠢᠩᠭᠠᠳᠬᠠᠵᠤ ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ ᠂ ᠵᠢᠷᠤᠭ ᠡᠯᠭᠦᠨ ᠪᠠᠶᠢᠯᠳᠤᠵᠤ ᠂ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ︽ ᠪᠦᠬᠦ ᠵᠢᠯ ᠤᠨ ᠰᠠᠶᠢᠨ ᠰᠠᠶᠢᠬᠠᠨ ︾᠎ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ ᠂ ᠮᠠᠨ ᠤ ᠲᠣᠭᠤᠷᠢᠭ ᠤᠨ ᠯᠠᠪᠳᠠᠭᠤᠨ ᠪᠠᠲᠤᠲᠠᠢ ᠠᠵᠤ ᠦᠢᠯᠡᠳᠪᠦᠷᠢ ᠶᠢᠨ ᠰᠠᠭᠤᠷᠢ ᠶᠢ ᠭᠦᠢᠴᠡᠳ ᠠᠰᠢᠭᠯᠠᠵᠤ ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ ᠂ ᠬᠤᠳᠠᠯᠳᠤᠭᠠᠴᠢᠨ ᠤᠷᠢᠬᠤ ᠠᠷᠭ᠎ᠠ ᠬᠡᠯᠪᠡᠷᠢ ᠶᠢ ᠴᠢᠨᠠᠭᠰᠢᠳᠠ ᠰᠢᠯᠢᠳᠡᠭᠵᠢᠭᠦᠯᠵᠦ ᠂ ᠣᠶᠤᠨᠴᠢᠯᠠᠭᠰᠠᠨ ᠂ ᠪᠣᠬᠢᠷᠲᠤᠯ ᠦᠭᠡᠢ ᠪᠣᠯᠭᠠᠭᠰᠠᠨ ᠂ ᠠᠭᠤᠰᠤᠯᠴᠠᠭᠤᠯᠤᠭᠰᠠᠨ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠰᠢᠨ᠎ᠡ ᠮᠡᠷᠭᠡᠵᠢᠯ ᠂ ᠰᠢᠨ᠎ᠡ ᠲᠥᠬᠦᠭᠡᠷᠦᠮᠵᠢ ᠂ ᠰᠢᠨ᠎ᠡ ᠦᠢᠯᠡᠳᠬᠦᠨ ᠂ ᠰᠢᠨ᠎ᠡ ᠮᠠᠲ᠋ᠧᠷᠢᠶᠠᠯ ᠵᠡᠷᠭᠡ ᠪᠠᠷ ᠭᠤᠣᠯ ᠪᠣᠯᠭᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠦᠷᠦᠯ ᠵᠦᠢᠯ ᠢ ᠨᠡᠩ ᠤᠯᠠᠨ ᠲᠠᠲᠠᠵᠤ ᠠᠪᠴᠢᠷᠠᠬᠤ ᠬᠡᠷᠡᠭᠲᠡᠢ ᠃ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ ᠂ ᠨᠡᠮᠡᠭᠳᠡᠯ ᠤᠨ ᠬᠡᠮᠵᠢᠶ᠎ᠡ ᠶᠢ ᠶᠡᠬᠡᠰᠬᠡᠬᠦ ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ ᠂ ᠨᠢᠭᠡ ᠪᠦᠯᠦᠭ ᠴᠢᠨᠠᠷ ᠰᠠᠶᠢᠲᠠᠢ ᠲᠥᠷᠥᠯ ᠵᠥᠢᠯ ᠢ ᠲᠥᠯᠥᠪᠯᠡᠵᠦ᠂ ᠨᠥᠭᠡᠴᠡᠯᠡᠵᠦ᠂ ᠠᠵᠢᠯ ᠡᠬᠢᠯᠡᠭᠦᠯᠵᠦ᠂ ᠪᠦᠲᠦᠭᠡᠨ ᠪᠠᠶᠢᠭᠤᠯᠵᠤ᠂ ᠠᠰᠢᠭᠯᠠᠯᠲᠠ ᠳᠤ ᠣᠷᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠦᠨᠡᠨ ᠬᠦ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠶᠤᠸᠠᠨ ᠪᠣᠥ ᠱᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠢ ᠦᠷᠭᠦᠯᠵᠢᠯᠡᠨ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1