ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
    3 ᠰᠠᠷ᠎ᠠ ᠶᠢᠨ 20᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠸᠠᠩ ᠶᠠᠨ ᠪᠥᠸᠧ᠂ ᠶᠢᠨ ᠮᠢᠩ᠂ ᠫᠧᠩ ᠰᠢᠶᠣᠣ ᠵᠢᠤᠸᠠᠨ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠠᠭᠠᠲᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ᠂ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠰᠣᠨᠣᠰᠪᠠ︔ ︽ᠶᠤᠸᠠᠨ ᠪᠦᠦ ᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 ︱2026 ᠣᠨ︶ ︵ᠶᠠᠷᠢᠯᠴᠠᠬᠤ ᠨᠣᠣᠷᠠᠭ︶︾ ᠪᠣᠯᠣᠨ ︽ᠶᠤᠸᠠᠨ ᠪᠦᠦ ᠱᠠᠨ ᠲᠣᠭᠤᠷᠢᠭ ᠤᠨ ︿ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠬᠠᠮᠢᠶᠠᠷᠬᠤ᠂ ᠥᠢᠯᠡᠳᠪᠥᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠬᠠᠮᠢᠶᠠᠷᠬᠤ﹀ ᠲᠣᠭᠲᠠᠭᠠᠯ ᠤᠳ ︵ᠶᠠᠷᠢᠯᠴᠠᠬᠤ ᠨᠣᠣᠷᠠᠭ︶︾᠎ ᠢ ᠬᠢᠨᠠᠨ ᠵᠥᠪᠯᠡᠪᠡ︔ ᠲᠤᠭ᠎ᠠ ᠪᠦᠷᠢᠳᠬᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠪᠠ︔ ᠤᠯᠠᠭᠠᠨᠬᠠᠳᠠ ᠶᠤᠸᠠᠨ ᠪᠣᠥ ᠱᠠᠨ ᠨᠢᠭᠡᠳᠦᠭᠡᠷ ᠳᠡᠰ ᠤᠨ ᠵᠠᠮ ᠤᠨ ᠨᠣᠭᠤᠭᠠᠷᠠᠭᠤᠯᠤᠯᠲᠠ ᠶᠢ ᠠᠷᠠᠴᠢᠯᠠᠨ ᠪᠣᠶᠢᠵᠢᠭᠤᠯᠬᠤ ᠲᠦᠷᠦᠯ ᠵᠦᠢᠯ ᠢ ᠬᠡᠷᠡᠭᠵᠢᠭᠦᠯᠬᠦ᠂ ᠽᠢ ᠢᠦᠢ ᠬᠤᠸᠠ ᠹᠦ᠋ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠪᠠᠶᠢᠭᠤᠯᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠤᠳ ᠢ ᠰᠤᠳᠤᠯᠪᠠ᠃    ᠬᠤᠷᠠᠯ ᠠᠴᠠ᠂ ᠪᠦᠬᠦ ᠲᠣᠭᠤᠷᠢᠭ ᠢᠶᠠᠷ ᠢᠶᠠᠨ ᠬᠠᠷᠠᠯᠲᠠ ᠡᠭᠦᠷᠭᠡ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠮᠢ ᠴᠦᠯᠡᠨ ᠲᠡᠮᠡᠴᠡᠬᠦ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠡᠷᠴᠢᠮᠲᠡᠢ ᠰᠠᠶᠢᠲᠤᠷ ᠬᠢᠵᠦ᠂ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾᠎ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠬᠤᠣᠰ ᠬᠠᠭᠠᠰ ᠳᠠᠪᠠᠭ᠋ᠤ︾᠂ ︽ᠪᠦᠬᠦ ᠵᠢᠯ ᠳᠤ ᠪᠠᠨ ᠰᠠᠶᠢᠨ︾᠎ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ᠂ ᠦᠢᠯᠡᠳᠪᠦᠷᠢᠯᠡᠯ ᠡᠵᠡᠩᠨᠡᠯᠲᠡ ᠵᠡᠷᠭᠡ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠭᠦᠢᠴᠡᠳ ᠳᠠᠭᠠᠭᠠᠴᠠ ᠲᠠᠢ ᠦᠢᠯᠡᠳᠪᠦᠷᠢᠯᠡᠯ ᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠭᠠᠨ ᠬᠢᠵᠦ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ᠂ ᠲᠦᠷᠦᠯ ᠵᠦᠢᠯ ᠢ ᠬᠠᠮᠢᠶᠠᠷᠬᠤ ᠶᠢ ᠴᠢᠩᠭ᠎ᠠ ᠠᠩᠬᠠᠷᠴᠤ᠂ ᠪᠦᠬᠦ ᠦᠶᠡᠯᠡᠯ ᠤᠨ ᠬᠡᠯᠪᠡᠷᠢ ᠪᠠᠷ ᠦᠢᠯᠡᠴᠢᠯᠡᠭᠡ ᠶᠢ ᠰᠠᠶᠢᠲᠤᠷ ᠬᠢᠵᠦ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠴᠠᠭ ᠢᠮᠠᠭᠲᠠ ᠰᠠᠨᠠᠭ᠎ᠠ ᠠᠮᠤᠷ ᠦᠭᠡᠢ᠂ ᠤᠨᠲᠠᠬᠤ ᠨᠤᠶᠢᠷ ᠢᠶᠠᠨ ᠤᠮᠠᠷᠲᠠᠬᠤ ᠬᠠᠷᠢᠭᠤᠴᠠᠯᠭᠠᠲᠤ ᠰᠡᠳᠬᠢᠯᠭᠡ ᠪᠠᠷ ᠨᠡᠭᠦᠷᠡᠰᠦᠨ ᠠᠭᠤᠷᠬᠠᠢ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠣᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠬᠦᠷᠢᠶ᠎ᠡ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠨ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠦᠬᠦ ᠲᠣᠭᠤᠷᠢᠭ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠡᠩ ᠡᠷᠡᠰ ᠪᠠᠲᠤ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠡᠯ᠎ᠡ ᠲᠦᠷᠦᠯ ᠤᠨ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠬᠠᠮᠲᠤᠪᠠᠷ ᠴᠣᠭᠴᠠᠯᠠᠨ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠮᠥᠨ᠎ᠡ ᠨᠢ ᠤᠷᠤᠭᠰᠢᠯᠠᠵᠤ᠂ ᠦᠯᠢᠬᠡᠷ ᠳᠠᠭᠤᠷᠢᠶᠠᠯ ᠪᠣᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠢ ᠪᠣᠳᠠᠲᠠᠢ ᠰᠠᠶᠢᠲᠤᠷ ᠠᠳᠬᠤᠵᠤ᠂ ᠣᠨᠴᠠᠯᠢᠭᠲᠤ ᠠᠵᠤ ᠦᠢᠯᠡᠰ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠴᠢᠨᠠᠭᠰᠢᠳᠠ ᠨᠡᠮᠡᠭᠳᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠬᠡᠷᠡᠭᠲᠡᠢ᠃ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠶᠢ ᠪᠦᠬᠦ ᠲᠠᠯ᠎ᠠ ᠪᠠᠷ ᠠᠬᠢᠭᠤᠯᠵᠤ᠂ ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠵᠡᠷᠭᠡ ᠠᠵᠢᠯ ᠢ ᠴᠢᠨᠠᠷ ᠰᠠᠶᠢᠲᠠᠢ ᠥᠷᠨᠢᠭᠦᠯᠵᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠵᠠᠰᠠᠮᠠᠯ ᠵᠠᠮ ᠤᠨ ᠨᠣᠭᠤᠭᠠᠷᠠᠭᠤᠯᠤᠯᠲᠠ ᠪᠣᠶᠢᠵᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠣᠶᠤᠨᠲᠤ ᠵᠠᠮ ᠬᠠᠷᠢᠯᠴᠠᠭᠠᠨ ᠤ ᠲᠥᠬᠦᠭᠡᠷᠦᠮᠵᠢ ᠵᠢᠴᠢ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠶᠤᠨᠴᠢᠯᠠᠭᠰᠠᠨ ᠰᠤᠷᠭᠠᠨ ᠬᠥᠮᠦᠵᠢᠯ ᠤᠨ ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠲᠤ ᠨᠡᠩ ᠰᠢᠯᠢᠳᠡᠭ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠠᠷ ᠬᠦᠴᠦᠯᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1