ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
   
1_副本.jpg
       3 ᠰᠠᠷ᠎ᠠ ᠶᠢᠨ 20᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠸᠠᠩ ᠶᠠᠨ ᠪᠥᠸᠧ᠂ ᠶᠢᠨ ᠮᠢᠩ᠂ ᠫᠧᠩ ᠰᠢᠶᠣᠣ ᠵᠢᠤᠸᠠᠨ ᠂ ᠶᠢᠨ ᠲᠧᠩ ᠵᠢᠶᠣᠣ᠂ ᠶᠠᠩ ᠰᠢᠨ ᠢᠦᠢ ᠬᠤᠷᠠᠯ ᠳᠤ ᠣᠷᠣᠯᠴᠠᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠵᠢᠴᠢ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠬᠤ ᠦᠶ᠎ᠡ ᠪᠣᠯᠣᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠲᠤᠳᠬᠠᠨ  ᠥᠷᠭᠡᠳᠬᠡᠵᠦ ᠰᠤᠷᠤᠯᠴᠠᠨ ᠲᠤᠭᠤᠰᠢᠯᠠᠭᠤᠯᠬᠤ ᠲᠤᠬᠠᠢ ᠰᠠᠨᠠᠯ ︾ ᠂ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ ︾ ᠂ ︽ ᠠᠭᠤᠷᠬᠠᠢ ᠶᠢᠨ ᠬᠦᠷᠢᠶᠡᠨ ᠳᠠᠬᠢ ᠬᠦᠨᠳᠦ ᠶᠡᠭᠡ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠨ ᠬᠤᠷᠢᠭᠯᠠᠬᠤ ᠲᠤᠬᠠᠢ ᠴᠢᠩᠭ᠎ᠠ ᠬᠠᠲᠠᠭᠤ ᠠᠷᠭ᠎ᠠ ᠬᠡᠮᠵᠢᠶ᠎ᠡ ︾ ᠎ ᠶᠢ ᠰᠤᠷᠤᠯᠴᠠᠵᠤ᠂ ᠪᠠᠰᠠ ᠪᠦᠬᠦ ᠤᠯᠤᠰ ᠤᠨ ︽ ᠬᠤᠶᠠᠷ ᠬᠤᠷᠠᠯ ︾᠎ ᠤᠨ ᠵᠣᠷᠢᠭ ᠰᠠᠨᠠᠭᠠᠨ ᠤ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ ᠃    ᠬᠤᠷᠠᠯ ᠠᠴᠠ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠵᠦ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠲᠥᠯᠵᠢᠭᠦᠯᠬᠦ ᠬᠡᠷᠡᠭᠲᠡᠢ ᠃ ᠮᠠᠨ ᠤ ᠲᠣᠭᠤᠷᠢᠭ ᠤᠨ ᠡᠬᠢ ᠪᠠᠶᠠᠯᠢᠭ ᠤᠨ ᠨᠦᠬᠦᠴᠡᠯ᠂ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠡᠨᠧᠷᠭᠢ ᠎ ᠶᠢ ᠰᠢᠩᠭᠡᠬᠡᠨ ᠠᠪᠬᠤ᠂ ᠰᠢᠨ᠎ᠡ ᠡᠨᠧᠷᠭᠢ ᠶᠢᠨ ᠳ᠋ᠢᠶᠠᠨ ᡂᠢ ᠮᠠᠲ᠋ᠧᠷᠢᠶᠠᠯ ᠎ ᠤᠨ ᠬᠤᠶᠠᠷ ᠮᠢᠩᠭᠠᠨ ᠳ᠋ᠦᠩᠰᠢᠭᠤᠷ ᠤᠨ ᠲᠠᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠭᠡᠮ ᠰᠣᠭᠤᠭ ᠢ ᠠᠷᠢᠯᠭᠠᠨ ᠂ ᠳᠤᠲᠠᠭᠤᠳᠠᠯ ᠎ ᠢᠶᠠᠨ ᠨᠥᠬᠦᠪᠦᠷᠢᠯᠡᠵᠦ ᠂ ᠪᠠᠭᠤᠷᠠᠢ ᠲᠠᠯ᠎ᠠ ᠪᠠᠨ ᠴᠢᠩᠭᠠᠳᠬᠠᠵᠤ ᠂ ᠠᠮᠤᠷ ᠲᠦᠪᠰᠢᠨ ᠲᠣᠭᠲᠠᠭᠤᠨ ᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠂ ᠲᠣᠭᠲᠠᠭᠠᠯ ᠪᠠ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1