ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠢ ᠯᠢ ᠶᠤᠸᠠᠨ ᠪᠦᠦ ᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 20᠎ ᠤ ᠡᠳᠦᠷ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠢ ᠯᠢ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ  ᠢᠷᠡᠵᠦ ᠠᠵᠤ ᠦᠢᠯᠡᠳᠪᠦᠷᠢ ᠎ ᠶᠢᠨ ᠠᠵᠤ ᠠᠬᠤᠢ ᠂ ᠲᠥᠯᠥᠭᠡᠯᠡᠭᠴᠢᠳ ᠎ ᠲᠠᠢ ᠬᠠᠷᠢᠯᠴᠠᠬᠤ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠳᠠᠯ ᠎ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠰᠦᠢ ᠯᠢ ᠨᠠᠷ ᠤᠷᠢᠳ ᠬᠤᠵᠢᠳ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ ᠂ ᠶᠤᠸᠠᠨ ᠪᠦᠦ ᠱᠠᠨ ᠪᠠᠯᠭᠠᠰᠤᠨ ᠤ ᠵᠢᠶᠠᠨ ᠴᠠᠩ ᠶᠢᠩ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ ᠦᠷᠳᠡᠭᠡ ᠂ ᠶᠤᠸᠠᠨ ᠵᠢᠩ ᠲᠡᠭ ᠨᠡᠭᠦᠷᠡᠰᠦᠲᠥ᠋ᠷᠥᠭᠴᠢ ᠶᠢᠨ ᠮᠡᠷᠭᠡᠵᠢᠯ ︵ ᠤᠯᠠᠭᠠᠨᠬᠠᠳᠠ ︶᠎ ᠤᠨ ᠬᠢᠵᠠᠭᠠᠷᠲᠤ ᠺᠣᠮᠫᠠᠨᠢ ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠲᠥᠯᠦᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ ᠂ ᠲᠣᠭᠤᠷᠢᠭ ᠤᠨ ︽ ᠭᠤᠷᠪᠠᠨ ᠣᠷᠳᠣᠨ ᠲᠦᠷᠪᠡᠨ ᠲᠥᠪ ︾ ᠵᠡᠷᠭᠡ ᠭᠠᠵᠠᠷ ᠢᠶᠠᠷ  ᠭᠥᠨᠵᠡᠭᠡᠶᠢᠷᠡᠨ᠂ ᠬᠠᠷᠢᠭᠤ ᠮᠡᠳᠡᠭᠦᠯᠦᠯᠲᠡ ᠰᠣᠨᠣᠰᠬᠤ᠂ ᠸᠢᠳᠢᠤ᠋ ᠦᠵᠡᠬᠦ᠂ ᠲᠤᠬᠠᠢ ᠶᠢᠨ ᠭᠠᠵᠠᠷ ᠎ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠡᠷᠭᠡ ᠲᠠᠯ᠎ᠠ ᠪᠠᠷ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃
2_副本.jpg
       ᠶᠤᠸᠠᠨ ᠪᠦᠦ ᠱᠠᠨ ᠲᠣᠭᠤᠷᠢᠭ ᠲᠤ ᠰᠠᠭᠤᠭ᠎ᠠ ᠬᠡᠰᠡᠭ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠶᠠᠷᠢᠯᠴᠠᠬᠤ ᠳᠠᠭᠠᠨ ᠂ ᠰᠦᠢ ᠯᠢ ᠪᠦᠬᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠢᠴᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠲᠣᠬᠢᠷᠠᠭᠤᠯᠤᠯᠲᠠ ᠂ ᠪᠦᠬᠦ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠠᠵᠢᠯ ᠥᠷᠨᠢᠭᠦᠯᠬᠦ ᠲᠤᠬᠠᠢ ᠰᠠᠨᠠᠯ ᠰᠠᠨᠠᠭᠤᠯᠭ᠎ᠠ ᠬᠤᠷᠢᠶᠠᠵᠤ ᠂ ᠠᠵᠢᠯ ᠤᠨ ᠱᠠᠭᠠᠷᠳᠠᠯᠭ᠎ᠠ ᠳᠤᠷᠠᠳᠴᠠᠢ ᠃ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠺᠠᠳ᠋ᠷᠴᠤᠳ ᠲᠠᠢ ᠶᠠᠷᠢᠯᠴᠠᠬᠤ ᠦᠶ᠎ᠡ ᠳᠤ ᠂ ᠰᠦᠢ ᠯᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠂ ᠬᠤᠲᠠ ᠰᠢᠶᠠᠨ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠣᠷᠣᠨ ᠨᠤᠲᠤᠭ ᠤᠨ ᠵᠠᠰᠠᠯᠲᠠ ᠂ ᠰᠢᠰᠲ᠋ᠧᠮᠲᠤ ᠵᠠᠰᠠᠯᠲᠠ ᠳᠤ ᠨᠢᠭᠡᠳᠦᠯᠲᠡᠢ ᠲᠥᠯᠥᠪᠵᠢᠭᠦᠯᠦᠨ ᠣᠷᠣᠯᠴᠠᠬᠤ ᠲᠤᠬᠠᠢ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠂ ᠡᠯ᠎ᠡ ᠵᠥᠪᠯᠡᠯ ᠲᠠᠰᠤᠭ ᠤᠨ ᠡᠷᠬᠢᠯᠡᠭᠴᠢ ᠲᠠᠢ ᠰᠠᠨᠠᠯ ᠢᠶᠠᠨ ᠰᠣᠯᠢᠯᠴᠠᠪᠠ ᠃    ᠰᠦᠢ ᠯᠢ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠷ᠎ᠡ ᠪᠦᠲᠦᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠥᠴᠥᠨ ᠨᠡᠮᠡᠷᠢᠯᠡᠬᠦ ᠬᠡᠷᠡᠭᠲᠡᠢ︔ ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠴᠢᠳᠠᠪᠤᠷᠢ ᠶᠢ ᠪᠠᠳᠠᠷᠠᠭᠤᠯᠤᠨ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ︔ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰ ᠲᠤᠰ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠳᠠᠪᠠᠭᠤᠯᠢᠭ ᠢ ᠪᠠᠳᠠᠷᠠᠭᠤᠯᠬᠤ ᠶᠢᠨ ᠬᠠᠮᠲᠤ ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠨ ᠰᠠᠶᠢᠵᠢᠷᠠᠭᠤᠯᠵᠤ᠂ ᠪᠦᠬᠦ ᠬᠤᠳᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠬᠠᠮᠵᠢᠯᠴᠠᠨ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠥᠴᠥᠨ ᠢᠶᠠᠨ ᠨᠡᠮᠡᠷᠢᠯᠡᠬᠦ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1