ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2024 ᠣᠨ ᠤ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ 18.7 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/3/27
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2024 ᠣᠨ ᠤ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ ᠨᠢᠭᠡᠨᠲᠡ 18.7 ᠳ᠋ᠦᠩᠰᠢᠭᠤᠷ ᠲᠥᠭᠦᠷᠢᠭ ᠪᠠᠭᠤᠯᠭᠠᠪᠠ ︵ᠲᠥᠪ ᠠᠴᠠ ᠰᠢᠯᠵᠢᠭᠦᠯᠦᠨ ᠥᠭᠭᠦᠭᠰᠡᠨ ᠪᠡᠯᠡ ᠮᠥᠩᠭᠦ 14.42 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ 4.28 ᠳ᠋ᠦᠩᠰᠢᠭᠤᠷ ᠲᠥᠭᠦᠷᠢᠭ︶᠃ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ ︽ᠤᠷᠢᠬᠠᠨ ᠰᠠᠯᠬᠢᠨ︾᠎ ᠢ ᠪᠠᠭᠲᠠᠭᠠᠭᠰᠠᠨ ᠣᠯᠠᠨ ᠨᠡᠶᠢᠲᠡ ᠶᠢᠨ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠵᠢᠴᠢ ᠲᠡᠳᠡᠭᠡᠷ ᠤᠨ ᠶᠡᠭᠡ ᠳᠡᠭᠡᠳᠦ ᠰᠤᠷᠭᠠᠭᠤᠯᠢ ᠨᠤᠭᠤᠳ ᠯᠤᠭ᠎ᠠ ᠥᠷᠨᠢᠭᠦᠯᠦᠭᠰᠡᠨ ᠡᠯᠰᠡᠯᠲᠡ ᠪᠠ ᠦᠢᠯᠡᠰ ᠪᠣᠰᠬᠠᠬᠤ ᠦᠢᠯᠡᠴᠢᠯᠡᠭᠡᠨ ᠢ ᠳᠡᠮᠵᠢᠬᠦ ᠳᠤ ᠬᠡᠷᠡᠭᠯᠡᠵᠦ ᠪᠣᠯᠣᠨ᠎ᠠ᠃    2024 ᠣᠨ ᠪᠣᠯ ᠮᠠᠨ ᠤ ᠤᠯᠤᠰ ᠵᠠᠯᠭᠠᠭ᠎ᠠ ᠪᠠᠷ ︽ᠤᠷᠢᠬᠠᠨ ᠰᠠᠯᠬᠢᠨ︾᠎ ᠢ ᠥᠷᠨᠢᠭᠦᠯᠦᠭᠰᠡᠨ 20 ᠳ᠋ᠤᠭᠠᠷ ᠵᠢᠯ ᠪᠣᠯᠣᠨ᠎ᠠ᠃ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ 1 ᠳ᠋ᠦ᠋ᠭᠡᠷ ᠰᠠᠷ᠎ᠠ ᠶᠢᠨ ᠰᠡᠭᠦᠯᠴᠢ ᠠᠴᠠ 4 ᠳ᠋ᠦ᠋ᠭᠡᠷ ᠰᠠᠷ᠎ᠠ ᠶᠢᠨ ᠡᠬᠢᠨ ᠪᠣᠯᠲᠠᠯ᠎ᠠ᠂ ᠥᠪᠥᠷ ᠮᠣᠩᠭᠤᠯ ︽ᠤᠷᠢᠬᠠᠨ ᠰᠠᠯᠬᠢᠨ ᠠᠵᠢᠯ ᠣᠯᠭᠤᠯᠲᠠ ᠶᠢ ᠠᠬᠢᠭᠤᠯᠵᠤ ᠣᠨᠣᠪᠴᠢᠲᠠᠢ ᠦᠢᠯᠡᠴᠢᠯᠡᠨ ᠬᠥᠭᠵᠢᠯᠲᠡ ᠶᠢ ᠠᠬᠢᠭᠤᠯᠬᠤ︾᠎ ᠪᠠᠷ ᠰᠡᠳᠦᠪᠯᠡᠭᠰᠡᠨ 2024 ᠣᠨ ᠤ ︽ᠤᠷᠢᠬᠠᠨ ᠰᠠᠯᠬᠢᠨ︾ ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠃    ︽ᠤᠷᠢᠬᠠᠨ ᠰᠠᠯᠬᠢᠨ︾ ᠪᠣᠯ ᠨᠡᠶᠢᠭᠡᠮ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠣᠯᠭᠠᠭᠰᠠᠨ ᠠᠵᠢᠯᠯᠠᠭ᠎ᠠ ᠪᠣᠯᠣᠨ᠎ᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠡᠮᠵᠢᠵᠦ ᠪᠠᠶᠢᠭ᠎ᠠ ︽ᠤᠷᠢᠬᠠᠨ ᠰᠠᠯᠬᠢᠨ︾ ᠲᠤᠰᠬᠠᠢ ᠦᠢᠯᠡᠴᠢᠯᠡᠭᠡᠨ ᠤ ᠠᠵᠢᠯᠯᠠᠭ᠎ᠠ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠥᠳᠡᠯᠮᠦᠷᠢᠴᠢᠳ ᠤᠨ ᠠᠵᠢᠯ ᠰᠣᠯᠢᠬᠤ ᠣᠷᠭᠢᠯ ᠬᠤᠭᠤᠴᠠᠭ᠎ᠠ ᠪᠠ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢ ᠴᠢᠩᠭ᠎ᠠ ᠠᠩᠬᠠᠷᠴᠤ᠂ ᠬᠥᠳᠡᠭᠡ ᠲᠣᠰᠬᠤᠨ ᠤ ᠬᠥᠳᠡᠯᠮᠦᠷᠢᠴᠢᠳ ᠪᠠ ᠠᠵᠢᠯᠴᠢᠨ ᠬᠡᠷᠡᠭᠰᠡᠬᠦ ᠨᠢᠭᠡᠴᠢ ᠨᠦᠭᠦᠳ ᠲᠤ ᠠᠩᠬᠠᠷᠤᠯ ᠢᠶᠠᠨ ᠲᠥᠪᠯᠡᠷᠡᠭᠦᠯᠦᠨ᠂ ᠬᠥᠯᠥᠰᠦᠨ ᠠᠵᠢᠯᠴᠢᠳ ᠤᠨ ᠡᠮᠬᠢ ᠵᠢᠷᠤᠮ ᠲᠠᠢ ᠪᠠᠷ ᠭᠠᠳᠠᠭᠰᠢ ᠭᠠᠷᠬᠤ ᠶᠢ ᠲᠥᠪᠯᠡᠷᠡᠭᠦᠯᠦᠨ ᠬᠥᠲᠥᠯᠥᠨ ᠵᠢᠯᠤᠭᠤᠳᠬᠤ᠂ ᠣᠶᠢᠷ᠎ᠠ ᠬᠠᠪᠢ ᠳᠤ ᠪᠠᠨ ᠠᠵᠢᠯᠯᠠᠬᠤ ᠪᠠ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠶᠢ ᠠᠬᠢᠭᠤᠯᠬᠤ᠂ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠤᠨ ᠠᠵᠢᠯᠴᠢᠨ ᠤᠷᠢᠵᠤ ᠬᠡᠷᠡᠭᠯᠡᠬᠦ ᠵᠡᠷᠭᠡ ᠳᠤ ᠴᠢᠭᠯᠡᠭᠦᠯᠦᠨ ᠬᠠᠮᠢᠶ᠎ᠠ ᠪᠦᠬᠦᠢ ᠦᠢᠯᠡᠴᠢᠯᠡᠭᠡ ᠶᠢ ᠥᠷᠨᠢᠭᠦᠯᠪᠡ᠃ 2 ᠳ᠋ᠤᠭᠠᠷ ᠰᠠᠷ᠎ᠠ ᠶᠢᠨ 29᠎ ᠤ ᠡᠳᠦᠷ ᠪᠣᠯᠲᠠᠯ᠎ᠠ᠂ ᠪᠥᠬᠦ ᠣᠷᠣᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠡᠯᠰᠡᠯᠲᠡ ᠶᠢ ᠨᠡᠶᠢᠲᠡ 555 ᠤᠳᠠᠭ᠎ᠠ ᠵᠣᠬᠢᠶᠠᠨ ᠪᠠᠶᠢᠭᠤᠯᠵᠤ᠂ 23.93 ᠲᠦᠮᠡᠨ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1