ᠶᠤᠸᠠᠨ ᠪᠦᠦ ᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠬᠦ︾ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 21᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠ ᠯᠢᠨ ᠵᠡᠭᠡᠯᠢ ᠭᠤᠳᠤᠮᠵᠢ ᠶᠢᠨ ᠭᠡᠰᠢᠭᠦᠳ ᠤᠨ ᠠᠵᠢᠯᠯᠠᠬᠤ ᠲᠠᠰᠤᠭ ᠲᠤ ᠬᠦᠷᠴᠦ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠬᠦ︾ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ ᠂ ᠢᠦᠢ ᠽᠦᠸᠧ ᠬᠤᠤ ᠂ ᠳ᠋ᠢᠩ ᠰᠢᠶᠣᠣ ᠢᠦᠢ ᠂ ᠯᠢᠦ ᠯᠢᠩ ᠶᠠᠨ ᠂ ᠨᠠᠷᠢᠨ ᠪᠢᠴᠢᠭ ᠤᠨ ᠳᠠᠷᠤᠭ᠎ᠠ ᠭᠤᠤ ᠢ ᠵᠢᠶᠠᠩ ᠂ ᠡᠯ᠎ᠡ ᠵᠥᠪᠯᠡᠯ ᠲᠠᠰᠤᠭ ᠤᠨ ᠬᠠᠷᠢᠭᠤᠴᠠᠯᠭᠠᠲᠠᠨ ᠂ ᠮᠠ ᠯᠢᠨ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠡᠰᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠠᠷᠢᠯᠴᠠᠬᠤ ᠬᠤᠷᠠᠯ ᠳᠤ ᠣᠷᠣᠯᠴᠠᠪᠠ ᠃
1_副本.jpg
       ᠶᠠᠷᠢᠯᠴᠠᠬᠤ ᠬᠤᠷᠠᠯ ᠳᠡᠭᠡᠷ᠎ᠡ ᠂ ᠸᠠᠩ ᠵᠧᠨ ᠯᠢᠶᠠᠩ ᠲᠤᠰ ᠤᠳᠠᠭᠠᠨ ᠤ ᠶᠠᠷᠢᠯᠴᠠᠬᠤ ᠬᠤᠷᠠᠯ ᠤᠨ ᠵᠣᠷᠢᠯᠭ᠎ᠠ ᠪᠣᠯᠣᠨ ᠠᠴᠢ ᠬᠤᠯᠪᠣᠭᠳᠠᠯ ᠤᠨ ᠲᠤᠬᠠᠢ ᠨᠠᠷᠢᠨ ᠲᠣᠳᠣᠷᠬᠠᠶᠢᠯᠠᠯᠲᠠ ᠬᠢᠵᠦ ᠂ ᠮᠠ ᠯᠢᠨ ᠵᠡᠭᠡᠯᠢ ᠭᠤᠳᠤᠮᠵᠢ ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠵᠢᠴᠢ ᠠᠵᠤ ᠠᠬᠤᠶᠢᠯᠠᠯ ᠤᠨ ᠭᠡᠰᠢᠭᠦᠳ ᠤᠨ ᠲᠥᠯᠥᠭᠡᠯᠡᠭᠴᠢᠳ ᠲᠠᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠡᠷᠬᠢᠨ ᠲᠦᠷᠭᠡᠨ ᠬᠥᠭᠵᠢᠭᠦᠯᠬᠦ ᠂ ᠭᠡᠰᠢᠭᠦᠳ ᠤᠨ ᠠᠵᠢᠯᠯᠠᠬᠤ ᠲᠠᠰᠤᠭ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠬᠡᠷᠬᠢᠨ ᠭᠦᠢᠴᠡᠳ ᠪᠠᠳᠠᠷᠠᠭᠤᠯᠬᠤ ᠲᠤᠬᠠᠢ ᠭᠦᠨᠵᠡᠭᠡᠢ ᠰᠠᠨᠠᠯ ᠢᠶᠠᠨ ᠰᠣᠯᠢᠯᠴᠠᠨ ᠶᠠᠷᠢᠯᠴᠠᠪᠠ ᠃ ᠭᠡᠰᠢᠭᠦᠳ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠳᠤ ᠢᠲᠡᠭᠡᠯ ᠲᠡᠭᠦᠯᠳᠡᠷ ᠪᠠᠶᠢᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠬᠦ ᠠᠯᠬᠤᠴᠠ ᠶᠢ ᠲᠦᠷᠭᠡᠳᠬᠡᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠠᠵᠤ ᠠᠬᠤᠶᠢᠯᠠᠯ ᠤᠨ ᠬᠥᠭᠵᠢᠯᠲᠡ ᠶᠢ ᠴᠢᠩᠭᠠᠳᠬᠠᠬᠤ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ ᠃ ᠮᠠ ᠯᠢᠨ ᠵᠡᠭᠡᠯᠢ ᠭᠤᠳᠤᠮᠵᠢ ᠵᠢᠴᠢ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠭᠡᠰᠢᠭᠦᠳ ᠤᠨ ᠠᠵᠢᠯᠯᠠᠬᠤ ᠲᠠᠰᠤᠭ ᠤᠨ ᠵᠢᠭᠰᠠᠭᠠᠯ ᠤᠨ ᠭᠠᠵᠠᠷ ᠤᠨ ᠳᠠᠪᠠᠭᠤᠯᠢᠭ ᠲᠤ ᠲᠦᠰᠢᠭᠯᠡᠵᠦ ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ︽ ᠠᠷᠠᠳ ᠤᠨ ᠠᠮᠢᠳᠤᠷᠠᠯ ᠤᠨ ᠲᠣᠮᠣ ᠬᠠᠮᠢᠶᠠᠷᠤᠭᠴᠢ ︾ ᠪᠣᠯᠵᠤ ᠂ ᠠᠵᠤ ᠠᠬᠤᠶᠢᠯᠠᠯ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠳᠤ ᠰᠢᠯᠢᠳᠡᠭ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ ᠭᠡᠵᠦ ᠢᠯᠡᠳᠬᠡᠪᠡ ᠃    ᠸᠠᠩ ᠵᠧᠨ ᠯᠢᠶᠠᠩ ᠴᠢᠬᠤᠯᠠᠴᠢᠯᠠᠭᠰᠠᠨ ᠨᠢ ᠂ ᠠᠵᠤ ᠠᠬᠤᠶᠢᠯᠠᠯ ᠤᠨ ᠭᠡᠰᠢᠭᠦᠳ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠬᠦ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠂ ᠮᠠᠨ ᠤ  ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠡᠩ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠶᠢ ᠳᠤᠷᠠᠳᠬᠤ ᠬᠡᠷᠡᠭᠲᠡᠢ ᠃ ᠵᠡᠭᠡᠯᠢ ᠭᠤᠳᠤᠮᠵᠢ ᠶᠢᠨ ᠎ ᠬᠢᠨ ᠭᠡᠰᠢᠭᠦᠳ ᠤᠨ ᠠᠵᠢᠯᠯᠠᠬᠤ ᠲᠠᠰᠤᠭ ᠤᠨ ᠵᠢᠭᠰᠠᠭᠠᠯ ᠤᠨ ᠭᠠᠵᠠᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠲᠤᠰᠬᠠᠢ ᠰᠡᠳᠦᠪᠲᠦ ᠵᠥᠪᠯᠡᠯᠭᠡ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ ᠂ ᠬᠦᠷᠢᠶᠡᠯᠡᠩ ᠲᠣᠭᠤᠷᠢᠭ ᠤᠨ ᠨᠡᠶᠢᠭᠡᠮ ᠤᠨ ᠪᠠᠶᠢᠳᠠᠯ ᠠᠷᠠᠳ ᠤᠨ  ᠰᠠᠨᠠᠭᠠᠨ ᠤ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠵᠤ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠣᠨ ᠬᠦᠷᠢᠶᠡᠯᠡᠩ ᠲᠣᠭᠤᠷᠢᠭ ᠂ ᠵᠡᠭᠡᠯᠢ ᠭᠤᠳᠤᠮᠵᠢ ᠶᠢᠨ ᠨᠡᠪᠲᠡᠷᠡᠯᠴᠡᠬᠦ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠨ ᠬᠠᠷᠢᠭᠤ ᠥᠭᠴᠦ ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠎ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ ᠭᠡᠵᠡᠢ᠃
2_副本.jpg
       ᠬᠤᠷᠠᠯ ᠠᠴᠠ ᠡᠮᠦᠨ᠎ᠡ ᠂ ᠸᠠᠩ ᠵᠧᠨ ᠯᠢᠶᠠᠩ ᠨᠠᠷ ᠪᠠᠰᠠ ᠶᠤᠸᠠᠨ ᠵᠢᠩ ᠲᠡᠭ ᠨᠡᠭᠦᠷᠡᠰᠥᠲᠥᠷᠥᠭᠴᠢᠲᠥ ᠮᠡᠷᠭᠡᠵᠢᠯ ᠤᠨ ᠤᠯᠠᠭᠠᠨᠬᠠᠳᠠ ᠶᠢᠨ ᠬᠢᠵᠠᠭᠠᠷᠲᠤ ᠺᠣᠮᠫᠠᠨᠢ ᠂ ᠮᠠ ᠯᠢᠨ ᠵᠡᠭᠡᠯᠢ ᠭᠤᠳᠤᠮᠵᠢ ᠶᠢᠨ ᠨᠡᠭᠡᠭᠡᠨ ᠬᠥᠭᠵᠢᠭᠦᠯᠦᠯᠲᠡ ᠶᠢᠨ ᠲᠤᠷᠰᠢᠯᠲᠠ ᠶᠢᠨ ᠲᠣᠭᠤᠷᠢᠭ ᠤᠨ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠲᠥᠯᠦᠪᠵᠢᠭᠦᠯᠭᠡ ᠪᠠᠶᠢᠷᠢᠰᠢᠭᠤᠯᠤᠯᠲᠠ ᠶᠢᠨ ᠪᠠᠶᠢᠳᠠᠯ ᠵᠢᠴᠢ ᠵᠡᠭᠡᠯᠢ ᠭᠤᠳᠤᠮᠵᠢ ᠶᠢᠨ ︽ ᠨᠡᠶᠢᠭᠡᠮ ᠬᠦᠷᠢᠶᠡᠯᠡᠩ ᠢ ᠨᠢᠭᠡ ᠴᠣᠭᠴᠠᠵᠢᠭᠤᠯᠤᠭᠰᠠᠨ ᠂ ᠠᠭᠤᠰᠤᠯᠴᠠᠭᠤᠯᠤᠨ ᠬᠥᠭᠵᠢᠭᠦᠯᠦᠭᠰᠡᠨ ︾ ᠨᠡᠶᠢᠭᠡᠮ ᠲᠣᠭᠤᠷᠢᠭ ᠤᠨ ᠲᠦᠷᠦᠯ ᠲᠡᠮᠳᠡᠭ ᠪᠣᠯᠣᠨ ᠭᠡᠰᠢᠭᠦᠳ ᠤᠨ ᠠᠵᠢᠯ ᠤᠨ ᠦᠷᠦᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1