ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
   
1_副本.jpg
       3 ᠰᠠᠷ᠎ᠠ ᠶᠢᠨ 20᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠸᠠᠩ ᠶᠠᠨ ᠪᠥᠸᠧ᠂ ᠶᠢᠨ ᠮᠢᠩ᠂ ᠫᠧᠩ ᠰᠢᠶᠣᠣ ᠵᠢᠤᠸᠠᠨ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠠᠭᠠᠲᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠂ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠰᠣᠨᠣᠰᠪᠠ ︔ ︽ ᠶᠤᠸᠠᠨ ᠪᠦᠦ ᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵ 2024 ︱2026 ᠣᠨ ︶ ︵ ᠶᠠᠷᠢᠯᠴᠠᠬᠤ ᠨᠣᠣᠷᠠᠭ ︶ ︾ ᠪᠣᠯᠣᠨ ︽ ᠶᠤᠸᠠᠨ ᠪᠦᠦ ᠱᠠᠨ ᠲᠣᠭᠤᠷᠢᠭ ᠤᠨ ︿ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠬᠠᠮᠢᠶᠠᠷᠬᠤ᠂ ᠥᠢᠯᠡᠳᠪᠥᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠬᠠᠮᠢᠶᠠᠷᠬᠤ﹀ ᠲᠣᠭᠲᠠᠭᠠᠯ ᠤᠳ ︵ ᠶᠠᠷᠢᠯᠴᠠᠬᠤ ᠨᠣᠣᠷᠠᠭ ︶ ︾ ᠎ ᠢ ᠬᠢᠨᠠᠨ ᠵᠥᠪᠯᠡᠪᠡ︔ ᠲᠤᠭ᠎ᠠ ᠪᠦᠷᠢᠳᠬᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠪᠠ ︔ ᠤᠯᠠᠭᠠᠨᠬᠠᠳᠠ ᠶᠤᠸᠠᠨ ᠪᠣᠥ ᠱᠠᠨ ᠨᠢᠭᠡᠳᠦᠭᠡᠷ ᠳᠡᠰ ᠤᠨ ᠵᠠᠮ ᠤᠨ ᠨᠣᠭᠤᠭᠠᠷᠠᠭᠤᠯᠤᠯᠲᠠ ᠶᠢ ᠠᠷᠠᠴᠢᠯᠠᠨ ᠪᠣᠶᠢᠵᠢᠭᠤᠯᠬᠤ ᠲᠦᠷᠦᠯ ᠵᠦᠢᠯ ᠢ ᠬᠡᠷᠡᠭᠵᠢᠭᠦᠯᠬᠦ ᠂ ᠽᠢ ᠢᠦᠢ ᠬᠤᠸᠠ ᠹᠦ᠋ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠪᠠᠶᠢᠭᠤᠯᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠤᠳ ᠢ ᠰᠤᠳᠤᠯᠪᠠ ᠃    ᠬᠤᠷᠠᠯ ᠠᠴᠠ ᠂ ᠪᠦᠬᠦ ᠲᠣᠭᠤᠷᠢᠭ ᠢᠶᠠᠷ ᠢᠶᠠᠨ ᠬᠠᠷᠠᠯᠲᠠ ᠡᠭᠦᠷᠭᠡ ᠪᠠᠨ ᠲᠣᠭᠲᠠᠭᠠᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ ᠠᠮᠢ ᠴᠦᠯᠡᠨ ᠲᠡᠮᠡᠴᠡᠬᠦ ᠤᠬᠠᠮᠰᠠᠷ ᠢᠶᠠᠨ ᠴᠢᠩᠭᠠᠳᠬᠠᠵᠤ ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠡᠷᠴᠢᠮᠲᠡᠢ ᠰᠠᠶᠢᠲᠤᠷ ᠬᠢᠵᠦ ᠂ ᠲᠦᠷᠦᠭᠦᠦ ᠤᠯᠠᠷᠢᠯ ᠤᠨ ︽ ᠰᠠᠶᠢᠨ ᠡᠬᠢᠯᠡᠯᠲᠡ ︾ ᠎ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ︽ ᠬᠤᠣᠰ ᠬᠠᠭᠠᠰ ᠳᠠᠪᠠᠭ᠋ᠤ ︾ ᠂ ︽ ᠪᠦᠬᠦ ᠵᠢᠯ ᠳᠤ ᠪᠠᠨ ᠰᠠᠶᠢᠨ ︾᠎ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠳᠬᠠᠵᠤ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠂ ᠦᠢᠯᠡᠳᠪᠦᠷᠢᠯᠡᠯ ᠡᠵᠡᠩᠨᠡᠯᠲᠡ ᠵᠡᠷᠭᠡ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ ᠂ ᠠᠵᠤ ᠠᠬᠤᠶᠢᠯᠠᠯ ᠤᠨ ᠭᠦᠢᠴᠡᠳ ᠳᠠᠭᠠᠭᠠᠴᠠ ᠲᠠᠢ ᠦᠢᠯᠡᠳᠪᠦᠷᠢᠯᠡᠯ ᠢ ᠠᠬᠢᠭᠤᠯᠬᠤ ᠬᠡᠷᠡᠭᠲᠡᠢ ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ ᠂ ᠵᠢᠷᠤᠭ ᠡᠯᠭᠦᠨ ᠪᠠᠶᠢᠯᠳᠤᠭᠠᠨ ᠬᠢᠵᠦ ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠂ ᠲᠦᠷᠦᠯ ᠵᠦᠢᠯ ᠢ ᠬᠠᠮᠢᠶᠠᠷᠬᠤ ᠶᠢ ᠴᠢᠩᠭ᠎ᠠ ᠠᠩᠬᠠᠷᠴᠤ ᠂ ᠪᠦᠬᠦ ᠦᠶᠡᠯᠡᠯ ᠤᠨ ᠬᠡᠯᠪᠡᠷᠢ ᠪᠠᠷ ᠦᠢᠯᠡᠴᠢᠯᠡᠭᠡ ᠶᠢ ᠰᠠᠶᠢᠲᠤᠷ ᠬᠢᠵᠦ ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠴᠠᠭ ᠢᠮᠠᠭᠲᠠ ᠰᠠᠨᠠᠭ᠎ᠠ ᠠᠮᠤᠷ ᠦᠭᠡᠢ ᠂ ᠤᠨᠲᠠᠬᠤ ᠨᠤᠶᠢᠷ ᠢᠶᠠᠨ ᠤᠮᠠᠷᠲᠠᠬᠤ ᠬᠠᠷᠢᠭᠤᠴᠠᠯᠭᠠᠲᠤ ᠰᠡᠳᠬᠢᠯᠭᠡ ᠪᠠᠷ ᠨᠡᠭᠦᠷᠡᠰᠦᠨ ᠠᠭᠤᠷᠬᠠᠢ ᠂ ᠭᠠᠯ ᠤᠨᠲᠠᠷᠠᠭᠠᠬᠤ ᠂ ᠰᠢᠲᠠᠮᠠᠬᠠᠢ ᠬᠡᠢ ᠂ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠣᠨ ᠡᠮᠨᠡᠯᠭᠡ ᠶᠢᠨ ᠬᠤᠷᠢᠶ᠎ᠠ ᠂ ᠰᠤᠷᠭᠠᠭᠤᠯᠢ ᠶᠢᠨ ᠬᠦᠷᠢᠶ᠎ᠡ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠨ ᠴᠡᠭᠴᠡᠯᠡᠨ ᠵᠠᠰᠠᠵᠤ ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ ᠂ ᠪᠦᠬᠦ ᠲᠣᠭᠤᠷᠢᠭ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠎ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠂ ᠨᠡᠩ ᠡᠷᠡᠰ ᠪᠠᠲᠤ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠡᠯ᠎ᠡ ᠲᠦᠷᠦᠯ ᠤᠨ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ ᠂ ᠦᠨᠳᠦᠰᠦᠲᠡᠨ ᠤ ᠪᠦᠯᠬᠦᠮᠳᠡᠯ ᠤᠨ ᠬᠠᠮᠲᠤᠪᠠᠷ ᠴᠣᠭᠴᠠᠯᠠᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠮᠥᠨ᠎ᠡ ᠨᠢ ᠤᠷᠤᠭᠰᠢᠯᠠᠵᠤ ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠢ ᠪᠣᠳᠠᠲᠠᠢ ᠰᠠᠶᠢᠲᠤᠷ ᠠᠳᠬᠤᠵᠤ ᠂ ᠣᠨᠴᠠᠯᠢᠭᠲᠤ ᠠᠵᠤ ᠦᠢᠯᠡᠰ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠲᠠᠷᠢᠶᠠᠴᠢᠳ ᠤᠨ ᠣᠷᠣᠯᠭ᠎ᠠ ᠶᠢ ᠴᠢᠨᠠᠭᠰᠢᠳᠠ ᠨᠡᠮᠡᠭᠳᠡᠭᠦᠯᠵᠦ ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠬᠡᠷᠡᠭᠲᠡᠢ ᠃ ᠬᠠᠤᠯᠢ ᠶᠣᠰᠣᠭᠠᠷ ᠪᠦᠷᠢᠳᠬᠡᠬᠦ ᠂ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠎ ᠶᠢ ᠪᠦᠬᠦ ᠲᠠᠯ᠎ᠠ ᠪᠠᠷ ᠠᠬᠢᠭᠤᠯᠵᠤ ᠂ ︽ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠵᠡᠷᠭᠡ ᠠᠵᠢᠯ ᠢ ᠴᠢᠨᠠᠷ ᠰᠠᠶᠢᠲᠠᠢ ᠥᠷᠨᠢᠭᠦᠯᠵᠦ ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ ᠎ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠃ ᠵᠠᠰᠠᠮᠠᠯ ᠵᠠᠮ ᠤᠨ ᠨᠣᠭᠤᠭᠠᠷᠠᠭᠤᠯᠤᠯᠲᠠ ᠪᠣᠶᠢᠵᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ ᠂ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠣᠶᠤᠨᠲᠤ ᠵᠠᠮ ᠬᠠᠷᠢᠯᠴᠠᠭᠠᠨ ᠤ ᠲᠥᠬᠦᠭᠡᠷᠦᠮᠵᠢ ᠵᠢᠴᠢ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠂ ᠣᠶᠤᠨᠴᠢᠯᠠᠭᠰᠠᠨ ᠰᠤᠷᠭᠠᠨ ᠬᠥᠮᠦᠵᠢᠯ ᠤᠨ ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃ ᠨᠡᠶᠢᠭᠡᠮ ᠲᠣᠭᠤᠷᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠰᠠᠭᠤᠭᠠᠯᠢ ᠠᠷᠠᠳ ᠲᠤ ᠨᠡᠩ ᠰᠢᠯᠢᠳᠡᠭ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠠᠷ ᠬᠦᠴᠦᠯᠡᠵᠦ ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠦᠷ᠎ᠡ ᠂ ᠲᠠᠷᠢᠶᠠᠨ ᠡᠮ ᠂ ᠬᠢᠮᠢ ᠶᠢᠨ ᠪᠣᠷᠳᠣᠭᠤᠷ ᠵᠡᠷᠭᠡ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ ᠃    ᠬᠤᠷᠠᠯ ᠎ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1