ᠵᠠᠩ ᡁᠢ ᠸᠧᠢ ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠠᠵᠢᠯ ᠤᠨ ᠠᠬᠢᠴᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/3/26
    3 ᠰᠠᠷ᠎ᠠ ᠶᠢᠨ 20 ᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠤᠷᠢᠳ ᠬᠤᠵᠢᠳ ᠶᠤᠸᠠᠨ ᠪᠦᠦ ᠱᠠᠨ ᠤ ᠪᠠᠯᠭᠠᠰᠤᠨ ᠤ ᠵᠢᠶᠠᠨ ᠴᠠᠩ ᠶᠢᠩ ᠲᠣᠰᠬᠤᠨ ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠳᠤ ︽ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠠᠵᠢᠯ ᠤᠨ ᠠᠬᠢᠴᠠ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠣᠳᠤᠯᠵᠠᠢ᠃ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ ᠃
1_副本.jpg
2_副本.jpg
3_副本.jpg
       ᠶᠤᠸᠠᠨ ᠪᠦᠦ ᠱᠠᠨ ᠪᠠᠯᠭᠠᠰᠤᠨ ᠤ ᠵᠢᠶᠠᠨ ᠴᠠᠩ ᠶᠢᠩ ᠲᠣᠰᠬᠤᠨ ᠤ ᠤᠯᠠᠭᠠᠨᠬᠠᠳᠠ ᠶᠢᠨ ᠵᠥᠸᠧ ᠭᠠᠢ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠂ ᠵᠠᠩ ᡁᠢ ᠸᠧᠢ ︽ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠠᠵᠢᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ ᠂ ᠠᠵᠤ ᠠᠬᠤᠶᠢᠯᠠᠯ ᠢ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠭᠦᠢᠴᠡᠳᠬᠡᠵᠦ ᠂ ᠰᠠᠨᠠᠭᠠᠴᠢᠯᠠᠭᠠᠲᠤ ᠤᠬᠠᠮᠰᠠᠷ ᠢᠶᠠᠨ ᠴᠢᠩᠭᠠᠳᠬᠠᠵᠤ ᠂ ᠮᠠᠲ᠋ᠧᠷᠢᠶᠠᠯ ᠢᠶᠠᠨ ᠦᠨᠡᠨ ᠮᠥᠨ ᠢᠶᠠᠷ ᠨᠢ ᠲᠠᠭᠯᠠᠨ ᠮᠡᠳᠡᠭᠦᠯᠵᠦ ᠂ ᠲᠤᠰ ᠪᠡᠶ᠎ᠡ ᠶᠢᠨ ᠬᠥᠭᠵᠢᠯᠲᠡ ᠶᠢᠨ ᠪᠠᠶᠢᠳᠠᠯ ᠢᠶᠠᠨ ᠦᠨᠡᠨ ᠪᠣᠳᠠᠲᠠᠢ ᠪᠠᠷ ᠲᠤᠰᠬᠠᠬᠤ ᠬᠡᠷᠡᠭᠲᠡᠢ ᠭᠡᠵᠦ ᠱᠠᠭᠠᠷᠳᠠᠪᠠ ᠃ ᠲᠡᠷᠡ ᠴᠢᠬᠤᠯᠠᠴᠢᠯᠠᠭᠰᠠᠨ ᠨᠢ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠢ ︽ᠪᠦᠬᠦ ᠲᠠᠯ᠎ᠠ ᠶᠢᠨ ᠪᠡᠶ᠎ᠡ ᠎ ᠶᠢᠨ ᠪᠠᠶᠢᠴᠠᠭᠠᠯᠲᠠ︾ ᠮᠥᠨ᠂ ᠪᠠᠰᠠ ᠴᠤ ᠠᠵᠤ ᠠᠬᠤᠢ ᠶᠢᠨ ᠬᠥᠭᠵᠢᠯᠲᠡ ᠶᠢᠨ ᠦᠨᠡᠨ ᠪᠣᠳᠠᠲᠠᠢ ᠬᠢᠷᠢ ᠲᠦᠪᠰᠢᠨ ᠎ ᠢ ᠲᠤᠰᠬᠠᠬᠤ ᠰᠠᠭᠤᠷᠢ ᠮᠥᠨ ᠃ ᠡᠯ᠎ᠡ ᠭᠠᠵᠠᠷ ᠣᠷᠣᠨ ᠨᠤᠭᠤᠳ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ ᠂ ᠨᠡᠶᠢᠳᠡᠮ ᠪᠠᠶᠢᠴᠠᠭᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯᠣᠨ ᠨᠡᠶᠢᠭᠡᠮ ᠨᠡᠶᠢᠲᠡ ᠎ ᠶᠢ ᠦᠨᠡᠨᠬᠦ ᠳᠡᠮᠵᠢᠯᠭᠡ ᠦᠵᠡᠭᠦᠯᠦᠨ ᠂ ᠣᠶᠢᠯᠠᠭᠠᠭᠤᠯᠵᠤ ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠭᠤᠯᠬᠤ ᠬᠡᠷᠡᠭᠲᠡᠢ ᠃ ᠬᠠᠮᠢᠶ᠎ᠠ ᠪᠦᠬᠦᠢ ᠨᠢᠭᠡᠴᠢ ᠨᠦᠭᠦᠳ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠪᠠ ᠬᠠᠷᠭᠤᠭᠤᠯᠤᠨ ᠪᠠᠶᠢᠴᠠᠭᠠᠬᠤ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠵᠣᠯᠭᠠᠭᠤᠯᠬᠤ ᠪᠠ ᠵᠢᠯᠤᠭᠤᠳᠬᠤ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢᠨ ᠵᠠᠳᠠᠯᠤᠯᠲᠠ ᠶᠢ ᠰᠠᠶᠢᠲᠤᠷ ᠬᠢᠵᠦ᠂ ︽ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠡᠯ᠎ᠡ ᠵᠦᠢᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃    ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠱᠥᠨ ᠱᠸᠥ ᠵᠢᠩ  ᠲᠥᠩ ᠵᠡᠰ ᠤᠨ ᠦᠨᠡᠰᠦᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ᠂ ᠨᠢᠩ ᠲᠦᠩ ᠰᠢᠨ᠎ᠡ ᠡᠨᠧᠷᠭᠢ ᠶᠢᠨ ᠳ᠋ᠢᠶᠠᠨ ᡂᠢ ᠶᠢᠨ ᠵᠢᠩᠬᠢᠨᠢ ᠳᠡᠰ ᠤᠨ ᠮᠠᠲ᠋ᠧᠷᠢᠶᠠᠯ ᠤᠨ ᠲᠥᠷᠥᠯ ᠵᠦᠢᠯ᠂ ᠮᠦ ᠹᠠᠨ ᠰᠢᠨᠵᠢᠯᠡᠭᠡ ᠮᠡᠷᠭᠡᠵᠢᠯ ᠤᠨ ᠤᠰᠤᠲᠥ᠋ᠷᠥᠭᠴᠢ ᠰᠢᠪᠲᠦᠷ ᠤᠨ ᠰᠢᠲᠠᠮᠠᠬᠠᠢ ᠬᠡᠢ ᠶᠢᠨ ᠲᠦᠷᠪᠢᠨ ᠤ ᠲᠤᠷᠰᠢᠯᠲᠠ ᠶᠢᠨ ᠰᠠᠭᠤᠷᠢᠨ ᠭᠠᠵᠠᠷ ᠤᠨ ᠲᠥᠷᠥᠯ ᠵᠦᠢᠯ ᠪᠣᠯᠣᠨ ᠶᠤᠸᠠᠨ ᠲᠦᠩ ᠬᠢᠮᠢ ᠶᠢᠨ ᠠᠵᠤ ᠦᠢᠯᠡᠳᠪᠦᠷᠢ ᠶᠢᠨ 3052 ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠵᠠᠩ ᡁᠢ ᠸᠧᠢ ᠲᠦᠷᠦᠯ ᠵᠦᠢᠯ ᠤᠨ ᠲᠠᠯᠠᠪᠠᠢ ᠳᠤ ᠣᠷᠣᠬᠤ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠦᠷᠦᠯ ᠵᠦᠢᠯ ᠢ ᠠᠬᠢᠭᠤᠯᠬᠤ ᠶᠠᠪᠤᠴᠠ ᠳᠤ ᠭᠠᠵᠠᠷ ᠬᠡᠷᠡᠭᠯᠡᠬᠦ ᠂ ᠤᠰᠤ ᠬᠡᠷᠡᠭᠯᠡᠬᠦ ᠪᠠ ᠥᠨᠳᠥᠷ ᠬᠦᠴᠦᠳᠡᠯᠲᠦ ᠴᠠᠬᠢᠯᠭᠠᠨ ᠱᠤᠭᠤᠮ ᠢ ᠰᠢᠯᠵᠢᠭᠦᠯᠬᠦ ᠵᠡᠷᠭᠡ ᠳᠤ ᠣᠷᠣᠰᠢᠵᠤ ᠪᠠᠶᠢᠭ᠎ᠠ ᠲᠦᠭᠵᠢᠷᠡᠯ ᠤᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠠᠵᠢᠯᠯᠠᠵᠤ ᠪᠠᠶᠢᠭᠠᠳ ᠰᠢᠢᠳᠪᠦᠷᠢᠯᠡᠪᠡ ᠃ ᠲᠡᠷᠡ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠎ ᠶᠢ ᠴᠢᠩᠭᠠᠳᠬᠠᠨ᠂ ᠠᠰᠠᠭᠤᠳᠠᠯ ᠲᠣᠬᠢᠶᠠᠯᠳᠤᠪᠠᠯ ᠲᠡᠷᠡ ᠳᠠᠷᠤᠢ ᠎ ᠳᠤᠨᠢ ᠵᠣᠬᠢᠴᠠᠭᠤᠯᠵᠤ᠂ ᠲᠡᠷᠡ ᠳᠠᠷᠤᠢ ᠳᠤᠨᠢ ᠰᠢᠢᠳᠪᠦᠷᠢᠯᠡᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠡᠳᠦᠷ ᠪᠦᠷᠢ ᠳᠡᠭᠡᠭᠰᠢ ᠮᠡᠳᠡᠭᠦᠯᠵᠦ ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠬᠦ ᠶᠢ ᠪᠠᠲᠤᠯᠠᠬᠤ ᠬᠡᠷᠡᠭᠲᠡᠢ ᠃ ᠲᠦᠷᠦᠯ ᠵᠦᠢᠯ ᠤᠨ ᠨᠢᠭᠡᠴᠢ ᠶᠢᠨ ᠎ ᠬᠢᠨ ᠠᠬᠢᠴᠠ ᠶᠢᠨ ᠭᠦᠢᠴᠡᠳᠬᠡᠬᠦ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ ᠂ ᠪᠠᠷᠢᠯᠭ᠎ᠠ ᠶᠢᠨ ᠶᠠᠰᠤ ᠴᠢᠨᠠᠷ ᠪᠣᠯᠣᠨ ᠠᠶᠤᠯᠭᠦᠢ ᠦᠢᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠣᠷ᠎ᠠ ᠂ ᠲᠦᠷᠦᠯ ᠵᠦᠢᠯ ᠢ ᠠᠬᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠲᠦᠷᠦᠯ ᠵᠦᠢᠯ ᠢ ᠡᠷᠲᠡᠬᠡᠨ ᠳᠠᠭᠤᠰᠬᠠᠵᠤ ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1