ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠦᠨᠡᠨᠴᠢ ᠢᠲᠡᠭᠡᠮᠵᠢ ᠶᠢ ᠠᠬᠢᠭᠤᠯᠬᠤ ᠵᠢᠷᠭᠤᠭᠠᠨ ᠲᠤᠰᠬᠠᠢ ᠠᠵᠢᠯᠯᠠᠭ᠎ᠠ ᠦᠷᠨᠢᠭᠦᠯᠬᠦ ᠪᠠᠷ ᠪᠣᠢ
ᠨᠡᠶᠢᠲᠡᠯᠡᠭᠰᠡᠨ ᠴᠠᠭ᠄
2024/3/27
    ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾᠎ ᠢ ᠲᠣᠭᠲᠠᠭᠠᠨ ᠳᠠᠷᠤᠮᠠᠯᠯᠠᠨ ᠲᠠᠷᠬᠠᠭᠠᠵᠤ ᠂ ᠦᠨᠡᠨᠴᠢ ᠢᠲᠡᠭᠡᠮᠵᠢ ᠶᠢ ᠠᠬᠢᠭᠤᠯᠬᠤ ᠵᠢᠷᠭᠤᠭᠠᠨ ᠲᠤᠰᠬᠠᠢ ᠠᠵᠢᠯᠯᠠᠭ᠎ᠠ ᠶᠢ ᠭᠤᠣᠯᠳᠠᠯᠭ᠎ᠠ ᠲᠠᠢ ᠦᠷᠨᠢᠭᠦᠯᠬᠦ ᠪᠠᠷ ᠪᠤᠢ᠃    ᠵᠢᠷᠭᠤᠭᠠᠨ ᠲᠤᠰᠬᠠᠢ ᠠᠵᠢᠯᠯᠠᠭ᠎ᠠ ᠨᠢ ᠲᠣᠰ ᠲᠣᠰ᠄ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠪᠡᠷᠯᠡᠨ ᠴᠡᠭᠴᠡᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠬᠤ ᠤᠬᠠᠮᠰᠠᠷ ᠢ ᠨᠡᠮᠡᠭᠳᠡᠭᠦᠯᠦᠨ᠎ᠡ︔ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠂ ᠠᠵᠢᠯ ᠦᠢᠯᠡᠰ ᠤᠨ ᠨᠢᠭᠡᠴᠢ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠦᠨᠡᠨᠴᠢ ᠢᠲᠡᠭᠡᠮᠵᠢᠲᠡᠢ ᠪᠠᠷ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠬᠥᠳᠡᠯᠮᠦᠷᠢ ᠶᠢᠨ ᠬᠦᠴᠦᠨ ᠢ ᠬᠡᠷᠡᠭᠯᠡᠬᠦ ᠬᠦᠷᠢᠶᠡᠨ ᠳᠠᠬᠢ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠳᠡᠯᠮᠦᠷᠢ ᠶᠢᠨ ᠭᠡᠷ᠎ᠡ ᠠᠴᠠ ᠵᠥᠷᠢᠴᠡᠬᠦ᠂ ᠴᠠᠯᠢᠩ ᠥᠷᠢᠲᠦᠬᠦ ᠵᠡᠷᠭᠡ ᠬᠠᠤᠯᠢ ᠠᠴᠠ ᠵᠥᠷᠢᠴᠡᠨ ᠠᠵᠢᠯᠴᠢᠨ ᠬᠡᠷᠡᠭᠯᠡᠬᠦ ᠠᠵᠢᠯᠯᠠᠭ᠎ᠠ ᠨᠤᠭᠤᠳ ᠲᠤ ᠠᠩᠬᠠᠷᠤᠯ ᠢᠶᠠᠨ ᠲᠦᠪᠯᠡᠷᠡᠭᠦᠯᠦᠨ ᠴᠡᠭᠴᠡᠯᠡᠨ ᠵᠠᠰᠠᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠦᠨᠡᠨᠴᠢ ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢ ᠪᠠᠶᠢᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠥᠪᠡᠷ ᠢ ᠪᠠᠨ ᠵᠢᠷᠤᠮᠵᠢᠭᠤᠯᠬᠤ᠂ ᠥᠪᠡᠷ ᠢ ᠪᠠᠨ ᠬᠢᠵᠠᠭᠠᠷᠯᠠᠬᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ︔ ᠨᠡᠶᠢᠭᠡᠮ ᠤᠨ ᠳᠠᠭᠠᠳᠬᠠᠯ ᠤᠨ ᠣᠯᠭᠤᠮᠵᠢ ᠭᠤᠶᠤᠴᠢᠯᠠᠨ ᠠᠪᠬᠤ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠳᠠᠭᠠᠳᠬᠠᠯ ᠮᠡᠬᠡᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠣᠯᠠᠨ ᠬᠡᠯᠪᠡᠷᠢ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾ ︽ᠠᠮᠢ ᠪᠠᠨ ᠬᠠᠮᠠᠭᠠᠯᠠᠬᠤ ᠮᠥᠩᠭᠦ︾᠎ ᠶᠢ ᠰᠠᠶᠢᠲᠤᠷ ᠰᠠᠬᠢᠨ ᠬᠠᠮᠠᠭᠠᠯᠠᠨ᠎ᠠ︔ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠯᠡᠯᠲᠡ ᠶᠢᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠢᠲᠡᠭᠡᠯ ᠠᠯᠳᠠᠪᠠᠯ ᠤᠬᠤᠷᠢᠨ ᠭᠠᠷᠬᠤ ᠲᠣᠭᠲᠠᠴᠠ ᠶᠢ ᠲᠣᠳᠣᠷᠬᠠᠶᠢᠯᠠᠨ᠂ ᠢᠲᠡᠭᠡᠮᠵᠢ ᠶᠢᠨ ᠲᠠᠰ ᠬᠤᠪᠢᠶᠠᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︔ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠮᠠᠯᠠᠯᠲᠠ ᠪᠠᠨ ᠭᠦᠢᠴᠡᠳᠬᠡᠵᠦ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾᠎ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠠᠬᠢᠭᠤᠯᠤᠨ᠂ ᠠᠵᠢᠯ ᠲᠥᠷᠥᠯ ᠤᠨ ᠰᠤᠷᠲᠠᠯ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠠᠯᠠᠯᠲᠠ ᠪᠠᠨ ᠪᠣᠳᠠᠲᠠᠢ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃    ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠢᠯᠡᠷᠬᠡᠶᠢᠯᠡᠬᠦ ᠳᠤ ᠪᠠᠨ᠂ ᠪᠢᠳᠡ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠲᠥᠪᠯᠡᠷᠡᠭᠦᠯᠦᠨ ᠪᠤᠭᠤᠮᠲᠠ ᠰᠢᠪᠲᠤᠯᠵᠤ᠂ ᠠᠯᠢ ᠣᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠠᠷᠭ᠎ᠠ ᠪᠠᠷᠢᠯ ᠢᠶᠠᠷ ᠳᠠᠮᠵᠢᠭᠤᠯᠤᠨ᠂ ᠪᠥᠬᠦ ᠰᠢᠰᠲ᠋ᠧᠮ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠥᠮᠥᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠨ᠎ᠠ ᠭᠡᠵᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1