ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠪᠢᠴᠢᠭ ᠮᠠᠲ᠋ᠧᠷᠢᠶᠠᠯ | ᠶᠤᠸᠠᠨ ᠪᠦᠦ ᠱᠠᠨ ᠵᠠᠰᠠᠭ ᠠᠯᠪᠠᠨ ᠥᠰᠥᠭ ︹2024︺ 6 ᠳ᠋ᠤᠭᠠᠷ ᠲᠣᠭᠠᠲᠤ | | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | ︽ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ | ᠮᠠᠭᠠᠳᠯᠠᠨ ᠲᠣᠭᠲᠠᠭᠠᠬᠤ ᠰᠠᠨᠠᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 3 ᠰᠠᠷ᠎ᠠ ᠶᠢᠨ 15 ᠤ ᠡᠳᠦᠷ | | ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ | ᠮᠠᠭᠠᠳᠯᠠᠨ ᠲᠣᠭᠲᠠᠭᠠᠬᠤ ᠰᠠᠨᠠᠯ | | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠢᠯᠡ ᠪᠥᠭᠡᠳ ᠡᠷᠬᠡ ᠲᠡᠭᠰᠢ ᠲᠥᠪ ᠭᠤᠣᠯᠴᠢ ᠪᠠᠷ | ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ | ︵ᠲᠥᠷᠥ ᠶᠢᠨ ᠶᠠᠪᠤᠳᠠᠯ ᠤᠨ ᠬᠤᠷᠢᠶᠠᠨ ᠤ 649 ᠳ᠋ᠣᠭᠡᠷ ᠲᠣᠭᠠᠲᠤ ᠵᠠᠷᠯᠢᠭ︶᠂ ︽ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ︵ᠠᠷᠠᠳ ᠤᠨ ᠶᠠᠪᠤᠳᠠᠯ ᠤᠨ ᠶᠠᠮᠤᠨ ᠤ | ᠲᠠᠷᠬᠠᠭᠠᠭᠰᠠᠨ ︹2021︺ 57 ᠳ᠋ᠤᠭᠠᠷ ᠲᠣᠭᠠᠲᠤ︶ ᠪᠠ ᠠᠷᠠᠳ ᠤᠨ ᠶᠠᠪᠤᠳᠠᠯ ᠤᠨ ᠶᠠᠮᠤᠨ᠂ ᠲᠥᠪ ᠤᠨ | ᠲᠠᠷᠢᠶᠠᠯᠠᠩ ᠤᠨ ᠠᠯᠪᠠᠨ ᠬᠡᠷ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ | ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠲᠤᠬᠠᠶ ᠮᠡᠳᠡᠭᠳᠡᠯ︾ ︵ᠠᠷᠠᠳ ᠤᠨ ᠶᠠᠪᠤᠳᠠᠯ ᠤᠨ ᠶᠠᠮᠤᠨ ᠤ ᠲᠠᠷᠬᠠᠭᠠᠭᠰᠠᠨ ︹2022︺ 83 ᠳ᠋ᠤᠭᠠᠷ | ᠲᠣᠭᠠᠲᠤ︶ ᠪᠠ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︿ | ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ︹2023︺ 45 ᠳ᠋ᠤᠭᠠᠷ ᠲᠣᠭᠠᠲᠤ︶ ᠤᠨ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ | ᠮᠡᠲᠦ ᠰᠠᠨᠠᠯ ᠢ ᠳᠤᠷᠠᠳᠪᠠ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠢ ᠮᠠᠭᠠᠳᠯᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠡᠲᠡᠭᠡᠳ ᠢ ᠮᠠᠭᠠᠳᠯᠠᠨ ᠲᠣᠭᠲᠠᠭᠠᠬᠤ ᠨᠢ ᠣᠨᠣᠪᠴᠢᠲᠠᠢ᠂ ᠪᠠᠲᠤᠯᠠᠭ᠎ᠠ ᠶᠢᠨ ᠪᠠᠷᠢᠮᠵᠢᠶ᠎ᠠ ᠨᠢ | ᠵᠦᠢ ᠵᠣᠬᠢᠰᠲᠠᠢ᠂ ᠬᠠᠮᠢᠶᠠᠷᠤᠯᠲᠠ ᠠᠵᠢᠯᠯᠠᠭᠠᠨ ᠨᠢ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | ᠡᠷᠦᠬᠡ ᠠᠮᠠ᠂ ᠨᠠᠰᠤ᠂ ᠡᠪᠡᠳᠴᠢᠨ ᠡᠮᠬᠡᠭ᠂ ᠵᠡᠮᠳᠡᠭᠴᠦᠳ᠂ ᠠᠰᠠᠷᠠᠨ ᠲᠡᠵᠢᠭᠡᠭᠴᠢ ᠶᠢᠨ ᠪᠠᠶᠢᠳᠠᠯ᠂ ᠭᠡᠷ | ᠪᠦᠯᠢ ᠶᠢᠨ ᠣᠷᠣᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ᠂ ᠡᠮ ᠡᠮᠨᠡᠯᠭᠡ ᠶᠢᠨ ᠵᠠᠷᠤᠳᠠᠯ ᠵᠡᠷᠭᠡ ᠵᠦᠢ | ᠵᠣᠬᠢᠰᠲᠠᠢ ᠴᠢᠨᠠᠷᠲᠠᠢ ᠵᠠᠷᠤᠯᠭ᠎ᠠ ᠶᠢᠨ ᠪᠠᠶᠢᠳᠠᠯ ᠵᠡᠷᠭᠡ ᠶᠢ ᠦᠨᠳᠦᠰᠦᠯᠡᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠡᠷᠡᠭᠲᠡᠢ᠃ | ᠰᠢᠰᠲ᠋ᠧᠮ ᠢᠶᠠᠨ ᠨᠢᠭᠡᠳᠬᠡᠵᠦ᠂ ᠨᠢᠭᠡ ᠲᠣᠮᠢᠶ᠎ᠠ᠂ ᠨᠢᠭᠡ ᠵᠦᠢᠯ ᠤᠨ ᠪᠣᠳᠣᠬᠤ ᠠᠷᠭ᠎ᠠ ᠪᠠᠷ ᠣᠷᠣᠯᠭ᠎ᠠ ᠶᠢ ᠪᠣᠳᠣᠬᠤ | ᠵᠠᠷᠴᠢᠮ ᠢ ᠪᠠᠷᠢᠮᠲᠠᠯᠠᠨ᠎ᠠ︔ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠭᠡᠷ ᠪᠦᠯᠢ ᠶᠢᠨ ᠣᠷᠣᠯᠭ᠎ᠠ᠂ ᠭᠡᠷ | ᠪᠦᠯᠢ ᠶᠢᠨ ᠡᠳ᠋ ᠬᠥᠷᠥᠩᠭᠡ ᠶᠢ ᠣᠷᠣᠭᠤᠯᠬᠤ ᠶᠠᠪᠤᠳᠠᠯ ᠲᠣᠬᠢᠶᠠᠯᠳᠤᠪᠠᠯ ᠵᠠᠪᠠᠯ ᠬᠢᠨᠠᠬᠤ ᠵᠠᠷᠴᠢᠮ ᠢ ᠪᠠᠷᠢᠮᠲᠠᠯᠠᠨ᠎ᠠ︔ | ᠬᠥᠳᠡᠯᠦᠩᠭᠦᠶ ᠪᠠᠷ ᠬᠠᠮᠢᠶᠠᠷᠴᠤ᠂ ᠲᠥᠷᠥᠯ ᠬᠤᠪᠢᠶᠠᠨ ᠪᠠᠲᠤᠯᠠᠭ᠎ᠠ ᠣᠯᠭᠤᠬᠤ᠂ ᠵᠥᠷᠢᠶ᠎ᠡ ᠶᠢ ᠨᠥᠬᠦᠪᠥᠷᠢᠯᠡᠬᠦ ᠶᠢ | ᠬᠠᠮᠵᠢᠯᠴᠠᠨ ᠠᠬᠢᠭᠤᠯᠬᠤ ᠵᠠᠷᠴᠢᠮ ᠢ ᠪᠠᠷᠢᠮᠲᠠᠯᠠᠨ᠎ᠠ︔ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ | ᠬᠦᠷᠲᠡᠭᠡᠵᠦ᠂ ᠰᠢᠢᠳᠪᠦᠷᠢᠯᠡᠬᠦ ᠳᠡᠰ ᠳᠠᠷᠠᠭᠠᠯᠠᠯ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠪᠦᠬᠦ ᠶᠠᠪᠤᠴᠠ ᠳᠤ | ᠢᠯᠡ ᠪᠣᠯᠭᠠᠬᠤ ᠵᠠᠷᠴᠢᠮ ᠢ ᠪᠠᠷᠢᠮᠲᠠᠯᠠᠨ᠎ᠠ᠃ | ᠭᠤᠷᠪᠠ᠂ ᠭᠤᠶᠤᠴᠢᠯᠠᠬᠤ ᠪᠠ ᠬᠦᠯᠢᠶᠡᠨ ᠠᠪᠴᠤ ᠰᠢᠢᠳᠪᠦᠷᠢᠯᠡᠬᠦ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ᠭᠡᠷ ᠪᠦᠯᠢ ᠪᠠᠷ ᠨᠢᠭᠡᠴᠢ ᠪᠣᠯᠭᠠᠨ᠂ | ᠭᠤᠶᠤᠴᠢᠯᠠᠭᠰᠠᠨ ᠭᠡᠷ ᠪᠦᠯᠢ ᠨᠢ ᠨᠢᠭᠡᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢ | ᠭᠤᠶᠤᠴᠢᠯᠠᠭᠴᠢ ᠪᠠᠷ ᠲᠣᠭᠲᠠᠭᠠᠵᠤ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠢᠴᠢᠭᠯᠡᠭᠰᠡᠨ ᠭᠤᠶᠤᠴᠢᠯᠠᠯ ᠢᠶᠠᠨ | ᠳᠤᠷᠠᠳᠤᠨ᠎ᠠ᠃ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢᠶᠠᠷ ᠭᠤᠶᠤᠴᠢᠯᠠᠭᠤᠯᠬᠤ ᠳᠤ | ᠬᠦᠴᠢᠷᠳᠡᠯ ᠲᠠᠢ ᠪᠣᠯ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠪᠤᠶᠤ ᠪᠤᠰᠤᠳ ᠬᠥᠮᠦᠨ ᠳᠤ ᠨᠠᠶᠢᠳᠠᠵᠤ | ᠭᠤᠶᠤᠴᠢᠯᠠᠯ ᠭᠠᠷᠭᠠᠵᠤ ᠪᠣᠯᠤᠨ᠎ᠠ᠃ ᠨᠠᠶᠢᠳᠠᠬᠤ ᠡᠷᠭᠦᠳᠡᠯ ᠭᠠᠷᠭᠠᠬᠤ ᠳᠤ ᠵᠣᠬᠢᠬᠤ ᠨᠠᠶᠢᠳᠠᠯᠭ᠎ᠠ ᠶᠢᠨ ᠪᠢᠴᠢᠭ | ᠪᠠᠷᠢᠮᠲᠠ ᠬᠢᠬᠦ ᠬᠡᠷᠡᠭᠲᠡᠢ᠃ | ︵ᠨᠢᠭᠡ︶ ᠡᠷᠦᠭᠡ ᠠᠮᠠ ᠶᠢᠨ ᠨᠥᠬᠦᠴᠡᠯ | 1 ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠴᠢ ᠵᠢᠴᠢ ᠭᠡᠷ ᠪᠦᠯᠢ ᠶᠢᠨ ᠪᠦᠷᠢᠯᠳᠦᠬᠦᠨ | ᠡᠷᠬᠡᠪᠰᠢ ᠶᠤᠸᠠᠨ ᠪᠦᠦ ᠱᠠᠨ ᠲᠣᠭᠤᠷᠢᠭ ᠤᠨ ᠪᠠᠶᠢᠩᠭᠤ ᠰᠠᠭᠤᠭ᠎ᠠ ᠡᠷᠦᠬᠡ ᠠᠮᠠ ᠲᠠᠢ᠂ ᠭᠤᠶᠤᠴᠢᠯᠠᠭᠴᠢ ᠵᠢᠴᠢ ᠭᠡᠷ | ᠪᠦᠯᠢ ᠶᠢᠨ ᠪᠦᠷᠢᠯᠳᠦᠬᠦᠨ ᠤ ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠯᠤᠭ᠎ᠠ ᠨᠢᠭᠡᠳᠦᠯᠲᠡᠶ ᠪᠥᠭᠡᠳ | ᠶᠤᠸᠠᠨ ᠪᠦᠦ ᠱᠠᠨ ᠲᠣᠭᠤᠷᠢᠭ ᠤᠨ ᠬᠠᠷᠢᠶ᠎ᠠ ᠣᠷᠣᠨ ᠤ ᠬᠡᠪᠴᠢᠶᠡᠨ ᠳᠤ ᠤᠷᠲᠤ ᠬᠤᠭᠤᠴᠠᠭ᠎ᠠ ᠪᠠᠷ ᠰᠠᠭᠤᠵᠤ | ᠪᠠᠶᠢᠭ᠎ᠠ ᠰᠠᠭᠤᠭᠠᠯᠢ ᠠᠷᠠᠳ ᠪᠠᠶᠢᠬᠤ ᠬᠡᠷᠡᠭᠲᠡᠶ᠃ | 2 ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠨᠢ | ᠬᠠᠷᠢᠶ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠠᠴᠠ ᠪᠤᠰᠤᠳ ᠭᠠᠵᠠᠷ ᠪᠠᠶᠢᠪᠠᠯ᠂ ᠲᠡᠭᠦᠨ ᠤ ᠳᠣᠲᠣᠷᠠᠬᠢ ᠨᠢᠭᠡ ᠪᠠᠶᠢᠩᠭᠤ ᠰᠠᠭᠤᠭ᠎ᠠ ᠭᠠᠵᠠᠷ ᠨᠢ | ᠲᠤᠰ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠤ ᠪᠦᠷᠢᠯᠳᠦᠬᠦᠨ ᠨᠢ ᠲᠡᠭᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠲᠤ ᠭᠤᠶᠤᠴᠢᠯᠠᠯ ᠭᠠᠷᠭᠠᠵᠤ ᠪᠣᠯᠤᠨ᠎ᠠ᠃ | ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠨᠢ ᠪᠠᠶᠢᠩᠭᠤ | ᠰᠠᠭᠤᠭ᠎ᠠ ᠭᠠᠵᠠᠷ ᠯᠤᠭ᠎ᠠ ᠪᠠᠨ ᠪᠦᠷ ᠨᠢᠭᠡᠳᠦᠯ ᠦᠭᠡᠢ ᠪᠠᠶᠢᠪᠠᠯ᠂ ᠳᠤᠷ᠎ᠠ ᠶᠢᠨ ᠨᠢᠭᠡ ᠭᠡᠷ ᠪᠦᠯᠢ ᠶᠢᠨ | ᠪᠦᠷᠢᠯᠳᠦᠬᠦᠨ ᠨᠢ ᠲᠡᠭᠦᠨ ᠤ ᠡᠷᠦᠬᠡ ᠠᠮᠠ ᠶᠢᠨ ᠭᠠᠵᠠᠷ ᠲᠤ ᠪᠠᠨ ᠭᠤᠶᠤᠴᠢᠯᠠᠯ ᠭᠠᠷᠭᠠᠵᠤ ᠪᠣᠯᠤᠨ᠎ᠠ᠃ | 3 ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠲᠠᠷᠢᠶᠠᠯᠠᠩ ᠤᠨ ᠪᠤᠰᠤ | ᠡᠷᠦᠬᠡ ᠠᠮᠠ ᠪᠣᠯᠤᠨ ᠲᠠᠷᠢᠶᠠᠯᠠᠩ ᠤᠨ ᠡᠷᠦᠬᠡ ᠠᠮᠠ ᠪᠠᠶᠢᠪᠠᠯ᠂ ᠵᠠᠷᠴᠢᠮ ᠳᠡᠭᠡᠷ᠎ᠡ ᠪᠠᠨ ᠡᠷᠦᠬᠡ ᠠᠮᠠ ᠶᠢ | ᠨᠡᠶᠢᠯᠡᠭᠦᠯᠦᠭᠡᠳ ᠳᠠᠬᠢᠨ ᠭᠤᠶᠤᠴᠢᠯᠠᠯ ᠢᠶᠠᠨ ᠳᠤᠷᠠᠳᠴᠤ᠂ ᠨᠡᠶᠢᠯᠡᠭᠦᠯᠬᠦ ᠶᠢᠨ ᠠᠷᠭ᠎ᠠ ᠦᠭᠡᠶ ᠡᠷᠦᠬᠡ ᠠᠮᠠ ᠶᠢᠨ | ᠬᠠᠷᠢᠶ᠎ᠠ ᠪᠠᠷ ᠲᠤᠰ ᠲᠤᠰ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ ᠬᠥᠳᠡᠭᠡ ᠲᠣᠰᠬᠤᠨ ᠤ | ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠬᠡᠷᠡᠭᠲᠡᠶ᠃ | 4 ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠢ ᠥᠭᠡᠷᠡᠴᠢᠯᠡᠨ ᠪᠠᠶᠢᠭᠤᠯᠬᠤ ᠭᠡᠷ ᠪᠠᠶᠢᠰᠢᠩ ᠪᠤᠶᠤ ᠣᠨᠳᠣᠤ ᠭᠠᠵᠠᠷ ᠨᠡᠭᠦᠯᠭᠡᠵᠦ ᠲᠥᠪᠯᠡᠷᠡᠭᠦᠯᠦᠨ | ᠲᠥᠪᠬᠢᠨᠡᠭᠦᠯᠬᠦ ᠣᠷᠣᠨ ᠳᠤ ᠨᠡᠭᠦᠨ ᠤᠷᠤᠭᠰᠠᠨ ᠬᠦᠴᠢᠷᠳᠡᠯᠲᠡᠶ ᠣᠯᠠᠨ ᠲᠦᠮᠡᠨ ᠨᠥᠬᠦᠴᠡᠯ ᠳᠤ ᠨᠡᠶᠢᠴᠡᠵᠤ | ᠦᠷᠭᠦᠯᠵᠢᠯᠡᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠪᠠᠯ᠂ ᠤᠤᠯ ᠤᠨ ᠭᠤᠶᠤᠴᠢᠯᠠᠨ ᠭᠦᠢᠴᠡᠳᠬᠡᠭᠰᠡᠨ | ᠭᠠᠵᠠᠷ ᠲᠤ ᠣᠴᠢᠵᠤ ᠦᠷᠭᠦᠯᠵᠢᠯᠡᠨ ᠪᠠᠲᠤᠯᠠᠭ᠎ᠠ ᠦᠷᠭᠦᠯᠵᠢᠯᠡᠭᠦᠯᠵᠦ ᠪᠣᠯᠤᠨ᠎ᠠ᠃ ᠰᠢᠨ᠎ᠡ ᠪᠠᠷ ᠭᠤᠶᠤᠴᠢᠯᠠᠪᠠᠯ᠂ | ᠰᠠᠭᠤᠭ᠎ᠠ ᠭᠠᠵᠠᠷ ᠲᠠᠭᠠᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠣᠯᠤᠨ᠎ᠠ᠃ | ︵ᠬᠤᠶᠠᠷ︶ ᠭᠡᠷ ᠪᠦᠯᠢ ᠶᠢᠨ ᠪᠦᠷᠢᠯᠳᠦᠭᠦᠨ ᠢ ᠮᠠᠭᠠᠳᠯᠠᠨ ᠲᠣᠭᠲᠠᠭᠠᠬᠤ | 1 ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠳᠤ᠄ | ︵1︶ ᠬᠠᠨᠢ ᠨᠥᠬᠦᠷ︔ | ︵2︶ ᠨᠠᠰᠤᠨ ᠳᠤ ᠬᠦᠷᠦᠭᠡᠳᠦᠢ ᠦᠷ᠎ᠡ ᠬᠡᠦᠬᠡᠳ︔ | ︵3︶ ᠨᠠᠰᠤᠨ ᠳᠤ ᠬᠦᠷᠦᠭᠰᠡᠨ ᠪᠣᠯᠪᠠᠴᠤ ᠲᠤᠰᠠᠭᠠᠷ ᠠᠮᠢᠳᠤᠷᠠᠵᠤ ᠳᠡᠶᠢᠯᠬᠦ ᠦᠭᠡᠢ ᠦᠷ᠎ᠡ ᠬᠡᠦᠬᠡᠳ᠂ | ᠡᠭᠦᠨ ᠳᠤ ᠰᠤᠷᠭᠠᠭᠤᠯᠢ ᠳᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ | ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠦᠷᠲᠡᠵᠦ ᠪᠠᠶᠢᠭ᠎ᠠ ᠦᠷ᠎ᠡ ᠬᠡᠦᠬᠡᠳ ᠪᠠᠭᠲᠠᠨ᠎ᠠ︔ | | ︵4︶ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ ᠡᠭᠦᠷᠭᠡ | ᠬᠠᠷᠢᠭᠤᠴᠠᠯᠭ᠎ᠠ ᠶᠢᠨ ᠬᠠᠷᠢᠴᠠᠭ᠎ᠠ ᠨᠢ ᠨᠢᠭᠡ ᠡᠷᠦᠬᠡ ᠠᠮᠠ ᠳᠤ ᠪᠠᠶᠢᠬᠤ ᠪᠥᠭᠡᠳ ᠤᠷᠲᠤ ᠬᠤᠭᠤᠴᠠᠭ᠎ᠠ ᠪᠠᠷ ᠬᠠᠮᠲᠤ | ᠰᠠᠭᠤᠵᠤ ᠪᠠᠶᠢᠭ᠎ᠠ ᠪᠤᠰᠤᠳ ᠬᠦᠮᠦᠰ︔ | 2 ᠳᠣᠤᠷ᠎ᠠ ᠵᠢᠭᠰᠠᠭᠠᠭᠰᠠᠨ ᠬᠥᠮᠦᠰ ᠢ ᠠᠮᠢᠳᠤᠷᠠᠯ ᠤᠨ ᠭᠡᠷ ᠪᠦᠯᠢ ᠶᠢᠨ ᠪᠦᠷᠢᠯᠳᠦᠬᠦᠨ ᠳᠤ ᠪᠣᠳᠣᠵᠤ | ᠣᠷᠣᠭᠤᠯᠬᠤ ᠦᠭᠡᠶ᠄ | ︵1︶ ᠦᠷᠭᠦᠯᠵᠢᠯᠡᠨ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠢ ᠪᠠᠭᠲᠠᠭᠠᠨ᠎ᠠ︶ ᠭᠡᠷ ᠪᠦᠯᠢ ᠠᠴᠠ ᠪᠠᠨ | ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ ᠰᠤᠷᠲᠠᠬᠤᠨ ᠤ ᠪᠠᠭᠰᠢ ᠠᠵᠢᠯᠲᠠᠨ︔ | ︵2︶ ᠭᠢᠨᠳᠠᠨ ᠳᠤ ᠡᠷᠡᠭᠦᠦ ᠰᠢᠢᠳᠬᠡᠯ ᠭᠥᠢᠴᠡᠳᠬᠡᠵᠦ ᠪᠠᠶᠢᠭ᠎ᠠ᠂ ᠬᠤᠣᠷ ᠲᠠᠲᠠᠬᠤ ᠶᠢ ᠵᠣᠭᠰᠣᠭᠠᠬᠤ | ᠭᠠᠵᠠᠷ ᠲᠤ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠨᠢ ᠵᠣᠭᠰᠤᠭᠠᠵᠤ ᠪᠠᠶᠢᠭ᠎ᠠ ᠪᠤᠶᠤ ᠠᠯᠠᠭ᠎ᠠ | ᠪᠣᠯᠤᠭᠰᠠᠨ ᠢᠶᠠᠷ ᠵᠠᠷᠯᠠᠭᠰᠠᠨ ᠬᠥᠮᠥᠰ︔ | ︵3︶ ᠠᠯᠪᠠᠨ ᠴᠡᠷᠢᠭ ᠤᠨ ᠳᠣᠲᠣᠷᠠᠬᠢ ᠠᠯᠪᠠᠨ ᠵᠢᠷᠤᠮ ᠤᠨ ᠴᠡᠷᠢᠭ︔ | ︵4︶ ᠪᠦᠬᠦᠯᠢ 18 ᠨᠠᠰᠤ ᠬᠦᠷᠴᠦ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠥᠭᠡᠳ ᠵᠢᠩᠬᠢᠨᠢ ᠠᠩᠭᠢ ᠵᠢᠴᠢ | ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠭᠥᠷᠳᠡᠭᠰᠡᠨ ᠥᠬᠡᠶ ᠦᠷ᠎ᠡ ᠬᠡᠦᠬᠡᠳ | ︔ | ︵5︶ ᠰᠣᠳᠤᠯᠬᠤ ᠰᠤᠷᠤᠭᠴᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ | ᠬᠦᠷᠲᠡᠭᠰᠡᠨ ᠦᠷ᠎ᠡ ᠬᠡᠦᠬᠡᠳ︔ | ︵6︶ ᠨᠢᠭᠡᠨᠲᠡ ᠭᠡᠷ ᠪᠦᠯᠢ ᠪᠠᠶᠢᠭᠤᠯᠤᠭᠰᠠᠨ ᠨᠠᠰᠤᠨ ᠳᠤ ᠬᠦᠷᠦᠭᠰᠡᠨ ᠦᠷ᠎ᠡ ᠬᠡᠦᠬᠡᠳ︔ | ︵7︶ ᠡᠪᠦᠭᠡ ᠡᠮᠡᠭᠡ᠂ ᠨᠠᠭᠠᠴᠤ ᠡᠪᠦᠭᠡ ᠡᠮᠡᠭᠡ ᠲᠠᠢ ᠪᠠᠨ ᠨᠢᠭᠡ ᠡᠷᠦᠬᠡ ᠠᠮᠠ ᠲᠠᠢ ᠪᠥᠭᠡᠳ ᠬᠠᠮᠲᠤ | ᠠᠮᠢᠳᠤᠷᠠᠵᠤ ᠪᠠᠶᠢᠭ᠎ᠠ ᠪᠣᠯᠪᠠᠴᠤ ᠡᠴᠢᠭᠡ ᠡᠬᠡ ᠨᠢ ᠠᠰᠠᠷᠠᠨ ᠲᠡᠵᠢᠭᠡᠬᠦ ᠴᠢᠳᠠᠪᠤᠷᠢ ᠲᠠᠢ ᠤᠮᠪᠤᠯᠤ ᠦᠷ᠎ᠡ ᠬᠡᠦᠬᠡᠳ᠂ | ᠵᠢᠭᠡ ᠤᠮᠪᠤᠯᠤ ᠦᠷ᠎ᠡ ᠬᠡᠦᠬᠡᠳ︔ | ︵8︶ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤᠰ ᠵᠦᠢᠯ ᠤᠨ ᠵᠠᠷᠴᠢᠮ ᠪᠠ | ᠬᠤᠯᠪᠣᠭᠳᠠᠯ ᠪᠦᠬᠦᠢ ᠵᠢᠷᠤᠮ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠪᠤᠰᠤᠳ ᠬᠥᠮᠦᠰ᠃ | 3 ᠳᠠᠷᠠᠭᠠᠬᠢ ᠪᠠᠶᠢᠳᠠᠯ ᠤᠳ ᠤᠨ ᠨᠢᠭᠡᠨ ᠳᠤ ᠨᠢ ᠨᠡᠶᠢᠴᠡᠭᠰᠡᠨ ᠬᠥᠮᠦᠰ ᠲᠤᠰᠠᠭᠠᠷ ᠭᠤᠶᠤᠴᠢᠯᠠᠯ ᠭᠠᠷᠭᠠᠵᠤ | ᠪᠣᠯᠤᠨ᠎ᠠ᠄ | ︵1︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠳᠤ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠤᠨ ᠨᠢᠭᠡᠳᠦᠭᠡᠷ ᠳᠡᠰ᠂ ᠬᠤᠶᠠᠳᠤᠭᠠᠷ | ᠲᠠᠰ ᠤᠨ ᠬᠦᠨᠳᠦ ᠵᠡᠮᠳᠡᠭ ᠬᠥᠮᠥᠰ ᠪᠣᠯᠤᠨ ᠭᠤᠷᠪᠠᠳᠤᠭᠠᠷ ᠲᠠᠰ ᠤᠨ ᠣᠶᠤᠨ ᠴᠢᠳᠠᠪᠤᠷᠢ ᠵᠡᠮᠳᠡᠭ ᠬᠥᠮᠥᠰ᠂ | ᠭᠤᠷᠪᠠᠳᠤᠭᠠᠷ ᠲᠠᠰ ᠤᠨ ᠣᠶᠤᠨ ᠰᠠᠨᠠᠭ᠎ᠠ ᠵᠡᠮᠳᠡᠭ ᠬᠥᠮᠥᠰ︔ | ︵2︶ ᠨᠠᠰᠤᠨ ᠳᠤ ᠬᠥᠷᠥᠭᠰᠡᠨ ᠠᠵᠢᠯ ᠦᠭᠡᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠦᠨᠡᠮᠯᠡᠯ ᠤᠨ ᠨᠢᠭᠡᠳᠦᠭᠡᠷ ᠳᠡᠰ᠂ ᠬᠤᠶᠠᠳᠤᠭᠠᠷ ᠲᠠᠰ ᠤᠨ ᠬᠦᠨᠳᠦ ᠵᠡᠮᠳᠡᠭ ᠬᠥᠮᠥᠰ ᠪᠣᠯᠤᠨ | ᠭᠤᠷᠪᠠᠳᠤᠭᠠᠷ ᠲᠠᠰ ᠤᠨ ᠣᠶᠤᠨ ᠴᠢᠳᠠᠪᠤᠷᠢ ᠵᠡᠮᠳᠡᠭ ᠬᠥᠮᠥᠰ᠂ ᠭᠤᠷᠪᠠᠳᠤᠭᠠᠷ ᠲᠠᠰ ᠤᠨ ᠣᠶᠤᠨ ᠰᠠᠨᠠᠭ᠎ᠠ ᠵᠡᠮᠳᠡᠭ | ᠬᠥᠮᠥᠰ︔ | ︵3︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠳᠣᠲᠣᠷ᠎ᠠ | ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠮᠠᠭᠠᠳᠯᠠᠨ ᠲᠣᠭᠲᠠᠭᠠᠭᠰᠠᠨ ᠣᠨᠴᠠ ᠬᠦᠨᠳᠦ | ᠡᠪᠡᠳᠴᠢᠨ ᠳᠤ ᠨᠡᠷᠪᠡᠭᠳᠡᠭᠰᠡᠨ ᠬᠥᠮᠦᠰ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠨᠡᠯᠭᠡ ᠶᠢᠨ | ᠳᠠᠭᠠᠳᠬᠠᠯ ᠤᠨ ᠲᠣᠪᠴᠢᠶᠠᠨ ᠤ ᠨᠡᠶᠢᠲᠡᠯᠡᠭᠰᠡᠨ ᠡᠪᠡᠳᠴᠢᠨ ᠤ ᠵᠦᠢᠯ ᠢᠶᠠᠷ ᠯᠠᠪᠯᠠᠯᠲᠠ ᠪᠣᠯᠭᠠᠵᠤ᠂ ᠪᠣᠳᠠᠲᠤ | ᠪᠠᠶᠢᠳᠠᠯ ᠢᠶᠠᠨ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠮᠠᠭᠠᠳᠯᠠᠨ ᠲᠣᠭᠲᠠᠭᠠᠭᠰᠠᠨ | ᠬᠦᠨᠳᠦ ᠡᠪᠡᠳᠴᠢᠨ ᠪᠤᠶᠤ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ ᠲᠥᠷᠥᠯ ᠢ ᠲᠣᠭᠲᠠᠭᠠᠨ᠎ᠠ︶︔ | ︵4︶ ᠬᠡᠷ ᠪᠦᠯᠢ ᠠᠴᠠ ᠪᠠᠨ ᠰᠠᠯᠵᠤ ᠱᠠᠰᠢᠨ ᠰᠤᠷᠳᠠᠬᠤᠨ ᠤ ᠲᠠᠯᠠᠪᠤᠷ ᠲᠤ ᠭᠤᠷᠪᠠᠠ ᠵᠢᠯ ᠭᠠᠷᠤᠢ ︵ | ᠭᠤᠷᠪᠠᠠ ᠵᠢᠯ ᠢ ᠪᠠᠭᠲᠠᠭᠠᠨ᠎ᠠ︶ ᠰᠠᠭᠤᠭᠰᠠᠨ ᠠᠮᠢᠳᠤᠷᠠᠯ ᠨᠢ ᠬᠦᠴᠢᠷᠲᠡᠢ ᠱᠠᠰᠢᠨ ᠰᠤᠷᠳᠠᠬᠤᠨ ᠤ ᠪᠠᠭᠰᠢ ᠠᠵᠢᠯᠲᠠᠨ︔ | | ︵5︶ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠣᠨᠴᠠ | ᠬᠦᠴᠢᠷᠲᠡᠢ ᠬᠥᠮᠦᠰ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠨᠢ ᠡᠩ ᠤᠨ ᠪᠠᠶᠢᠳᠠᠯ ᠳᠣᠤᠷ᠎ᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠶ᠂ ᠭᠡᠷ ᠪᠦᠯᠢ ᠶᠢᠨ ᠬᠥᠮᠦᠨ | ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢᠨ 1.5 ᠳᠠᠬᠢᠨ ᠠᠴᠠ ᠳᠣᠤᠷ᠎ᠠ ᠪᠠᠶᠢᠬᠤ ᠮᠥᠷᠲᠡᠭᠡᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ | ᠪᠦᠬᠦᠢ ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠤᠶ᠃ | ︵ᠭᠤᠷᠪᠠ︶ ᠮᠠᠲ᠋ᠧᠷᠢᠶᠠᠯ ᠬᠠᠩᠭᠠᠬᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠭᠤᠶᠤᠴᠢᠯᠠᠬᠤ ᠳᠤ ᠳᠣᠣᠷᠠᠬᠢ | ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | 1 ᠪᠡᠶ᠎ᠡ ᠶᠢᠨ ᠦᠨᠡᠮᠯᠡᠯ ᠤᠨ ᠭᠡᠷᠡᠴᠢ ᠮᠠᠲ᠋ᠧᠷᠢᠶᠠᠯ᠄ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠤ ᠡᠷᠦᠬᠡ | ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠬᠠᠤᠯᠢ ᠪᠠᠷ | ᠲᠣᠭᠲᠠᠭᠠᠭᠰᠠᠨ ᠠᠰᠠᠷᠠᠨ ᠲᠡᠵᠢᠭᠡᠬᠦ ︵ᠲᠡᠳᠬᠦᠬᠦ᠂ ᠠᠰᠠᠷᠠᠨ ᠲᠡᠵᠢᠭᠡᠬᠦ︶ ᠬᠦᠮᠦᠨ ᠤ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠵᠡᠷᠭᠡ ᠶᠢ ᠪᠠᠭᠲᠠᠭᠠᠨ᠎ᠠ᠃ | 2 ᠬᠡᠷ ᠪᠦᠯᠢ ᠶᠢᠨ ᠣᠷᠣᠯᠭ᠎ᠠ ᠶᠢᠨ ᠭᠡᠷᠡᠴᠢᠯᠡᠯ ᠤᠨ ᠮᠠᠲ᠋ᠧᠷᠢᠶᠠᠯ᠄ ᠴᠠᠯᠢᠩ ᠤᠨ ᠴᠢᠨᠠᠷᠲᠠᠶ ᠣᠷᠣᠯᠭ᠎ᠠ᠂ ᠡᠳ᠋ | ᠬᠥᠷᠥᠩᠭᠡ ᠶᠢᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ᠂ ᠰᠢᠯᠵᠢᠯᠲᠡ ᠶᠢᠨ ᠴᠢᠨᠠᠷᠲᠠᠶ | ᠣᠷᠣᠯᠭ᠎ᠠ ᠪᠠᠭᠲᠠᠨ᠎ᠠ᠂ ᠡᠭᠦᠨ ᠳᠤ ᠪᠦᠬᠦᠨ ᠳᠤ ᠳᠣᠭᠢᠷᠠᠬᠤ ᠺᠠᠷᠲ ᠢᠶᠠᠷ ᠳᠠᠮᠵᠢᠭᠤᠯᠤᠨ ᠲᠠᠷᠬᠠᠭᠠᠭᠰᠠᠨ ᠤᠯᠤᠰ ᠤᠨ | ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠪᠠᠯᠠ ᠮᠥᠩᠭᠦ ᠵᠡᠷᠭᠡ ᠣᠷᠣᠯᠭ᠎ᠠ ᠶᠢᠨ ᠭᠡᠷᠡᠴᠢ ᠶᠢ | ᠰᠢᠶᠠᠩ ᠪᠠᠯᠭᠠᠰᠤᠨ ᠠᠴᠠ ᠨᠢᠭᠡᠳᠦᠯᠲᠡᠶ ᠭᠠᠷᠭᠠᠵᠤ ᠥᠭᠭᠦᠨ᠎ᠡ︔ | 3 ᠡᠪᠡᠳᠴᠢᠨ ᠡᠮᠭᠡᠭ ᠤᠨ ᠭᠡᠷᠡᠴᠢᠯᠡᠭᠰᠡᠨ ᠮᠠᠲ᠋ᠧᠷᠢᠶᠠᠯ᠄ | ︵1︶ ᠬᠦᠨᠳᠦ ᠣᠨᠴᠠ ᠶᠡᠭᠡ ᠡᠪᠡᠳᠴᠢᠨ ᠳᠤ ᠰᠢᠶᠠᠨ ᠤ ᠱᠠᠲᠤ ︵ᠪᠠᠭᠲᠠᠨ᠎ᠠ︶ ᠠᠴᠠ ᠳᠡᠭᠡᠭᠰᠢᠬᠢ | ᠡᠮᠴᠢᠯᠡᠭᠡᠨ ᠤ ᠪᠠᠶᠢᠭᠤᠯᠤᠮᠵᠢ ᠶᠢᠨ ᠬᠢᠵᠦ ᠥᠭᠭᠦᠭᠰᠡᠨ ᠣᠨᠣᠰᠢᠯᠠᠭᠰᠠᠨ ᠭᠡᠷᠡᠴᠢ᠂ ᠡᠪᠡᠳᠴᠢᠨ ᠤ ᠥᠩᠭᠡᠷᠡᠯᠲᠡ ᠶᠢᠨ | ᠬᠠᠭᠤᠯᠪᠤᠷᠢ ᠶᠢ ᠬᠠᠩᠭᠠᠬᠤ ᠬᠡᠷᠡᠭᠲᠡᠶ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠃ | ︶ ᠵᠢᠴᠢ ᠬᠦᠨᠳᠦ ᠣᠨᠴᠠ ᠶᠡᠭᠡ ᠡᠪᠡᠳᠴᠢᠨ ᠤ ᠬᠤᠶᠠᠷ ᠵᠢᠯ ᠤᠨ ᠳᠣᠲᠣᠷ᠎ᠠ᠂ ᠤᠳᠠᠭᠠᠨ ᠴᠢᠨᠠᠷᠲᠠᠶ ᠡᠪᠡᠳᠴᠢᠨ ᠤ | ᠲᠤᠬᠠᠶ ᠶᠢᠨ ᠵᠢᠯ ᠤᠨ ᠳᠣᠲᠣᠷ᠎ᠠ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠤᠭᠰᠠᠨ ᠬᠠᠭᠤᠳᠠᠰᠤ ᠵᠡᠷᠭᠡ | ᠭᠡᠷᠡᠴᠢᠯᠡᠬᠦ ᠮᠠᠲ᠋ᠧᠷᠢᠶᠠᠯ︔ | ︵2︶ ᠤᠳᠠᠭᠠᠨ ᠴᠢᠨᠠᠷᠲᠠᠢ ᠡᠪᠡᠳᠴᠢᠨ ᠤ ᠬᠠᠩᠭᠠᠬᠤ ᠶᠣᠰᠤᠲᠠᠢ ᠭᠡᠷᠡᠴᠢ ᠮᠠᠲ᠋ᠧᠷᠢᠶᠠᠯ ︵ᠳᠠᠷᠠᠭᠠᠬᠢ | ᠳᠤᠷ᠎ᠠ ᠶᠢᠨ ᠨᠢᠭᠡ ᠬᠡᠯᠪᠡᠷᠢ︶᠄ | ᠨᠢᠭᠡᠨᠳᠡ ᠴᠢᠬ ᠲᠣᠠᠠᠳ᠋ᠬᠠᠰᠠᠨ ᠡᠮᠴᠢᠯᠡᠭᠡᠨ ᠤ ᠪᠠᠶᠢᠭᠤᠯᠥᠮᠵᠢ ᠪᠤᠶᠤ ᠡᠮᠴᠢᠯᠡᠭᠡᠨ ᠤ ᠲᠠᠭᠠᠳᠬᠠᠯ ᠤᠨ ᠰᠠᠯᠠᠭ᠎ᠠ | ᠮᠦᠴᠢᠷ ᠲᠤ ᠡᠬᠦᠳᠡᠨ ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠳᠡᠩᠰᠡᠯᠡᠭᠤᠯᠥᠯᠳᠡ ᠬᠢᠵᠦ ᠪᠠᠶᠢᠭ᠎ᠠ | ᠬᠦᠮᠦᠰ ᠲᠤ ︽ᠡᠬᠦᠳᠡᠨ ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠳᠥᠷᠦᠯ ᠤᠨ ᠣᠯᠭᠤᠮᠵᠢ ᠶᠢ ᠨᠣᠳᠡᠯᠡᠨ | ᠲᠣᠠᠠᠳᠠᠭᠠᠬᠤ ᠬᠦᠰᠦᠨᠦᠭ︾ ᠢ ᠬᠠᠩᠭᠠᠬᠤ ᠭᠡᠷᠡᠭᠳᠡᠢ︔ | ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠡᠳ ᠡᠮᠨᠡᠯᠭᠡ ᠳᠤ ᠰᠠᠭᠤᠵᠤ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠶ ᠡᠪᠡᠳᠴᠢᠨ ᠢᠶᠠᠷ ᠣᠨᠣᠰᠢᠯᠠᠭᠳᠠᠭᠰᠠᠨ ᠪᠣᠯᠪᠠᠴᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ | ᠳᠠᠩᠰᠠᠯᠠᠭᠤᠯᠤᠭᠰᠠᠨ ᠥᠬᠡᠶ ᠬᠥᠮᠦᠰ ᠲᠤ ᠡᠪᠡᠳᠴᠢᠨ ᠤ ᠶᠠᠪᠤᠴᠠ ᠶᠢᠨ ᠬᠠᠭᠤᠯᠪᠤᠷᠢ ︵ᠡᠮᠴᠢᠯᠡᠭᠡᠨ ᠤ | ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠨ᠎ᠠ︶᠂ ᠣᠨᠣᠰᠢᠯᠠᠯᠲᠠ ᠶᠢᠨ ᠭᠡᠷᠡᠴᠢ ᠵᠢᠴᠢ ᠡᠮ ᠡᠮᠨᠡᠯᠭᠡ ᠶᠢᠨ | ᠵᠠᠷᠤᠳᠠᠯ ᠤᠨ ᠲᠠᠩᠰᠠ ᠲᠠᠶᠢᠯᠬᠤ ᠬᠠᠭᠤᠳᠠᠰᠤ ︵ᠬᠤᠤᠷ ᠲᠠᠲᠠᠬᠤ᠂ ᠲᠡᠷᠭᠡᠨ ᠠᠳᠡᠯ ᠵᠡᠷᠭᠡ ᠰᠢᠯᠲᠠᠭᠠᠨ ᠠᠴᠠ | ᠭᠠᠳᠠᠨ᠎ᠠ︶ ᠬᠠᠩᠭᠠᠬᠤ ᠭᠡᠷᠡᠭᠳᠡᠢ︔ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ ᠪᠣᠯᠪᠠᠴᠤ ᠡᠮᠨᠡᠯᠭᠡ ᠳᠤ ᠰᠠᠭᠤᠵᠤ | ᠡᠮᠨᠡᠭᠦᠯᠦᠭᠡᠳᠦᠶ ᠪᠣᠯ ᠲᠣᠭᠤᠷᠢᠭ ᠤᠨ ᠳᠣᠲᠣᠷ᠎ᠠ ᠵᠢᠭᠠᠨ ᠲᠣᠭᠲᠠᠭᠠᠭᠰᠠᠨ ᠴᠢᠭ᠋ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠲᠤᠰ ᠵᠢᠯ ᠤᠨ ᠣᠨᠣᠰᠢᠯᠠᠭᠰᠠᠨ ᠭᠡᠷᠡᠴᠢ ᠶᠢ ᠬᠠᠩᠭᠠᠬᠤ ᠬᠡᠷᠡᠭᠲᠡᠶ︔ | ︵3︶ ᠬᠤᠪᠢ ᠬᠦᠮᠦᠨ ᠤ ᠡᠮᠨᠡᠯᠭᠡ ᠳᠤ ᠰᠠᠭᠤᠭᠰᠠᠨ ᠨᠡᠶᠢᠲᠡ ᠦᠪᠡᠷ ᠢᠶᠠᠨ ᠲᠤᠰᠢᠶᠠᠭᠰᠠᠨ ᠬᠡᠰᠡᠭ ᠤᠨ ᠡᠮ | ᠡᠮᠨᠡᠯᠭᠡ ᠶᠢᠨ ᠵᠠᠷᠤᠳᠠᠯ ᠢ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠢᠴᠢ ᠪᠤᠰᠤᠳ ᠰᠠᠯᠠᠭ᠎ᠠ ᠮᠦᠴᠢᠷ ᠤᠨ ᠳᠠᠬᠢᠨᠲᠠ | ᠳᠠᠩᠰᠠ ᠲᠠᠶᠢᠯᠬᠤ᠂ ᠠᠪᠤᠷᠠᠨ ᠲᠤᠰᠠᠯᠠᠬᠤ ᠮᠦᠩᠭᠦ ᠠᠴᠠ ᠬᠠᠰᠤᠵᠤ ᠭᠠᠷᠭᠠᠬᠤ ᠬᠡᠷᠡᠭᠲᠡᠢ︔ | ︵4︶ ᠣᠨᠴᠠᠭᠠᠶ ᠰᠢᠯᠲᠠᠭᠠᠨ ᠠᠴᠠ ᠪᠣᠯᠵᠣ ᠡᠮ ᠡᠮᠨᠡᠯᠭᠡ ᠶᠢᠨ ᠵᠠᠷᠤᠳᠠᠯ ᠢᠶᠠᠨ ᠲᠠᠩᠰᠠᠨ ᠠᠴᠠ ᠲᠠᠶᠢᠯᠤᠭᠰᠠᠨ | ᠥᠬᠡᠶ ᠪᠠᠶᠢᠪᠠᠯ᠂ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ | ᠣᠨᠣᠰᠢᠯᠠᠭᠰᠠᠨ ᠭᠡᠷᠡᠴᠢ᠂ ᠡᠮᠨᠡᠯᠭᠡ ᠳᠤ ᠰᠠᠭᠤᠵᠤ ᠡᠮᠨᠡᠭᠦᠯᠥᠭᠰᠡᠨ ᠡᠪᠡᠳᠴᠢᠨ ᠤ ᠲᠡᠮᠳᠡᠭᠯᠡᠯ ᠤᠨ ᠬᠠᠭᠤᠯᠪᠤᠷᠢ ︵ | ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ︶ ᠵᠢᠴᠢ ᠡᠮ ᠡᠮᠨᠡᠯᠭᠡ ᠶᠢᠨ ᠵᠠᠷᠤᠳᠠᠯ ᠤᠨ | ᠤᠭ ᠬᠠᠭᠤᠳᠠᠰᠤ ᠶᠢ ᠬᠠᠩᠭᠠᠵᠤ᠂ ᠡᠮ ᠡᠮᠨᠡᠯᠭᠡ ᠶᠢᠨ ᠵᠠᠷᠤᠳᠠᠯ ᠤᠨ ᠪᠦᠬᠦ ᠲᠣᠭᠠᠨ ᠤ 30% ᠪᠠᠷ ᠭᠡᠷ ᠪᠦᠯᠢ ᠶᠢᠨ | ᠬᠠᠰᠤᠭᠰᠠᠨ ᠲᠤᠭ᠎ᠠ ᠬᠡᠮᠵᠢᠶ᠎ᠡ ᠪᠣᠯᠭᠠᠨ᠎ᠠ᠃ | 4 ᠵᠡᠮᠳᠡᠭ ᠤᠨ ᠭᠡᠷᠡᠴᠢ ᠮᠠᠲ᠋ᠧᠷᠢᠶᠠᠯ᠄ ᠵᠡᠮᠳᠡᠭᠴᠦᠳ ᠤᠨ ᠬᠤᠯᠪᠣᠭᠠᠨ ᠤ ᠰᠠᠯᠠᠭ᠎ᠠ ᠮᠥᠴᠢᠷ ᠤᠨ ᠬᠢᠨᠠᠨ | ᠣᠯᠭᠤᠭᠰᠠᠨ ᠬᠠᠮᠤᠭ ᠤᠨ ᠰᠢᠨ᠎ᠡ ᠬᠡᠪ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ | ᠬᠥᠮᠦᠨ ᠤ ᠦᠨᠡᠮᠯᠡᠯ︾ ᠢ ᠬᠠᠩᠭᠠᠬᠤ ᠬᠡᠷᠡᠭᠲᠡᠶ︔ | 5 ᠭᠡᠷᠡᠴᠢ ᠮᠠᠲ᠋ᠧᠷᠢᠶᠠᠯ ᠢ ᠬᠠᠰᠤᠬᠤ᠄ ᠠᠳᠠᠯᠢ ᠨᠢᠭᠡ ᠬᠡᠷ ᠪᠦᠯᠢ ᠳᠤ ᠬᠤᠶᠠᠷ ᠵᠢᠴᠢ ᠳᠡᠭᠡᠭᠰᠢᠬᠢ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠪᠤᠶᠤ ᠶᠡᠭᠡ ᠰᠤᠷᠭᠠᠭᠤᠯᠢ ᠶᠢᠨ ᠤᠶᠤᠲᠠᠨ ᠵᠡᠷᠭᠡ ᠪᠠᠶᠢᠵᠤ᠂ | ᠬᠠᠲᠠᠭᠤ ᠵᠠᠷᠤᠯᠭ᠎ᠠ ᠶᠢᠨ ᠬᠠᠰᠤᠯᠲᠠ ᠳᠤ ᠨᠡᠶᠢᠴᠡᠪᠡᠯ᠂ ᠰᠣᠷᠣᠭᠴᠢ ᠶᠢᠨ ᠰᠤᠷᠭᠠᠭᠤᠯᠢ ᠳᠤ ᠪᠠᠶᠢᠭ᠎ᠠ ᠭᠡᠷᠡᠴᠢ | ᠮᠠᠲ᠋ᠧᠷᠢᠶᠠᠯ ᠢ ᠬᠠᠩᠭᠠᠬᠤ ᠬᠡᠷᠡᠭᠲᠡᠶ︔ | 6 ᠪᠤᠰᠤᠳ ᠬᠠᠩᠭᠠᠪᠠᠰᠤ ᠵᠣᠬᠢᠬᠤ ᠮᠠᠲ᠋ᠧᠷᠢᠶᠠᠯ᠃ | ᠡᠷᠦᠬᠡ ᠠᠮᠠ ᠭᠤᠶᠤᠴᠢᠯᠠᠭᠰᠠᠨ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠨ ᠦᠭᠡᠢ ᠭᠡᠷ ᠪᠦᠯᠢ ᠨᠢ | ᠤᠷᠲᠤ ᠬᠤᠭᠤᠴᠠᠭ᠎ᠠ ᠪᠠᠷ ᠣᠷᠣᠰᠢᠨ ᠰᠠᠭᠤᠭᠰᠠᠨ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠰᠠᠭᠤᠭᠠᠯᠢ | ᠠᠷᠠᠳ︶ ᠤ ᠠᠷᠠᠳ ᠤᠨ ᠵᠥᠪᠯᠡᠯ ᠤᠨ ᠭᠡᠷᠡᠴᠢ ︵ᠭᠡᠷ ᠪᠦᠯᠢ ᠶᠢᠨ ᠠᠮᠢᠳᠤᠷᠠᠯ ᠤᠨ ᠪᠠᠶᠢᠳᠠᠯ᠂ ᠣᠷᠣᠨ | ᠰᠠᠭᠤᠴᠠ ᠶᠢᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ ᠵᠡᠷᠭᠡ︶ ᠬᠠᠩᠭᠠᠬᠤ ᠬᠡᠷᠡᠭᠲᠡᠢ︔ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠨᠢ ᠭᠤᠶᠤᠴᠢᠯᠠᠭᠴᠢ ᠪᠣᠶᠣ ᠲᠡᠭᠦᠨ ᠤ ᠣᠷᠣᠯᠠᠭᠴᠢ ᠶᠢᠨ ᠬᠠᠩᠭᠠᠬᠤ ᠴᠢᠬᠤᠯᠠᠲᠠᠢ ᠮᠠᠲ᠋ᠧᠷᠢᠶᠠᠯ ᠢ | ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠮᠡᠳᠡᠭᠳᠡᠬᠦ ᠶᠢᠨ ᠬᠠᠮᠲᠤ ᠭᠤᠶᠤᠴᠢᠯᠠᠭᠴᠢ ᠪᠣᠶᠣ ᠲᠡᠭᠦᠨ ᠤ | ᠣᠷᠣᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ | ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ︔ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠣᠯ᠂ ᠨᠦᠬᠦᠪᠦᠷᠢᠯᠡᠵᠦ | ᠵᠠᠯᠠᠷᠠᠭᠤᠯᠬᠤ ᠮᠡᠳᠡᠭᠳᠡᠯ ᠤᠨ ᠪᠢᠴᠢᠭ ᠢ ᠭᠤᠶᠤᠴᠢᠯᠠᠭᠴᠢ ᠪᠣᠶᠣ ᠲᠡᠭᠦᠨ ᠤ ᠣᠷᠣᠯᠠᠭᠴᠢ ᠳᠤ ᠮᠡᠳᠡᠭᠳᠡᠬᠦ ᠬᠡᠷᠡᠭᠲᠡᠢ᠃ | ᠨᠡᠶᠢᠭᠡᠮ ᠤᠨ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠳᠤᠭᠤᠯᠬᠤ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠪᠤᠶᠤ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠣᠯᠵᠤ ᠪᠣᠯᠬᠤ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠯᠠᠪᠯᠠᠵᠤ᠂ | ᠳᠠᠪᠬᠤᠷᠳᠠᠭᠤᠯᠤᠨ ᠲᠤᠰᠢᠶᠠᠬᠤ ᠶᠢ ᠱᠠᠭᠠᠷᠳᠠᠬᠤ ᠥᠬᠡᠶ᠃ | ︵ᠲᠦᠷᠪᠡ︶ ᠮᠡᠳᠡᠭᠳᠡᠨ ᠠᠮᠠᠯᠳᠤᠭᠤᠯᠬᠤ | 1 ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ︽ᠭᠡᠷ ᠪᠦᠯᠢ ᠶᠢᠨ ᠠᠵᠤ | ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠵᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠪᠠ ︽ᠦᠨᠡᠨ | ᠪᠣᠳᠠᠲᠠᠶ ᠪᠠᠷ ᠮᠡᠳᠡᠭᠦᠯᠬᠦ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠬᠤ ᠬᠡᠷᠡᠭᠲᠡᠶ︔ | 2 ᠭᠤᠶᠤᠴᠢᠯᠠᠭᠴᠢ ᠠᠴᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠠᠷᠳᠠᠨ ᠬᠢᠬᠦ ᠠᠵᠢᠯᠲᠠᠨ ᠪᠤᠶᠤ | ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠪᠦᠷᠢᠯᠳᠦᠬᠦᠨ᠂ ᠨᠡᠶᠢᠭᠡᠮ ᠤᠨ ᠠᠪᠤᠷᠠᠨ ᠲᠤᠰᠠᠯᠠᠬᠤ | ᠲᠤᠰᠠᠯᠠᠭᠴᠢ ᠲᠠᠢ ᠣᠶᠢᠷ᠎ᠠ ᠲᠥᠷᠥᠯ ᠰᠠᠳᠤᠨ ᠤ ᠬᠠᠷᠢᠴᠠᠭ᠎ᠠ ᠲᠠᠢ ᠪᠠᠶᠢᠪᠠᠯ᠂ ᠦᠨᠡᠨ ᠮᠥᠨ ᠢᠶᠠᠷ ᠨᠢ | ᠲᠣᠳᠣᠷᠬᠠᠶᠢᠯᠠᠬᠤ ᠬᠡᠷᠡᠭᠲᠡᠶ᠃ ᠨᠢᠭᠡᠨᠲᠡ ᠬᠦᠯᠢᠶᠡᠨ ᠠᠪᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠡᠷᠬᠢᠯᠡᠨ ᠭᠦᠢᠴᠡᠳᠬᠡᠬᠦ ᠠᠵᠢᠯᠲᠠᠨ ᠪᠤᠶᠤ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠪᠦᠷᠢᠯᠳᠦᠬᠦᠨ ᠤ | ᠣᠶᠢᠷ᠎ᠠ ᠲᠥᠷᠥᠯ ᠰᠠᠳᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ | ᠳᠠᠩᠰᠠᠯᠠᠭᠤᠯᠬᠤ ᠬᠡᠷᠡᠭᠲᠡᠶ᠃ | ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠠᠷᠲᠠᠨ ᠭᠦᠢᠴᠡᠳᠭᠡᠬᠦ ᠠᠵᠢᠯᠲᠠᠨ︾ ᠭᠡᠳᠡᠭ ᠨᠢ | ᠪᠣᠳᠠᠲᠠᠶ ᠭᠦᠢᠴᠡᠳᠭᠡᠬᠦ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠯᠢᠶᠡᠨ ᠠᠪᠴᠤ ᠬᠠᠮᠢᠶᠠᠷᠬᠤ᠂ | ᠬᠢᠨᠠᠬᠤ ︵ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠪᠠᠭᠲᠠᠨ᠎ᠠ︶᠂ ᠨᠤᠲᠠᠯᠠᠬᠤ | ᠵᠡᠷᠭᠡ ᠵᠦᠢᠯᠡᠰ ᠲᠤ ᠬᠤᠯᠪᠣᠭᠳᠠᠬᠤ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ | ᠠᠵᠢᠯᠲᠠᠨ ᠢ ᠵᠢᠭᠠᠵᠤ ᠪᠣᠶ᠃ | ︽ᠣᠶᠢᠷ᠎ᠠ ᠲᠥᠷᠥᠯ ᠰᠠᠳᠤᠨ︾ ᠳᠤ ᠬᠠᠨᠢ ᠨᠦᠬᠦᠷ᠂ ᠡᠴᠢᠭᠡ ᠡᠬᠡ᠂ ᠦᠷ᠎ᠡ ᠬᠡᠦᠬᠡᠳ᠂ ᠠᠬ᠎ᠠ ᠳᠡᠭᠦᠦ | ᠡᠭᠡᠴᠢ ᠥᠬᠢᠨ ᠳᠡᠭᠦᠦ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ᠂ ᠣᠮᠪᠣᠯᠣ᠂ ᠵᠢᠭᠡ ᠣᠮᠪᠣᠯᠣ ᠵᠡᠷᠭᠡ ᠶᠢ | ᠪᠠᠭᠲᠠᠭᠠᠨ᠎ᠠ᠃ | ᠳᠥᠷᠪᠡ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠪᠠ ᠲᠣᠭᠠᠴᠠᠭ᠎ᠠ ᠬᠢᠬᠦ | ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠨᠢ ᠬᠠᠮᠲᠤ ᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠤ ᠪᠦᠬᠦ ᠭᠡᠷ ᠪᠦᠯᠢ ᠶᠢᠨ ᠣᠷᠣᠯᠭ᠎ᠠ ᠪᠠ ᠭᠡᠷ ᠪᠦᠯᠢ ᠶᠢᠨ ᠡᠳ᠋ ᠬᠥᠷᠥᠩᠭᠡ ᠶᠢ ᠵᠢᠭᠠᠵᠤ ᠪᠠᠶᠢᠨ᠎ᠠ᠃ | ︵ᠨᠢᠭᠡ︶ ᠭᠡᠷ ᠪᠦᠯᠢ ᠶᠢᠨ ᠤᠷᠤᠯᠭ᠎ᠠ | ᠭᠡᠷ ᠪᠦᠯᠢ ᠶᠢᠨ ᠣᠷᠣᠯᠭ᠎ᠠ ᠭᠡᠳᠡᠭ ᠨᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ | ᠲᠣᠭᠲᠠᠭᠠᠭᠰᠠᠨ ᠬᠤᠭᠤᠴᠠᠭᠠᠨ ᠳᠣᠲᠣᠷ᠎ᠠ ᠣᠯᠤᠭᠰᠠᠨ ᠪᠦᠬᠦ ᠪᠡᠯᠡᠨ ᠵᠣᠭᠤᠰ ᠵᠢᠴᠢ ᠪᠣᠳᠠᠲᠤ ᠡᠳ᠋ ᠤᠨ ᠣᠷᠣᠯᠭ᠎ᠠ ᠶᠢ | ᠵᠢᠭᠠᠵᠤ ᠪᠤᠶ᠂ ᠡᠭᠦᠨ ᠳᠤ ᠭᠤᠤᠯᠳᠠᠭᠤ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ | ᠡᠳ᠋ ᠬᠥᠷᠥᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠵᠡᠷᠭᠡ ᠳᠥᠷᠪᠡᠨ ᠲᠠᠯ᠎ᠠ ᠪᠠᠭᠲᠠᠨ᠎ᠠ᠃ | ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠦᠶ᠎ᠡ ᠳᠤ᠂ ᠲᠡᠭᠦᠨ ᠤ ᠦᠨᠡᠨ ᠪᠣᠳᠠᠲᠠᠶ ᠣᠷᠣᠯᠭ᠎ᠠ ᠶᠢ ᠬᠢᠨᠠᠨ | ᠬᠠᠷᠭᠤᠭᠤᠯᠵᠤ ᠴᠢᠳᠠᠪᠠᠯ ᠴᠥᠮ ᠪᠣᠳᠠᠲᠠᠶ ᠵᠣᠭᠤᠰ ᠤᠨ ᠲᠤᠭ᠎ᠠ ᠪᠠᠷ ᠪᠠᠷᠢᠮᠵᠢᠶ᠎ᠠ ᠪᠣᠯᠭᠠᠨ᠎ᠠ︔ ᠬᠢᠨᠠᠨ | ᠬᠠᠷᠭᠤᠭᠤᠯᠬᠤ ᠳᠤ ᠬᠦᠴᠢᠷᠲᠡᠶ ᠬᠥᠮᠦᠰ ᠬᠥᠳᠡᠯᠮᠦᠷᠢ ᠶᠢᠨ ᠬᠦᠴᠦᠨ ᠤ ᠢᠯᠡᠳᠬᠡᠮᠵᠢ ᠶᠢᠨ ᠠᠷᠭ᠎ᠠ ᠪᠠᠷ ᠭᠡᠷ | ᠪᠦᠯᠢ ᠶᠢᠨ ᠣᠷᠣᠯᠭ᠎ᠠ ᠶᠢ ᠶᠡᠷᠦᠩᠬᠡᠶᠢᠯᠡᠨ ᠲᠥᠰᠦᠭᠡᠯᠡᠨ ᠪᠣᠳᠣᠨ᠎ᠠ᠃ | ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠨᠠᠰᠤ ᠵᠢᠯ᠂ ᠵᠡᠮᠳᠡᠭ ᠤᠨ ᠬᠡᠮᠵᠢᠶ᠎ᠡ᠂ ᠬᠦᠨᠳᠦ | ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠵᠡᠷᠭᠡ ᠶᠡᠷᠦᠩᠬᠡᠶᠢᠯᠡᠭᠰᠡᠨ ᠬᠦᠴᠦᠨ ᠵᠥᠢᠯ ᠢ ᠦᠨᠳᠦᠰᠦᠯᠡᠨ | ᠲᠤᠭᠲᠠᠬᠠᠨᠠ ︵ᠬᠥᠳᠡᠯᠮᠦᠷᠢ ᠬᠦᠴᠦᠨ ᠤ ᠢᠯᠡᠳᠬᠡᠮᠵᠢ ᠶᠢ ᠲᠥᠰᠦᠭᠡᠯᠡᠨ ᠪᠤᠳᠣᠭᠰᠠᠨ ᠤ ᠳᠠᠷᠠᠭ᠎ᠠ᠃ | 1 ᠡᠩ ᠤᠨ ᠭᠡᠷ ᠪᠦᠯᠢ ᠶᠢᠨ ᠣᠷᠣᠯᠭ᠎ᠠ ᠳᠤ ᠲᠣᠭᠠᠴᠠᠭ᠎ᠠ ᠬᠢᠨ᠎ᠡ | ︵1︶ ᠴᠠᠯᠢᠩ ᠤᠨ ᠴᠢᠨ᠋ᠠᠷᠳᠠᠢ ᠤᠷᠤᠯᠭ᠎ᠠ | ᠴᠠᠯᠢᠩ ᠤᠨ ᠴᠢᠨᠠᠷᠲᠠᠶ ᠣᠷᠣᠯᠭ᠎ᠠ ᠭᠡᠳᠡᠭ ᠨᠢ ᠠᠵᠢᠯ ᠣᠯᠤᠭᠰᠠᠳ ᠤᠨ ᠡᠯ᠎ᠡ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ ᠣᠯᠤᠭᠰᠠᠨ ᠪᠦᠬᠦ ᠬᠥᠳᠡᠯᠮᠦᠷᠢ ᠶᠢᠨ ᠬᠥᠯᠥᠰᠥ ᠣᠯᠭᠤᠮᠵᠢ ᠪᠣᠯᠤᠨ ᠡᠯ᠎ᠡ ᠵᠦᠢᠯ ᠤᠨ ᠠᠰᠠᠷᠠᠮᠵᠢ ᠶᠢ | ᠵᠢᠭᠠᠵᠤ ᠪᠠᠶᠢᠬᠤ ᠶᠢᠨ ᠬᠠᠮᠲᠤ ᠴᠢᠬᠤᠯᠠ ᠪᠦᠬᠦᠢ ᠠᠵᠢᠯ ᠣᠯᠭᠤᠬᠤ ᠥᠪᠡᠷ ᠤᠨ ᠥᠷᠲᠡᠭ ᠢ ᠬᠠᠰᠤᠵᠤ ᠭᠠᠷᠭᠠᠬᠤ | ᠬᠡᠷᠡᠭᠲᠡᠶ᠂ ᠡᠭᠦᠨ ᠳᠤ ᠲᠤᠰᠢᠶᠠᠯ ᠡᠭᠦᠷᠭᠡᠯᠡᠭᠰᠡᠨ ᠪᠤᠶᠤ ᠬᠥᠯᠥᠰᠥᠯᠡᠭᠳᠡᠭᠰᠡᠨ ᠠᠴᠠ ᠪᠣᠯᠣᠭᠠᠳ ᠣᠯᠤᠭᠰᠠᠨ ᠴᠠᠯᠢᠩ᠂ | ᠴᠠᠯᠢᠩ᠂ ᠱᠠᠩᠨᠠᠯ ᠤᠨ ᠮᠥᠩᠭᠦ᠂ ᠬᠥᠳᠡᠯᠮᠦᠷᠢ ᠶᠢᠨ ᠠᠰᠢᠭ ᠬᠤᠪᠢᠶᠠᠷᠢᠯᠠᠯᠲᠠ᠂ ᠨᠡᠮᠡᠭᠦᠷᠢ᠂ ᠨᠥᠬᠦᠪᠥᠷᠢ ᠵᠢᠴᠢ | ᠲᠤᠰᠢᠶᠠᠯ ᠡᠭᠦᠷᠭᠡᠯᠡᠭᠰᠡᠨ ᠪᠤᠶᠤ ᠬᠥᠯᠥᠰᠥᠯᠡᠭᠳᠡᠬᠦ ᠳᠤ ᠬᠤᠯᠪᠣᠭᠳᠠᠬᠤ ᠪᠤᠰᠤᠳ ᠣᠯᠵᠠᠪᠤᠷᠢ ᠵᠡᠷᠭᠡ ᠶᠢ ᠪᠠᠭᠲᠠᠭᠠᠭᠰᠠᠨ | ᠪᠠᠶᠢᠬᠤ ᠬᠡᠷᠡᠭᠲᠡᠶ᠃ | ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × | ᠳᠡᠭᠡᠷ᠎ᠡ ᠨᠢᠭᠡ ᠵᠢᠯ ᠤᠨ ᠠᠵᠢᠯᠯᠠᠠᠭᠰᠠᠨ ᠭᠠᠵᠠᠷ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 7 ᠰᠠᠷ᠎ᠠ᠃ | ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠨᠡᠶᠢᠲᠡᠯᠡᠭᠰᠡᠨ ᠬᠠᠮᠤᠭ ᠤᠨ ᠰᠢᠨ᠎ᠡ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠵᠤ᠂ ᠬᠦᠴᠦ | ᠶᠠᠪᠤᠵᠤ ᠪᠠᠶᠢᠭ᠎ᠠ ᠭᠠᠵᠠᠷ ᠣᠷᠣᠨ ᠢ ᠲᠣᠭᠲᠠᠭᠠᠬᠤ ᠳᠤ ᠪᠡᠷᠬᠡᠲᠡᠶ ᠪᠣᠯ ᠪᠠᠶᠢᠩᠭᠤ ᠰᠠᠭᠤᠭ᠎ᠠ ᠭᠠᠵᠠᠷ ᠤᠨ ᠬᠠᠮᠤᠭ ᠤᠨ | ᠳᠣᠤᠷ᠎ᠠ ᠴᠠᠯᠢᠩ ᠤᠨ ᠪᠠᠷᠢᠮᠵᠢᠶ᠎ᠠ ᠪᠠᠷ ᠪᠣᠳᠣᠨ᠎ᠠ᠃ | ︵2︶ ᠡᠵᠡᠩᠨᠡᠯᠲᠡ ᠶᠢᠨ ᠴᠡᠪᠡᠷ ᠤᠷᠤᠯᠭ᠎ᠠ | ᠡᠵᠡᠩᠨᠡᠯᠲᠡ ᠶᠢᠨ ᠴᠡᠪᠡᠷ ᠣᠷᠣᠯᠭ᠎ᠠ ᠨᠢ ᠦᠢᠯᠡᠳᠪᠦᠷᠢᠯᠡᠯ ᠡᠵᠡᠩᠨᠡᠯᠲᠡ ᠵᠢᠴᠢ ᠲᠥᠯᠥᠪᠦᠷᠢ ᠲᠠᠢ | ᠦᠢᠯᠡᠴᠢᠯᠡᠭᠡᠨ ᠤ ᠠᠵᠢᠯᠯᠠᠭ᠎ᠠ ᠬᠢᠵᠦ ᠪᠠᠶᠢᠭ᠎ᠠ ᠪᠦᠬᠦ ᠡᠵᠡᠩᠨᠡᠯᠲᠡ ᠶᠢᠨ ᠣᠷᠣᠯᠭ᠎ᠠ ᠠᠴᠠ ᠡᠵᠡᠩᠨᠡᠯᠲᠡ ᠶᠢᠨ ᠵᠠᠷᠤᠳᠠᠯ᠂ | ᠦᠢᠯᠡᠳᠪᠦᠷᠢᠯᠡᠯ ᠤᠨ ᠴᠢᠨᠠᠷᠲᠠᠶ ᠲᠣᠭᠲᠠᠮᠠᠯ ᠬᠥᠷᠥᠩᠭᠡ ᠶᠢᠨ ᠡᠯᠡᠭᠳᠡᠯ ᠪᠠ ᠦᠢᠯᠡᠳᠪᠦᠷᠢᠯᠡᠯ ᠤᠨ ᠭᠠᠶᠢᠯᠢ ᠶᠢ | ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ ᠶᠢ ᠵᠢᠭᠠᠵᠤ ᠪᠤᠶ᠃ ᠡᠭᠦᠨ ᠳᠤ ᠲᠠᠷᠢᠬᠤ᠂ ᠲᠡᠵᠢᠭᠡᠨ ᠦᠷᠡᠵᠢᠭᠦᠯᠬᠦ᠂ | ᠴᠤᠭᠯᠠᠭᠤᠯᠬᠤ ᠪᠠ ᠡᠳ᠋ᠰᠢᠭᠦᠯᠬᠦ ᠵᠡᠷᠭᠡ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ | ᠠᠬᠤᠢ ᠶᠢᠨ ᠦᠢᠯᠡᠳᠪᠦᠷᠢᠯᠡᠯ ᠤᠨ ᠣᠷᠣᠯᠭ᠎ᠠ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠭᠠᠷ ᠦᠢᠯᠡᠳᠪᠦᠷᠢ | ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠠᠷᠠᠯᠵᠢᠶ᠎ᠠ ᠶᠢᠨ ᠦᠢᠯᠡᠰ᠂ ᠢᠳᠡᠭᠡᠨ ᠤᠮᠳᠠᠭᠠᠨ ᠤ ᠦᠢᠯᠡᠰ᠂ ᠰᠣᠶᠣᠯ ᠰᠤᠷᠭᠠᠨ ᠬᠥᠮᠥᠵᠢᠯ᠂ ᠡᠷᠡᠭᠦᠯ | ᠬᠠᠮᠠᠭᠠᠯᠠᠯ ᠤᠨ ᠦᠢᠯᠡᠰ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠵᠡᠷᠭᠡ ᠶᠢᠨ ᠡᠵᠡᠩᠨᠡᠯᠲᠡ ᠪᠠ ᠲᠥᠯᠥᠪᠦᠷᠢ ᠲᠠᠢ | ᠦᠢᠯᠡᠴᠢᠯᠡᠭᠡᠨ ᠤ ᠠᠵᠢᠯᠯᠠᠭ᠎ᠠ ᠡᠷᠬᠢᠯᠡᠭᠰᠡᠨ ᠣᠷᠣᠯᠭ᠎ᠠ ᠵᠡᠷᠭᠡ ᠪᠠᠭᠲᠠᠨ᠎ᠠ᠃ | ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠬᠤᠪᠢ ᠬᠥᠮᠦᠨ ᠤ ᠵᠢᠯ ᠤᠨ ᠣᠷᠣᠯᠭ᠎ᠠ = | ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ ᠵᠢᠯ ᠤᠨ ᠲᠣᠰ ᠭᠠᠵᠠᠷ ᠣᠷᠣᠨ ᠤ | ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 60%᠃ | ᠲᠠᠷᠢᠶᠠᠴᠢᠨ ᠮᠠᠯᠴᠢᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠭᠤᠷᠢᠭ ᠤᠨ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠲᠡᠵᠢᠭᠡᠨ ᠦᠷᠡᠵᠢᠭᠦᠯᠬᠦ ᠦᠢᠯᠡᠰ ᠤᠨ ᠵᠢᠯ ᠤᠨ ᠣᠷᠣᠯᠭ᠎ᠠ = ᠮᠠᠯ ᠠᠵᠤ ᠠᠬᠤᠶ᠂ ᠭᠡᠷ ᠤᠨ ᠵᠢᠭᠦᠷᠲᠡᠨ ᠤ | ᠵᠢᠯ ᠤᠨ ᠣᠷᠣᠯᠭ᠎ᠠ ᠶᠢᠨ ᠲᠣᠭᠠᠴᠠᠭᠠᠨ ᠤ ᠪᠠᠷᠢᠮᠵᠢᠶ᠎ᠠ × ᠣᠲᠣ ᠶᠢᠨ ᠪᠠᠶᠢᠭ᠎ᠠ ᠲᠤᠭ᠎ᠠ ᠬᠡᠮᠵᠢᠶ᠎ᠡ᠃ | ᠮᠠᠯ ᠤᠨ ᠭᠠᠷᠭᠠᠯᠲᠠ ᠶᠢᠨ ᠨᠣᠷᠮ᠎ᠠ ᠶᠢ ᠦᠨᠳᠦᠰᠦᠯᠡᠨ ᠲᠡᠵᠢᠭᠡᠨ ᠦᠷᠡᠵᠢᠭᠦᠯᠬᠦ ᠳᠤᠮᠳᠠᠬᠢ ᠡᠯ᠎ᠡ ᠵᠦᠢᠯ ᠤᠨ | ᠣᠷᠣᠭᠤᠯᠤᠯᠲᠠ ᠶᠢ ᠬᠠᠰᠤᠭᠰᠠᠨ ᠤ ᠳᠠᠷᠠᠭ᠎ᠠ ᠲᠣᠭᠲᠠᠭᠠᠭᠰᠠᠨ ᠨᠢᠵᠡᠭᠡᠳ ᠦᠨ᠎ᠡ᠄ ᠦᠬᠡᠷ ᠮᠣᠷᠢ᠂ ᠯᠠᠭᠤᠰᠠ ᠵᠡᠷᠭᠡ | ᠲᠣᠮᠣ ᠬᠡᠯᠪᠡᠷᠢ ᠶᠢᠨ ᠮᠠᠯ 1000 ᠲᠥᠭᠦᠷᠢᠭ᠂ ᠬᠤᠨᠢ 200 ᠲᠥᠭᠦᠷᠢᠭ᠂ ᠭᠠᠭ᠋ᠠᠢ 500 ᠲᠥᠭᠦᠷᠢᠭ᠂ ᠲᠠᠬᠢᠶ᠎ᠠ | ᠨᠤᠭᠤᠰᠤᠨ ᠭᠠᠯᠠᠭᠤ ᠵᠡᠷᠭᠡ ᠭᠡᠷ ᠤᠨ ᠵᠢᠭᠦᠷᠲᠡᠨ 30 ᠲᠥᠭᠦᠷᠢᠭ ︵ᠦᠬᠡᠷ ᠡᠯᠵᠢᠭᠡ᠂ ᠯᠠᠭᠤᠰᠠ ᠵᠡᠷᠭᠡ ᠲᠣᠮᠣ | ᠬᠡᠯᠪᠡᠷᠢ ᠶᠢᠨ ᠮᠠᠯ 30᠂ ᠭᠠᠭ᠋ᠠᠢ 5᠂ ᠬᠤᠨᠢ 10᠂ ᠲᠠᠬᠢᠶ᠎ᠠ ᠨᠤᠭᠤᠰᠤ ᠭᠠᠯᠠᠭᠤ ᠵᠡᠷᠭᠡ ᠭᠡᠷ ᠤᠨ ᠵᠢᠭᠦᠷᠲᠡᠨ ᠢ | 50 ᠠᠴᠠ ᠡᠬᠢᠯᠡᠵᠦ ᠪᠣᠳᠤᠨ᠎ᠠ︶᠃ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ ᠡᠵᠡᠩᠨᠡᠭᠴᠢᠳ ᠢ ᠪᠣᠳᠠᠲᠠᠶ | ᠴᠡᠪᠡᠷ ᠣᠷᠣᠯᠭ᠎ᠠ ᠪᠤᠶᠤ ᠪᠣᠳᠠᠲᠠᠶ ᠲᠤᠰᠢᠶᠠᠭᠰᠠᠨ ᠭᠠᠶᠢᠯᠢ ᠲᠠᠲᠠᠪᠤᠷᠢ ᠶᠢᠨ ᠰᠠᠭᠤᠷᠢ ᠲᠤᠭ᠎ᠠ ᠶᠢᠨ ᠶᠣᠰᠣᠭᠠᠷ | ᠶᠡᠷᠦᠩᠬᠡᠶᠢᠯᠡᠨ ᠮᠠᠭᠠᠳᠯᠠᠨ ᠲᠣᠭᠲᠠᠭᠠᠨ᠎ᠠ᠃ ᠪᠤᠰᠤᠳ ᠪᠠᠶᠢᠳᠠᠯ ᠢ ᠲᠤᠬᠠᠶ ᠶᠢᠨ ᠭᠠᠵᠠᠷ ᠤᠨ ᠦᠨᠡᠯᠡᠨ ᠵᠢᠱᠢᠬᠦ | ᠪᠠᠷᠢᠮᠵᠢᠶ᠎ᠠ ᠪᠠ ᠠᠷᠭ᠎ᠠ ᠶᠢᠨ ᠶᠣᠰᠣᠭᠠᠷ ᠲᠦᠯᠬᠢᠨ ᠪᠣᠳᠤᠨ᠎ᠠ᠃ | ︵3︶ ᠡᠳ᠋ ᠬᠦᠷᠦᠩᠭᠡ ᠶᠢᠨ ᠴᠡᠪᠡᠷ ᠤᠷᠤᠯᠭ᠎ᠠ | ᠡᠳ᠋ ᠬᠥᠷᠥᠩᠭᠡ ᠶᠢᠨ ᠴᠡᠪᠡᠷ ᠣᠷᠣᠯᠭ᠎ᠠ ᠨᠢ ᠬᠥᠳᠡᠯᠬᠦ ᠬᠥᠷᠥᠩᠭᠡ ᠪᠠ ᠥᠯᠥ ᠬᠥᠳᠡᠯᠬᠦ ᠬᠥᠷᠥᠩᠭᠡ ᠶᠢ ᠵᠢᠭᠠᠵᠤ | ᠭᠠᠷᠭᠠᠭᠠᠳ᠂ ᠡᠰᠡᠬᠦᠯ᠎ᠡ ᠬᠥᠳᠡᠯᠬᠦ ᠬᠥᠷᠥᠩᠭᠡ ᠪᠠ ᠥᠯᠥ ᠬᠥᠳᠡᠯᠬᠦ ᠬᠥᠷᠥᠩᠭᠡ ᠶᠢ ᠪᠤᠰᠤᠳ ᠪᠠᠶᠢᠭᠤᠯᠤᠮᠵᠢ᠂ | ᠨᠢᠭᠡᠴᠢ ᠪᠤᠶᠤ ᠬᠤᠪᠢ ᠬᠥᠮᠦᠨ ᠳᠤ ᠲᠤᠰᠢᠶᠠᠨ ᠬᠡᠷᠡᠭᠯᠡᠭᠦᠯᠬᠦ ᠶᠢᠨ ᠬᠠᠮᠲᠤ ᠬᠠᠮᠢᠶ᠎ᠠ ᠪᠥᠬᠦᠶ ᠵᠠᠷᠤᠳᠠᠯ ᠢ | ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ᠂ ᠡᠭᠦᠨ ᠳᠤ ᠬᠠᠳᠠᠭᠠᠯᠠᠮᠵᠢ ᠶᠢᠨ ᠬᠦᠦ ᠮᠥᠩᠭᠦ᠂ ᠦᠨᠡᠲᠦ | ᠲᠡᠮᠳᠡᠭᠲᠦ ᠶᠢᠨ ᠴᠡᠪᠡᠷ ᠠᠰᠢᠭ᠂ ᠬᠠᠳᠠᠭᠠᠯᠠᠮᠵᠢ ᠶᠢᠨ ᠴᠢᠨᠠᠷᠲᠠᠶ ᠳᠠᠭᠠᠳᠬᠠᠯ ᠤᠨ ᠪᠠᠯᠠ ᠣᠷᠣᠭᠤᠯᠤᠯᠲᠠ ᠵᠢᠴᠢ | ᠪᠤᠰᠤᠳ ᠰᠲ᠋ᠣᠺ ᠤᠨ ᠬᠦᠦ ᠮᠥᠩᠭᠦ ᠪᠠ ᠠᠰᠢᠭ ᠣᠯᠵᠠᠪᠤᠷᠢ ᠵᠡᠷᠭᠡ ᠣᠷᠣᠯᠭ᠎ᠠ᠂ ᠬᠠᠮᠲᠤ ᠶᠢᠨ ᠡᠳ᠋ ᠬᠥᠷᠥᠩᠭᠡ ᠶᠢᠨ | ᠣᠷᠣᠯᠭ᠎ᠠ ᠶᠢᠨ ᠠᠰᠢᠭ ᠬᠤᠪᠢᠶᠠᠷᠢᠯᠠᠯᠲᠠ ᠪᠠ ᠪᠤᠰᠤᠳ ᠬᠥᠳᠡᠯᠬᠦ ᠬᠥᠷᠥᠩᠭᠡ ᠶᠢᠨ ᠣᠷᠣᠯᠭ᠎ᠠ ᠵᠢᠴᠢ ᠰᠢᠯᠵᠢᠭᠦᠯᠦᠨ | ᠲᠦᠷᠢᠶᠡᠰᠦᠯᠡᠭᠦᠯᠵᠦ ᠳᠠᠭᠠᠭᠠᠴᠢᠯᠠᠭᠤᠯᠬᠤ᠂ ᠬᠡᠷ ᠬᠥᠷᠥᠩᠭᠡ ᠶᠢ ᠲᠦᠷᠢᠶᠡᠰᠦᠯᠡᠭᠦᠯᠬᠦ ᠪᠤᠶᠤ ᠰᠢᠯᠵᠢᠭᠦᠯᠬᠦ ᠵᠢᠴᠢ ᠥᠯᠥ | ᠬᠥᠳᠡᠯᠬᠦ ᠬᠥᠷᠥᠩᠭᠡ ᠶᠢᠨ ᠪᠤᠰᠤᠳ ᠣᠷᠣᠯᠭ᠎ᠠ ᠵᠡᠷᠭᠡ ᠪᠠᠭᠲᠠᠨ᠎ᠠ᠃ | ᠭᠠᠵᠠᠷ ᠰᠢᠷᠤᠢ᠂ ᠨᠤᠳᠤᠭ ᠪᠡᠯᠴᠢᠭᠡᠷ᠂ ᠭᠡᠷ ᠪᠠᠶᠢᠰᠢᠩ ᠤᠨ ᠳᠦᠷᠢᠶᠡᠰᠦᠯᠡᠬᠦᠯᠬᠦ᠂ ᠨᠤᠷᠠᠭᠠᠨ ᠨᠡᠭᠦᠯᠭᠡᠬᠦ᠂ | ᠲᠠᠲᠠᠪᠤᠷᠢᠯᠠᠨ ᠬᠡᠷᠡᠭᠯᠡᠭᠰᠡᠨ ᠵᠡᠷᠭᠡ ᠤᠷᠤᠯᠭ᠎ᠠ ᠶᠢ ᠬᠤᠶᠠᠷ ᠲᠠᠯ᠎ᠠ ᠪᠠᠷ ᠢᠶᠠᠨ ᠭᠡᠷ᠎ᠡ᠂ ᠵᠦᠪᠯᠡᠯᠴᠡᠭᠡᠷ ᠢᠶᠠᠷ ᠯᠠᠪᠯᠠᠯᠳᠠ | ᠪᠤᠯᠭᠠᠨ ᠮᠠᠭᠠᠳᠯᠠᠨ ᠲᠤᠭᠳᠠᠭᠠᠨ᠎ᠠ︔ ᠭᠡᠷ᠎ᠡ᠂ ᠵᠦᠪᠯᠡᠯᠴᠡᠭᠡᠷ ᠢ ᠬᠠᠩᠭᠠᠵᠤ ᠳᠡᠶᠢᠯᠬᠦ ᠦᠭᠡᠢ ᠪᠠᠶᠢᠪᠠᠯ᠂ ᠲᠤᠬᠠᠢ ᠶᠢᠨ | ᠭᠠᠵᠠᠷ ᠤᠨ ᠠᠳᠠᠯᠢ ᠲᠦᠷᠦᠯ ᠤᠨ ᠡᠳ᠋ ᠬᠦᠷᠦᠩᠭᠡ ᠶᠢᠨ ᠪᠤᠳᠠᠳᠤ ᠦᠨ᠎ᠡ ᠪᠠᠷ ᠯᠠᠪᠯᠠᠯᠳᠠ ᠪᠤᠯᠭᠠᠨ ᠮᠠᠭᠠᠳᠯᠠᠨ | ᠲᠤᠭᠳᠠᠭᠠᠨ᠎ᠠ᠃ | ᠬᠠᠳᠠᠭᠠᠯᠠᠮᠵᠢ ᠶᠢᠨ ᠬᠦᠦ ᠮᠥᠩᠭᠦ᠂ ᠦᠨᠡᠲᠦ ᠲᠡᠮᠳᠡᠭᠲᠦ ᠶᠢᠨ ᠠᠰᠢᠭ ᠲᠤᠰᠠ᠂ ᠪᠡᠯᠡ ᠣᠷᠣᠭᠤᠯᠤᠭᠰᠠᠨ ᠬᠤᠪᠢ | ᠣᠷᠣᠭᠤᠯᠤᠭᠰᠠᠨ ᠬᠦᠦ ᠮᠥᠩᠭᠦ ᠶᠢᠨ ᠠᠰᠢᠭ ᠣᠯᠵᠠᠪᠤᠷᠢ ᠵᠡᠷᠭᠡ ᠶᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠭᠠᠷᠭᠠᠭᠰᠠᠨ ᠭᠡᠷᠡᠴᠢ ᠪᠠᠷ ᠪᠣᠳᠣᠵᠤ᠂ ᠬᠠᠮᠲᠤ ᠶᠢᠨ ᠡᠳ᠋ ᠬᠥᠷᠥᠩᠭᠡ ᠶᠢᠨ ᠣᠷᠣᠯᠭ᠎ᠠ ᠶᠢᠨ ᠠᠰᠢᠭ ᠬᠤᠪᠢᠶᠠᠷᠢᠯᠠᠬᠤ ᠶᠢ | ᠬᠠᠮᠲᠤ ᠶᠢᠨ ᠥᠭᠭᠦᠭᠰᠡᠨ ᠬᠤᠪᠢᠶᠠᠷᠢᠯᠠᠯᠲᠠ ᠶᠢᠨ ᠲᠡᠮᠳᠡᠭᠯᠡᠯ ᠢᠶᠠᠷ ᠪᠣᠳᠣᠵᠤ ᠮᠠᠭᠠᠳᠯᠠᠨ ᠲᠣᠭᠲᠠᠭᠠᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠭ᠎ᠠ ᠨᠢ ᠲᠡᠭᠦᠨ ᠤ ᠲᠤᠰᠬᠠᠶ ᠠᠰᠢᠭ ᠤᠨ ᠡᠷᠬᠡ | ᠂ ᠲᠠᠸᠠᠷ ᠤᠨ ᠲᠡᠮᠳᠡᠭ ᠤᠨ ᠡᠷᠬᠡ᠂ ᠵᠣᠬᠢᠶᠠᠯ ᠪᠦᠲᠦᠭᠡᠯ ᠤᠨ ᠡᠷᠬᠡ ᠶᠢ ᠰᠢᠯᠵᠢᠭᠦᠯᠦᠨ ᠥᠭᠬᠦ ᠪᠠ ᠬᠡᠷᠡᠭᠯᠡᠬᠦ ᠭᠡᠷ᠎ᠡ ᠶᠢ | ᠪᠠᠶᠢᠴᠠᠭᠠᠨ ᠦᠵᠡᠪᠡ︔ ᠳᠠᠭᠠᠳᠬᠠᠯ ᠤᠨ ᠠᠰᠢᠭ ᠣᠯᠵᠠᠪᠤᠷᠢ ᠶᠢ ᠳᠠᠭᠠᠳᠬᠠᠯ ᠤᠨ ᠭᠡᠷ᠎ᠡ ᠶᠢ ᠦᠨᠳᠦᠰᠦᠯᠡᠨ | ᠪᠤᠳᠤᠨ᠎ᠠ︔ ᠶᠡᠭᠡ ᠬᠡᠮᠵᠢᠶᠡᠨ ᠤ ᠱᠠᠩᠨᠠᠯᠲᠤ ᠰᠤᠭᠤᠯᠤᠭ᠎ᠠ ᠶᠢᠨ ᠠᠰᠢᠭ ᠣᠯᠵᠠᠪᠤᠷᠢ ᠶᠢ ᠱᠠᠩᠨᠠᠯᠲᠤ ᠰᠤᠭᠤᠯᠤᠭ᠎ᠠ ᠶᠢᠨ | ᠬᠠᠮᠢᠶᠠᠷᠤᠯᠲᠠ ᠶᠢᠨ ᠲᠥᠪ ᠤᠨ ᠲᠤᠭ᠎ᠠ ᠪᠠᠷᠢᠮᠲᠠ ᠶᠢ ᠦᠨᠳᠦᠰᠦᠯᠡᠨ ᠣᠷᠣᠯᠭ᠎ᠠ ᠳᠤ ᠪᠤᠳᠤᠵᠤ ᠣᠷᠣᠭᠤᠯᠤᠨ᠎ᠠ᠃ | ︵4︶ ᠰᠢᠯᠵᠢᠭᠦᠯᠤᠭ᠍ᠰᠡᠨ ᠴᠡᠪᠡᠷ ᠤᠷᠤᠯᠭ᠎ᠠ | ᠴᠡᠪᠡᠷ ᠣᠷᠣᠯᠭ᠎ᠠ ᠶᠢ ᠰᠢᠯᠵᠢᠭᠦᠯᠬᠦ ᠴᠢᠨᠠᠷᠲᠠᠢ ᠣᠷᠤᠯᠭ᠎ᠠ ᠶᠢᠨ ᠭᠡᠨᠡᠳᠲᠡ ᠶᠢᠨ ᠴᠢᠨᠠᠷᠲᠠᠢ ᠵᠠᠷᠤᠯᠭ᠎ᠠ ᠶᠢ ᠬᠠᠰᠤᠵᠤ | ᠰᠢᠯᠵᠢᠭᠦᠯᠦᠭᠰᠡᠨ ᠤ ᠳᠠᠷᠠᠭᠠᠬᠢ ᠣᠷᠤᠯᠭ᠎ᠠ ᠶᠢ ᠰᠢᠯᠵᠢᠭᠦᠯᠦᠨ᠎ᠡ᠃ ᠡᠭᠦᠨ ᠳᠤ᠂ ᠰᠢᠯᠵᠢᠭᠦᠯᠬᠦ ᠴᠢᠨᠠᠷᠲᠠᠶ ᠣᠷᠣᠯᠭ᠎ᠠ | ᠭᠡᠳᠡᠭ ᠨᠢ ᠤᠯᠤᠰ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠠᠴᠠ ᠰᠠᠭᠤᠭᠠᠯᠢ ᠠᠷᠠᠳ ᠤᠨ ᠡᠯ᠎ᠡ ᠵᠦᠢᠯ ᠤᠨ ᠪᠠᠶᠢᠩᠭᠤ ᠶᠢᠨ ᠴᠢᠨᠠᠷᠲᠠᠶ ᠰᠢᠯᠵᠢᠭᠦᠯᠦᠨ ᠥᠭᠬᠦ ᠪᠠ | ᠰᠠᠭᠤᠭᠠᠯᠢ ᠠᠷᠠᠳ ᠤᠨ ᠬᠤᠭᠤᠷᠣᠨᠳᠣᠬᠢ ᠪᠠᠶᠢᠩᠭᠤ ᠶᠢᠨ ᠴᠢᠨᠠᠷᠲᠠᠶ ᠣᠷᠣᠯᠭ᠎ᠠ ᠶᠢᠨ ᠰᠢᠯᠵᠢᠯᠲᠡ ᠶᠢ ᠵᠢᠭᠠᠵᠤ ᠪᠠᠶᠢᠨ᠎ᠠ | ᠂ ᠡᠭᠦᠨ ᠳᠤ ᠠᠰᠠᠷᠠᠨ ᠲᠡᠵᠢᠭᠡᠬᠦ ᠵᠠᠷᠤᠳᠠᠯ᠂ ᠠᠵᠢᠯ ᠠᠴᠠ ᠪᠠᠨ ᠠᠮᠠᠷᠠᠭᠰᠠᠨ ᠮᠥᠩᠭᠦ᠂ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ᠂ ᠨᠦᠭᠴᠢᠭᠰᠡᠳ ᠤᠨ ᠬᠡᠷ ᠪᠦᠯᠢ ᠶᠢᠨ ᠨᠥᠬᠦᠪᠥᠷᠢ ᠮᠥᠩᠭᠦ᠂ ᠲᠥᠯᠥᠪᠦᠷᠢ ᠶᠢᠨ ᠣᠷᠣᠯᠭ᠎ᠠ᠂ | ᠬᠠᠨᠲᠢᠪ ᠬᠦᠷᠭᠡᠭᠰᠡᠨ ᠢ ᠬᠦᠯᠢᠶᠡᠨ ᠠᠪᠤᠭᠰᠠᠨ ︵ᠪᠡᠯᠡᠭ︶ ᠣᠷᠣᠯᠭ᠎ᠠ ᠵᠡᠷᠭᠡ ᠶᠢ ᠪᠠᠭᠲᠠᠭᠠᠨ᠎ᠠ︔ ᠰᠢᠯᠵᠢᠭᠦᠯᠦᠨ | ᠨᠡᠭᠦᠯᠭᠡᠬᠦ ᠴᠢᠨᠠᠷᠲᠠᠶ ᠵᠠᠷᠤᠯᠭ᠎ᠠ ᠨᠢ ᠰᠠᠭᠤᠭᠠᠯᠢ ᠠᠷᠠᠳ ᠤᠨ ᠤᠯᠤᠰ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠲᠤ ᠪᠠᠶᠢᠩᠭᠤ ᠶᠢᠨ ᠴᠢᠨᠠᠷᠲᠠᠶ ᠰᠢᠯᠵᠢᠭᠦᠯᠦᠨ | ᠥᠭᠬᠦ ᠵᠠᠷᠤᠯᠭ᠎ᠠ ᠶᠢ ᠵᠢᠭᠠᠵᠤ ᠪᠣᠶ᠂ ᠡᠭᠦᠨ ᠳᠤ ᠲᠤᠰᠢᠶᠠᠭᠰᠠᠨ ᠭᠠᠶᠢᠯᠢ ᠶᠢᠨ ᠮᠥᠩᠭᠦ᠂ ᠡᠯ᠎ᠡ ᠵᠦᠢᠯ ᠤᠨ | ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ᠂ ᠠᠰᠠᠷᠠᠨ ᠲᠡᠵᠢᠭᠡᠬᠦ ᠵᠠᠷᠤᠯᠭ᠎ᠠ ᠵᠢᠴᠢ ᠪᠤᠰᠤᠳ ᠪᠠᠶᠢᠩᠭᠤ ᠶᠢᠨ ᠴᠢᠨᠠᠷᠲᠠᠶ | ᠰᠢᠯᠵᠢᠭᠦᠯᠦᠨ ᠥᠭᠬᠦ ᠵᠠᠷᠤᠯᠭ᠎ᠠ ᠵᠡᠷᠭᠡ ᠶᠢ ᠪᠠᠭᠲᠠᠭᠠᠨ᠎ᠠ᠃ | ᠨᠠᠰᠤᠵᠢᠯ ᠤᠨ ᠳᠠᠭᠠᠳᠬᠠᠯ᠂ ᠠᠵᠢᠯ ᠠᠴᠠ ᠪᠠᠨ ᠠᠮᠠᠷᠠᠭᠰᠠᠨ ᠮᠥᠩᠭᠦ᠂ ᠨᠦᠭᠴᠢᠭᠰᠡᠳ ᠤᠨ ᠭᠡᠷ ᠪᠦᠯᠢ ᠶᠢᠨ | ᠨᠥᠬᠦᠪᠥᠷᠢ ᠮᠥᠩᠭᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ᠂ ᠤᠯᠤᠰ ᠤᠨ ᠮᠠᠯᠴᠢᠨ ᠲᠠᠷᠢᠶᠠᠴᠢᠨ ᠳᠤ | ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠵᠡᠷᠭᠡ ᠶᠢ ᠪᠣᠳᠠᠲᠠᠶ ᠠᠪᠤᠭᠰᠠᠨ ᠲᠤᠭ᠎ᠠ ᠪᠠᠷ ᠪᠣᠳᠣᠨ᠎ᠠ᠃ | ᠠᠰᠠᠷᠠᠨ ᠲᠡᠵᠢᠭᠡᠬᠦ ᠵᠠᠷᠤᠳᠠᠯ᠂ ᠳᠡᠳᠬᠦᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ ᠤᠨ ᠲᠣᠭᠠᠴᠠᠭ᠎ᠠ | A ᠦᠷ᠎ᠡ ᠬᠡᠦᠬᠡᠳ ᠨᠢ ᠲᠠᠷᠢᠶᠠᠯᠠᠬᠤ ᠮᠠᠯᠵᠢᠬᠤ ᠣᠷᠣᠨ ᠳᠤ ᠰᠠᠭᠤᠵᠤ᠂ ᠲᠠᠷᠢᠶᠠᠯᠠᠩ ᠤᠨ ᠦᠢᠯᠡᠳᠪᠦᠷᠢᠯᠡᠯ | ᠡᠵᠡᠩᠨᠡᠯᠲᠡ ᠬᠢᠵᠦ᠂ ᠮᠠᠯ ᠠᠵᠤ ᠠᠬᠤᠶ ᠲᠡᠵᠢᠭᠡᠨ ᠦᠷᠡᠵᠢᠭᠦᠯᠦᠭᠰᠡᠨ ᠦᠭᠡᠶ ᠪᠣᠯ᠂ ᠡᠴᠢᠭᠡ ᠡᠬᠡ ᠶᠢᠨ ᠢᠶᠠᠨ ᠨᠢᠭᠡ | ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ | ᠢᠯᠡᠳᠬᠡᠮᠵᠢ × ᠳᠡᠭᠡᠷ᠎ᠡ ᠨᠢᠭᠡ ᠣᠨ ᠤ ᠲᠤᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ | ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶ᠎ᠠ ᠲᠤᠭ᠎ᠠ × 5%︔ | B ᠦᠷ᠎ᠡ ᠬᠡᠤᠬᠡᠳ ᠨᠢ ᠲᠤᠨᠨᠳᠠᠪᠤᠷᠢᠳᠠᠢ ᠤᠷᠤᠯᠭ᠎ᠠ ᠦᠬᠡᠢ ᠪᠠᠷ ᠬᠤᠳᠠ ᠪᠠᠯᠭᠠᠰᠤᠨ ᠳᠤ ᠬᠦᠴᠦ ᠶᠠᠪᠤᠪᠠᠯ᠂ | ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠦᠮᠦᠨ ᠤ | ᠬᠦᠳᠡᠯᠮᠤᠷᠢ ᠬᠦᠴᠦᠨ ᠤ ᠢᠯᠡᠳᠬᠡᠮᠵᠢ × 7 ᠰᠠᠷ᠎ᠠ ᠶᠢᠨ ᠲᠤᠰ ᠭᠠᠵᠠᠷ ᠤᠷᠤᠨ ᠤ ᠰᠠᠷ᠎ᠠ ᠶᠢᠨ ᠬᠠᠮᠤᠭ ᠲᠤᠤᠷ᠎ᠠ | ᠴᠠᠯᠢᠩ ᠤᠨ ᠪᠠᠷᠢᠮᠵᠢᠶ᠎ᠠ × 7 ᠰᠠᠷ᠎ᠠ ᠬᠡᠳᠡᠭ ᠨᠢ 5%︔ | C ᠦᠷ᠎ᠡ ᠬᠡᠤᠬᠡᠳ ᠨᠢ ᠲᠡᠵᠢᠬᠡᠨ ᠦᠷᠡᠵᠢᠭᠦᠯᠬᠦ ᠦᠢᠯᠡᠰ ᠤᠨ ᠡᠵᠡᠩᠨᠡᠯᠳᠡ ᠬᠢᠭᠰᠡᠨ ᠪᠠᠶᠢᠪᠠᠯ᠂ ᠬᠡᠷ ᠪᠦᠯᠢ ᠶᠢᠨ | ᠲᠡᠵᠢᠬᠡᠬᠦ ᠦᠢᠯᠡᠰ ᠤᠨ ᠵᠢᠯ ᠤᠨ ᠴᠡᠪᠡᠷ ᠤᠷᠤᠯᠭ᠎ᠠ ᠶᠢᠨ 5% ᠪᠠᠷ ᠡᠴᠢᠭᠡ ᠡᠬᠡ ᠳᠤ ᠪᠠᠨ ᠵᠢᠯ ᠤᠨ ᠠᠰᠠᠷᠠᠨ | ᠲᠡᠵᠢᠬᠡᠬᠦ ᠰᠦᠢᠳᠬᠡᠯ ᠦᠭᠭᠦᠨ᠎ᠡ︔ | D ᠦᠷ᠎ᠡ ᠬᠡᠦᠬᠡᠳ ᠨᠢ ᠲᠠᠷᠢᠶᠠᠯᠠᠬᠤ ᠮᠠᠯᠵᠢᠬᠤ ᠣᠷᠣᠨ ᠳᠤ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠵᠡᠩᠨᠡᠯᠲᠡ ᠪᠤᠶᠤ ᠬᠤᠷᠰᠢᠶ᠎ᠠ ᠡᠵᠡᠩᠨᠡᠬᠦ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠠᠵᠢᠯᠯᠠᠭ᠎ᠠ ᠬᠢᠭᠰᠡᠨ ᠪᠣᠯ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = | ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ ᠣᠨ ᠤ ᠲᠤᠰ ᠭᠠᠵᠠᠷ ᠣᠷᠣᠨ ᠤ | ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶᠠᠲᠤ ᠲᠤᠭ᠎ᠠ | × 10%᠃ ᠦᠷ᠎ᠡ ᠬᠡᠦᠬᠡᠳ ᠨᠢ ᠬᠤᠲᠠ ᠪᠠᠯᠭᠠᠰᠤᠨ ᠳᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠡᠵᠡᠩᠨᠡᠯᠲᠡ ᠪᠤᠶᠤ ᠬᠤᠷᠰᠢᠶ᠎ᠠ ᠠᠴᠠ ᠡᠵᠡᠩᠨᠡᠭᠰᠡᠨ ᠪᠣᠯ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ | ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ | ᠣᠨ ᠤ ᠲᠤᠰ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ × 12 ᠰᠠᠷ᠎ᠠ ᠪᠣᠯᠤᠨ᠎ᠠ︔ | E ᠦᠷ᠎ᠡ ᠬᠡᠦᠬᠡᠳ ᠨᠢ ᠭᠡᠷ ᠪᠦᠯᠢ ᠶᠢᠨ ᠵᠢᠵᠢᠭ ᠮᠠᠰᠢᠨ ᠲᠡᠷᠭᠡ ︵ᠵᠡᠮᠳᠡᠭᠴᠦᠳ ᠢ ᠣᠷᠣᠯᠠᠨ ᠠᠯᠬᠤᠬᠤ | ᠲᠡᠷᠭᠡ ᠠᠴᠠ ᠭᠠᠳᠠᠨ᠎ᠠ︶ ᠪᠤᠶᠤ ᠮᠠᠰᠢᠨ ᠲᠡᠷᠭᠡᠨ ᠤ ᠵᠥᠭᠡᠭᠡᠪᠦᠷᠢ ᠶᠢᠨ ᠲᠡᠷᠭᠡ ᠬᠥᠰᠬᠡ ᠶᠢ ᠪᠣᠯ 1000-2000 | ᠲᠥᠭᠦᠷᠢᠭ ᠤᠨ ᠪᠠᠷᠢᠮᠵᠢᠶ᠎ᠠ ᠪᠠᠷ ᠡᠴᠢᠭᠡ ᠡᠬᠡ ᠳᠤ ᠪᠠᠨ ᠥᠭᠬᠦ ᠣᠨ ᠤ ᠠᠰᠠᠷᠠᠨ ᠲᠡᠵᠢᠭᠡᠬᠦ ᠵᠠᠷᠤᠳᠠᠯ ᠢ ᠨᠢ ᠪᠣᠳᠤᠨ᠎ᠠ︔ | | F ᠥᠷ᠎ᠡ ᠬᠡᠥᠬᠡᠳ ᠨᠢ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠪᠤᠶᠤ ᠠᠵᠦ ᠠᠬᠤᠶᠢᠯᠠᠯ ᠤᠨ ᠵᠢᠩᠬᠢᠨᠢ | ᠠᠵᠢᠯᠳᠠᠨ ᠠᠵᠢᠯᠴᠢᠨ ᠪᠣᠯ᠂ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ | ᠵᠠᠷᠤᠳᠠᠯ = ᠵᠢᠯ ᠤᠨ ᠴᠠᠯᠢᠩ ᠤᠨ ᠶᠠᠷᠤᠩᠬᠡᠢ ᠳᠤᠭ᠎ᠠ 10%᠃ ᠵᠢᠯ ᠤᠨ ᠴᠠᠯᠢᠩ ᠤᠨ ᠶᠡᠷᠦᠩᠬᠡᠢ ᠲᠤᠭ᠎ᠠ ᠶᠢ | ᠪᠤᠳᠠᠳᠠᠢ ᠠᠪᠤᠭᠰᠠᠨ ᠲᠤᠭ᠎ᠠ ᠪᠠᠷ ᠬᠢᠨᠠᠨ ᠲᠤᠭᠳᠠᠭᠠᠨ᠎ᠠ︔ | G ᠳᠤᠰᠬᠤᠨ ᠤ ᠬᠤᠶᠠᠷ ᠵᠦᠪᠯᠡᠯ ᠤᠨ ᠴᠠᠯᠢᠩ ᠬᠦᠯᠦᠰᠦ ᠲᠠᠢ ᠬᠦᠮᠦᠰ᠂ ᠳᠤᠰᠬᠤᠨ ᠤ ᠴᠠᠬᠢᠯᠭᠠᠨ ᠤ | ᠠᠵᠢᠯᠴᠢᠨ᠂ ᠨᠡᠶᠢᠬᠡᠮ ᠳᠤᠭᠤᠷᠢᠭ ᠤᠨ ᠠᠵᠢᠯᠳᠠᠨ ᠪᠠ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠷᠳᠤ | ᠬᠤᠭᠤᠴᠠᠭ᠎ᠠ ᠪᠠᠷ ᠤᠷᠢᠨ ᠬᠡᠷᠡᠭᠯᠡᠵᠦ ᠪᠠᠶᠢᠭ᠎ᠠ ᠬᠦᠮᠦᠰ ᠤᠨ ᠵᠢᠯ ᠤᠨ ᠠᠴᠢᠯᠠᠨ ᠲᠡᠵᠢᠭᠡᠬᠦ ᠵᠠᠷᠤᠳᠠᠯ ᠵᠠᠷᠤᠳᠠᠯ = | ᠵᠢᠯ ᠤᠨ ᠴᠠᠯᠢᠩ ᠤᠨ ᠪᠦᠬᠦ ᠲᠣᠭᠠᠨ ᠤ 5% ᠪᠠᠶᠢᠵᠤ᠂ ᠵᠢᠯ ᠤᠨ ᠴᠠᠯᠢᠩ ᠤᠨ ᠶᠡᠷᠦᠩᠬᠡᠢ ᠬᠡᠮᠵᠢᠶ᠎ᠡ ᠶᠢ ᠪᠤᠳᠠᠳᠠᠢ | ᠠᠪᠤᠭᠰᠠᠨ ᠲᠤᠭ᠎ᠠ ᠪᠠᠷ ᠪᠤᠳᠤᠳᠠᠭ︔ | H ᠠᠳᠠᠯᠢ ᠨᠢᠭᠡᠨ ᠦᠷ᠎ᠡ ᠬᠡᠦᠬᠡᠳ ᠨᠢ ᠳᠡᠭᠡᠷ᠎ᠡ ᠳᠤᠷᠠᠳᠤᠭᠰᠠᠨ ᠣᠷᠣᠯᠭ᠎ᠠ ᠶᠢᠨ ᠲᠥᠷᠥᠯ ᠵᠦᠢᠯ ᠳᠠᠪᠬᠤᠷᠳᠠᠬᠤ | ᠦᠶ᠎ᠡ ᠳᠤ ᠣᠷᠣᠯᠭ᠎ᠠ ᠪᠣᠯᠣᠨ ᠠᠰᠠᠷᠠᠨ ᠲᠡᠵᠢᠭᠡᠬᠦ ᠵᠠᠷᠤᠳᠠᠯ ᠢ ᠨᠡᠶᠢᠯᠡᠭᠦᠯᠥᠨ ᠪᠣᠳᠣᠬᠤ ᠬᠡᠷᠡᠭᠲᠡᠢ᠂ ᠦᠷ᠎ᠡ | ᠬᠡᠦᠬᠡᠳ ᠤᠨ ᠬᠢᠨᠢ ᠪᠤᠰᠤᠳ ᠣᠷᠣᠯᠭ᠎ᠠ ᠶᠢ 2% ᠢᠶᠠᠷ ᠲᠣᠭᠠᠴᠠᠨ ᠪᠣᠳᠣᠵᠤ ᠠᠰᠠᠷᠠᠨ ᠲᠡᠵᠢᠭᠡᠬᠦ ᠵᠠᠷᠤᠳᠠᠯ ᠳᠤ | ᠪᠣᠳᠣᠵᠤ ᠣᠷᠣᠭᠤᠯᠵᠤ ᠪᠣᠯᠣᠨ᠎ᠠ︔ | I ᠲᠡᠳᠬᠦᠨ ᠲᠡᠵᠢᠭᠡᠬᠦ ᠵᠠᠷᠤᠳᠠᠯ ᠢ ᠪᠣᠳᠠᠲᠠᠶ ᠥᠭᠭᠦᠭᠰᠡᠨ ᠪᠠᠶᠢᠳᠠᠯ ᠢᠶᠠᠷ ᠲᠣᠭᠠᠴᠠᠭ᠎ᠠ ᠬᠢᠨ᠎ᠡ︔ | J ᠤᠷᠤᠭ ᠰᠠᠯᠤᠭᠰᠠᠨ ᠭᠡᠷ ᠪᠦᠯᠢ ᠶᠢᠨ ᠦᠷ᠎ᠡ ᠬᠡᠦᠬᠡᠳ ᠤᠨ ᠠᠰᠠᠷᠠᠨ ᠲᠡᠵᠢᠭᠡᠬᠦ ᠰᠦᠢᠳᠬᠡᠯ ᠤᠨ | ᠲᠣᠭᠠᠴᠠᠭ᠎ᠠ ᠶᠢ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠳᠣᠷᠬᠠᠢ ᠲᠣᠭᠲᠠᠭᠠᠭᠰᠠᠨ ᠪᠠᠶᠢᠪᠠᠯ᠂ ᠬᠠᠤᠯᠢ | ᠴᠠᠭᠠᠵᠠ ᠶᠢᠨ ᠪᠢᠴᠢᠭ ᠬᠠᠷ᠎ᠠ ᠶᠢᠨ ᠶᠣᠰᠣᠭᠠᠷ ᠭᠦᠢᠴᠡᠳᠬᠡᠵᠦ᠂ ᠬᠠᠤᠯᠢ ᠴᠠᠭᠠᠵᠠ ᠶᠢᠨ ᠪᠢᠴᠢᠭ ᠬᠠᠷ᠎ᠠ ᠦᠭᠡᠢ ᠪᠣᠯ | ᠠᠰᠠᠷᠠᠨ ᠲᠡᠵᠢᠭᠡᠬᠦ ᠵᠠᠷᠤᠳᠠᠯ ᠢ ᠪᠣᠳᠠᠲᠤ ᠪᠠᠶᠢᠳᠠᠯ ᠢᠶᠠᠷ ᠥᠭᠭᠦᠨ᠎ᠡ︔ | K ᠦᠷ᠎ᠡ ᠬᠡᠦᠬᠡᠳ ︵ᠡᠴᠢᠭᠡ ᠡᠬᠡ︶ ᠲᠤ ᠳᠣᠣᠷᠠᠬᠢ ᠪᠠᠶᠢᠳᠠᠯ ᠲᠠᠢ ᠪᠣᠯ ᠠᠰᠠᠷᠠᠨ ᠲᠡᠵᠢᠭᠡᠬᠦ ᠵᠠᠷᠤᠳᠠᠯ ᠢ | ᠪᠣᠳᠣᠬᠤ ᠦᠭᠡᠢ᠄ | ᠦᠷ᠎ᠡ ᠬᠡᠤᠬᠡᠳ ︵ᠡᠴᠢᠬᠡ᠂ ᠡᠬᠡ︶ ᠣᠷᠳᠣ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ | ᠪᠦᠷᠢᠯᠳᠦᠬᠦᠨ ᠤ ᠳᠣᠲᠣᠷ᠎ᠠ ᠣᠳᠣᠬᠠᠨ ᠳᠤ ᠣᠨᠴᠠ ᠬᠦᠨᠳᠦ ᠡᠪᠡᠳᠴᠢᠨ ᠳᠤ ᠨᠡᠷᠪᠡᠭᠳᠡᠭᠰᠡᠨ᠂ ᠬᠦᠨᠳᠦ ᠵᠡᠮᠳᠡᠭ | ᠬᠥᠮᠦᠨ︔ ᠣᠳᠣᠬᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ | ᠠᠪᠤᠷᠠᠨ ᠲᠤᠰᠠᠯᠠᠵᠤ ᠠᠰᠠᠷᠠᠨ ᠲᠡᠵᠢᠭᠡᠬᠦ ᠣᠯᠭᠤᠮᠵᠢ ᠬᠦᠷᠲᠡᠵᠦ ᠪᠠᠶᠢᠭ᠎ᠠ︔ ᠴᠡᠷᠢᠭ ᠤᠨ ᠠᠯᠪᠠ ᠬᠠᠭᠠᠵᠤ ᠪᠠᠶᠢᠭ᠎ᠠ | ᠠᠯᠪᠠᠨ ᠴᠡᠷᠢᠭ ︵ᠣᠹᠢᠼᠧᠷ᠂ ᠪᠠᠭ᠎ᠠ ᠣᠹᠢᠼᠧᠷ ᠪᠠᠭᠲᠠᠬᠤ ᠥᠬᠡᠶ︶︔ ᠵᠠᠯᠭᠠᠭ᠎ᠠ ᠪᠠᠷ 3 ᠵᠢᠯ ᠠᠴᠠ ᠳᠡᠭᠡᠭᠰᠢ ︵ | 3 ᠵᠢᠯ ᠢ ᠪᠠᠭᠲᠠᠭᠠᠨ᠎ᠠ︶ ᠭᠡᠷ ᠪᠦᠯᠢ ᠠᠴᠠ ᠪᠠᠨ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ | ᠰᠤᠷᠲᠠᠬᠤᠨ ᠤ ᠪᠠᠭᠰᠢ ᠠᠵᠢᠯᠲᠠᠨ︔ ᠭᠢᠨᠳᠠᠨ ᠳᠤ ᠡᠷᠡᠭᠦᠦ ᠶᠢᠨ ᠰᠢᠢᠳᠬᠡᠯ ᠭᠦᠢᠴᠡᠳᠭᠡᠵᠦ ᠪᠠᠶᠢᠭ᠎ᠠ ᠵᠡᠷᠭᠡ ᠬᠥᠮᠥᠰ | ᠪᠠᠶᠢᠭ᠎ᠠ ᠪᠠᠶᠢᠳᠠᠯ︔ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ | ᠪᠤᠰᠤᠳ ᠪᠠᠶᠢᠳᠠᠯ︔ | ᠠᠬ᠎ᠠ ᠳᠡᠭᠦᠦ ᠡᠭᠡᠴᠢ ᠥᠬᠢᠨ ᠳᠡᠭᠦᠦ ᠪᠤᠶᠤ 60 ᠪᠦᠬᠦᠯᠢ ᠨᠠᠰᠤ ︵ᠪᠠᠭᠲᠠᠨ᠎ᠠ︶ ᠵᠢᠴᠢ ᠲᠡᠭᠦᠨ ᠠᠴᠠ | ᠳᠡᠭᠡᠭᠰᠢᠬᠢ ᠨᠠᠰᠤᠲᠠᠶᠢᠴᠤᠳ ᠤᠨ ᠠᠰᠠᠷᠠᠨ ᠲᠡᠵᠢᠭᠡᠬᠦ ᠳᠤ ᠲᠥᠰᠢᠭᠯᠡᠵᠦ ᠪᠠᠶᠢᠭ᠎ᠠ ᠠᠵᠢᠯ ᠦᠭᠡᠶ ᠬᠦᠨᠳᠦ | ᠵᠡᠮᠳᠡᠭᠴᠦᠳ ᠤᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠦᠨᠡᠯᠡᠨ ᠵᠢᠱᠢᠬᠦ ᠳᠤ ᠠᠬ᠎ᠠ ᠳᠡᠭᠦᠦ ᠡᠭᠡᠴᠢ | ᠥᠬᠢᠨ ᠳᠡᠭᠦᠦ ᠪᠤᠶᠤ 60 ᠪᠦᠬᠦᠯᠢ ᠨᠠᠰᠤ ︵ᠪᠠᠭᠲᠠᠨ᠎ᠠ︶ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ | ᠥᠭᠬᠦ ᠠᠰᠠᠷᠠᠨ ᠲᠡᠵᠢᠭᠡᠬᠦ ᠵᠠᠷᠤᠳᠠᠯ ᠢ ᠪᠠᠶᠢᠳᠠᠯ ᠢ ᠨᠢ ᠦᠵᠡᠵᠦ ᠪᠠᠶᠢᠭᠠᠳ ᠵᠣᠬᠢᠬᠤ ᠬᠡᠮᠵᠢᠶ᠎ᠡ ᠪᠠᠷ ᠬᠡᠯᠲᠦᠷᠢᠭᠦᠯᠵᠦ | ᠪᠣᠯᠤᠨ᠎ᠠ᠃ | 2 ᠣᠨᠴᠠ ᠬᠦᠴᠢᠷᠳᠡᠯᠲᠡᠢ ᠭᠡᠷ ᠪᠦᠯᠢ ᠶᠢᠨ ᠣᠷᠣᠯᠭ᠎ᠠ ᠶᠢ ᠰᠠᠭᠤᠯᠭᠠᠨ ᠲᠣᠭᠠᠴᠠᠭ᠎ᠠ ᠬᠢᠬᠦ | ᠬᠦᠨᠳᠦ ᠵᠡᠮᠳᠡᠭ᠂ ᠬᠦᠨᠳᠦ ᠡᠪᠡᠳᠴᠢᠨ ᠠᠴᠠ ᠪᠣᠯᠵᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ | ᠠᠯᠳᠠᠭᠰᠠᠨ ᠭᠡᠷ ᠪᠦᠯᠢ᠂ ᠭᠡᠷ ᠪᠥᠯᠢ ᠳᠤᠨᠢ ᠨᠠᠰᠤᠨ ᠳᠤ ᠦᠯᠦ ᠬᠦᠷᠦᠭᠰᠡᠳ ᠪᠠᠶᠢᠬᠤ ᠬᠠᠨᠢ ᠨᠥᠬᠦᠷ ᠢᠶᠠᠨ | ᠠᠯᠳᠠᠭᠰᠠᠨ ᠥᠨᠥᠴᠢᠨ ᠭᠡᠷ ᠪᠦᠯᠢ᠂ ᠨᠢᠭᠡ ᠡᠷᠦᠬᠡ ᠳᠤ ᠣᠯᠠᠨ ᠵᠡᠮᠳᠡᠭ᠂ ᠳᠠᠪᠬᠤᠴᠠᠮᠠᠯ ᠵᠡᠮᠳᠡᠭ ᠭᠡᠷ ᠪᠦᠯᠢ᠂ 65 | ᠪᠦᠬᠦᠯᠢ ᠨᠠᠰᠤ ︵ᠪᠠᠭᠲᠠᠨ᠎ᠠ︶ ᠠᠴᠠ ᠳᠡᠭᠡᠭᠰᠢᠬᠢ ᠬᠠᠨᠢ ᠨᠥᠬᠦᠷ ᠢᠶᠠᠨ ᠠᠯᠳᠠᠭᠰᠠᠨ ᠭᠡᠷ ᠪᠦᠯᠢ᠂ 70 ᠪᠦᠬᠦᠯᠢ | ᠨᠠᠰᠤ ︵ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠤᠨ ᠭᠡᠷ ᠪᠦᠯᠢ ᠵᠡᠷᠭᠡ ᠣᠨᠴᠠᠭᠠᠢ ᠬᠦᠴᠢᠷᠳᠡᠯᠲᠡᠶ ᠭᠡᠷ | ᠪᠦᠯᠢ ᠳᠤ ᠣᠷᠣᠯᠭ᠎ᠠ ᠶᠢ ᠨᠢ ᠰᠠᠭᠤᠯᠭᠠᠨ ᠲᠣᠭᠠᠴᠠᠭ᠎ᠠ ᠬᠢᠵᠦ᠂ ᠠᠪᠤᠷᠠᠨ ᠲᠤᠰᠠᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ︵1︶ ᠤᠷᠲᠤ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠬᠦᠨᠳᠦ | ᠡᠪᠡᠳᠴᠢᠨ ᠲᠠᠢ ᠪᠤᠶᠤ ᠬᠦᠨᠳᠦ ᠵᠡᠮᠳᠡᠭ ᠠᠴᠠ ᠪᠣᠯᠵᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠵᠤ᠂ | ᠭᠡᠷ ᠪᠦᠯᠢ ᠶᠢᠨ ᠬᠢᠨ ᠤ ᠬᠠᠷᠠᠭᠠᠯᠵᠠᠬᠤ ᠴᠢᠬᠤᠯᠠᠲᠠᠢ ᠣᠨᠴᠠ ᠬᠦᠴᠢᠷᠳᠡᠯᠲᠡᠢ ᠭᠡᠷ ᠪᠦᠯᠢ ︵ᠭᠡᠷ ᠪᠦᠯᠢ ᠶᠢᠨ | ᠪᠦᠷᠢᠯᠳᠦᠬᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢᠨ ᠨᠣᠮᠧᠷ ᠨᠢ E1᠂ E2᠂ E3᠂ E4᠂ E5 ᠶᠢᠨ | ᠬᠦᠨᠳᠦ ᠵᠡᠮᠳᠡᠭ ᠬᠥᠮᠥᠨ ᠪᠤᠶᠤ ᠢᠯᠡᠳᠬᠡᠮᠵᠢ ᠶᠢᠨ ᠨᠣᠮᠧᠷ ᠨᠢ F1᠂ F2᠂ F3᠂ F4᠂ F5᠂ F5 ᠤᠨ | ᠬᠦᠨᠳᠦ ᠡᠪᠡᠳᠴᠢᠨ ᠲᠠᠢ ᠬᠥᠮᠥᠰ ᠪᠣᠯᠣᠨ᠎ᠠ᠃︶᠄ | ᠲᠠᠷᠢᠶᠠᠯᠠᠬᠤ ᠮᠠᠯᠵᠢᠬᠤ ᠣᠷᠣᠨ ᠤ ᠭᠡᠷ ᠪᠦᠯᠢ ᠶᠢᠨ ᠵᠢᠯ ᠤᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ | ᠮᠥᠩᠭᠦ ᠶᠢᠨ ᠲᠤᠭ᠎ᠠ = ᠡᠮᠦᠨ᠎ᠡ ᠨᠢᠭᠡ ᠵᠢᠯ ᠤᠨ ᠲᠣᠰ ᠭᠠᠵᠠᠷ ᠣᠷᠣᠨ ᠤ ᠲᠠᠷᠢᠶᠠᠴᠢᠨ ᠮᠠᠯᠴᠢᠨ ᠤ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶ᠎ᠠ ᠲᠤᠭ᠎ᠠ × 0.4 ︵ᠭᠡᠷ ᠪᠦᠯᠢ ᠶᠢᠨ ᠰᠠᠭᠤᠯᠭᠠᠨ | ᠬᠠᠰᠤᠬᠤ ᠢᠯᠡᠳᠬᠡᠮᠵᠢ᠂ ᠳᠣᠷᠣᠭᠰᠢ ᠠᠳᠠᠯᠢ︶ × ᠭᠡᠷ ᠪᠦᠯᠢ ᠶᠢᠨ ᠬᠦᠨᠳᠦ ᠡᠪᠡᠳᠴᠢᠨ ᠪᠤᠶᠤ ᠬᠦᠨᠳᠦ ᠵᠡᠮᠳᠡᠭ | ᠬᠥᠮᠥᠨ ᠤ ᠲᠤᠭ᠎ᠠ︔ | ᠬᠤᠲᠠ ᠪᠠᠯᠭᠠᠰᠤᠨ ᠤ ᠭᠡᠷ ᠪᠦᠯᠢ ︵ᠬᠤᠲᠠ ᠪᠠᠯᠭᠠᠰᠤᠨ ᠳᠤ ᠨᠡᠭᠦᠨ ᠰᠠᠭᠤᠷᠢᠰᠢᠭᠰᠠᠨ ᠬᠥᠳᠡᠭᠡ ᠲᠣᠰᠬᠤᠨ ᠤ | ᠰᠠᠭᠤᠭᠠᠯᠢ ᠠᠷᠠᠳ ᠢ ᠪᠠᠭᠲᠠᠭᠠᠨ᠎ᠠ︶ ᠶᠢᠨ ᠰᠠᠷ᠎ᠠ ᠶᠢᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ ᠮᠥᠩᠭᠦ ᠶᠢᠨ | ᠲᠤᠭ᠎ᠠ = ᠡᠮᠦᠨ᠎ᠡ ᠵᠢᠯ ᠤᠨ ᠲᠣᠰ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 0.4 × | ᠭᠡᠷ ᠪᠦᠯᠢ ᠶᠢᠨ ᠪᠦᠷᠢᠯᠳᠦᠬᠦᠨ ᠤ ᠬᠦᠨᠳᠦ ᠡᠪᠡᠳᠴᠢᠨ ᠪᠤᠶᠤ ᠬᠦᠨᠳᠦ ᠵᠡᠮᠳᠡᠭ ᠬᠦᠮᠦᠨ ᠤ ᠲᠤᠭ᠎ᠠ᠃ | ︵2︶ ᠭᠡᠷ ᠪᠦᠯᠢ ᠶᠢᠨ ᠭᠡᠰᠢᠭᠦᠨ ᠳᠤᠨᠢ ᠨᠠᠰᠤᠨ ᠳᠤ ᠥᠯᠥ ᠬᠦᠷᠦᠭᠰᠡᠳ ᠪᠠᠶᠢᠬᠤ ᠬᠠᠨᠢ ᠨᠥᠬᠦᠷ ᠢᠶᠠᠨ | ᠠᠯᠳᠠᠭᠰᠠᠨ ᠥᠨᠥᠴᠢᠨ ᠥᠷᠥᠭᠡᠰᠦᠨ ᠭᠡᠷ ᠪᠦᠯᠢ᠂ ᠨᠢᠭᠡ ᠡᠷᠦᠬᠡ ᠳᠤ ᠤᠯᠠᠨ ᠵᠡᠮᠳᠡᠭ ᠬᠦᠮᠥᠨ ᠲᠠᠢ ᠭᠡᠷ ᠪᠥᠯᠢ ᠪᠠ | 65 ᠪᠦᠬᠦᠯᠢ ᠨᠠᠰᠤ ︵ᠪᠠᠭᠲᠠᠨ᠎ᠠ︶ ᠠᠴᠠ ᠳᠡᠭᠡᠭᠰᠢᠬᠢ ᠬᠠᠨᠢ ᠨᠥᠬᠦᠷ ᠢᠶᠠᠨ ᠠᠯᠳᠠᠭᠰᠠᠨ ᠭᠡᠷ ᠪᠦᠯᠢ᠂ 70 ᠪᠦᠬᠦᠯᠢ | ᠨᠠᠰᠤ ︵ᠪᠠᠭᠲᠠᠨ᠎ᠠ︶︶ ᠳᠡᠭᠡᠷᠡᠬᠢ ᠨᠠᠰᠤᠲᠠᠶᠢᠴᠤᠳ ᠤᠨ ᠭᠡᠷ ᠪᠦᠯᠢ᠄ | ᠲᠠᠷᠢᠶᠠᠯᠠᠬᠤ ᠮᠠᠯᠵᠢᠬᠤ ᠣᠷᠣᠨ ᠤ ᠭᠡᠷ ᠪᠦᠯᠢ ᠶᠢᠨ ᠵᠢᠯ ᠤᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ | ᠮᠥᠩᠭᠦ ᠶᠢᠨ ᠲᠤᠭ᠎ᠠ = ᠡᠮᠦᠨ᠎ᠡ ᠨᠢᠭᠡ ᠵᠢᠯ ᠤᠨ ᠲᠣᠰ ᠭᠠᠵᠠᠷ ᠣᠷᠣᠨ ᠤ ᠲᠠᠷᠢᠶᠠᠴᠢᠨ ᠮᠠᠯᠴᠢᠨ ᠤ ᠬᠦᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶ᠎ᠠ ᠲᠤᠭ᠎ᠠ × 0.2︔ | ᠬᠤᠲᠠ ᠪᠠᠯᠭᠠᠰᠤᠨ ᠤ ᠭᠡᠷ ᠪᠦᠯᠢ ︵ᠬᠤᠲᠠ ᠪᠠᠯᠭᠠᠰᠤᠨ ᠳᠤ ᠨᠡᠭᠦᠨ ᠰᠠᠭᠤᠷᠢᠰᠢᠭᠰᠠᠨ ᠬᠥᠳᠡᠭᠡ ᠲᠣᠰᠬᠤᠨ ᠤ | ᠰᠠᠭᠤᠭᠠᠯᠢ ᠠᠷᠠᠳ ᠢ ᠪᠠᠭᠲᠠᠭᠠᠨ᠎ᠠ︶ ᠶᠢᠨ ᠰᠠᠷ᠎ᠠ ᠶᠢᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ ᠮᠥᠩᠭᠦ ᠶᠢᠨ | ᠲᠤᠭ᠎ᠠ = ᠡᠮᠦᠨ᠎ᠡ ᠨᠢᠭᠡ ᠵᠢᠯ ᠤᠨ ᠲᠣᠰ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 0. | 2᠃ | ᠳᠡᠭᠡᠷ᠎ᠡ ᠳᠤᠷᠠᠳᠤᠭᠰᠠᠨ ︵1︶ ᠬᠢᠭᠡᠳ ︵2︶ ᠳᠤ ᠳᠠᠪᠬᠤᠴᠠᠭᠰᠠᠨ ᠪᠠᠶᠢᠪᠠᠯ᠂ ᠭᠡᠷ ᠪᠦᠯᠢ ᠶᠢᠨ ᠲᠣᠭᠠᠴᠠᠭ᠎ᠠ | ᠬᠢᠭᠰᠡᠨ ᠣᠷᠣᠯᠭ᠎ᠠ ᠶᠢ ᠳᠠᠪᠲᠠᠵᠤ ᠬᠠᠰᠤᠨ᠎ᠠ︔ ︵2︶ ᠳᠠᠬᠢ ᠬᠡᠳᠦᠨ ᠵᠦᠢᠯ ᠤᠨ ᠪᠠᠶᠢᠳᠠᠯ ᠳᠠᠪᠬᠤᠴᠠᠵᠤ ᠪᠠᠶᠢᠭ᠎ᠠ | ᠭᠡᠷ ᠪᠦᠯᠢ ᠪᠣᠯ ᠵᠥᠪᠬᠡᠨ 1 ᠤᠳᠠᠭ᠎ᠠ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠤᠨ᠎ᠠ᠃ | ᠣᠯᠠᠨ ᠳᠠᠪᠬᠤᠷ ᠵᠡᠮᠳᠡᠭ ᠬᠥᠮᠦᠰ ᠢ ᠤᠷᠢᠳᠠᠪᠠᠷ ᠣᠯᠠᠨ ᠳᠠᠪᠬᠤᠷ ᠵᠡᠮᠳᠡᠭ ᠤᠨ ᠳᠤᠮᠳᠠᠬᠢ ᠵᠡᠮᠳᠡᠭ ᠤᠨ | ᠬᠡᠮᠵᠢᠶ᠎ᠡ ᠪᠠᠷ ᠨᠡᠯᠢᠶᠡᠳ ᠬᠦᠨᠳᠦ ᠬᠢᠨᠠᠨ ᠲᠣᠭᠲᠠᠭᠠᠭᠰᠠᠨ ᠬᠤᠪᠢ ᠬᠥᠮᠦᠨ ᠤ ᠬᠥᠳᠡᠯᠮᠦᠷᠢ ᠬᠦᠴᠦᠨ ᠤ | ᠢᠯᠡᠳᠬᠡᠮᠵᠢ ᠶᠢᠨ ᠲᠤᠭ᠎ᠠ ᠪᠠᠷ ᠲᠣᠭᠠᠴᠠᠭ᠎ᠠ ᠬᠢᠭᠰᠡᠨ ᠣᠷᠣᠯᠭ᠎ᠠ ᠶᠢ ᠬᠢᠨᠠᠨ ᠲᠣᠭᠲᠠᠭᠠᠵᠤ᠂ ᠳᠠᠬᠢᠭᠠᠳ ᠭᠡᠷ | ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠰᠠᠭᠤᠯᠭᠠᠨ ᠬᠠᠰᠤᠨ᠎ᠠ᠃ | 3 ᠭᠡᠷ ᠪᠦᠯᠢ ᠶᠢᠨ ᠬᠠᠲᠠᠭᠤ ᠵᠠᠷᠤᠯᠭ᠎ᠠ ᠶᠢ ᠬᠠᠰᠤᠨ ᠲᠣᠭᠠᠴᠠᠭ᠎ᠠ ᠬᠢᠨ᠎ᠡ | ︵1︶ ᠡᠪᠡᠳᠴᠢᠨ ᠤ ᠵᠠᠷᠤᠯᠭ᠎ᠠ ᠶᠢᠨ ᠬᠠᠰᠤᠯᠲᠠ | ᠲᠦᠷᠦᠭᠦᠤ ᠵᠢᠯ ᠠᠴᠠ ᠨᠠᠭᠠᠰᠢ᠂ ᠬᠦᠨᠳᠦ ᠶᠡᠭᠡ ᠣᠨᠴᠠ ᠶᠡᠭᠡ ᠡᠪᠡᠳᠴᠢᠨ᠂ ᠤᠳᠠᠭᠠᠨ ᠴᠢᠨᠠᠷᠲᠠᠶ | ᠡᠪᠡᠳᠴᠢᠨ ᠳᠤ ᠨᠡᠷᠪᠡᠭᠳᠡᠵᠦ ᠡᠮᠨᠡᠯᠭᠡ ᠳᠤ ᠰᠠᠭᠤᠵᠤ ᠡᠮᠨᠡᠭᠦᠯᠥᠭᠰᠡᠨ᠂ ᠡᠯ᠎ᠡ ᠵᠦᠢᠯ ᠤᠨ ᠳᠠᠩᠰᠠ ᠲᠠᠶᠢᠯᠬᠤ ᠪᠠ | ᠠᠪᠤᠷᠠᠨ ᠲᠤᠰᠠᠯᠠᠭᠰᠠᠨ ᠤ ᠳᠠᠷᠠᠭᠠᠬᠢ ᠬᠤᠪᠢ ᠬᠥᠮᠦᠨ ᠤ ᠥᠪᠡᠰᠦᠪᠡᠨ ᠭᠠᠷᠭᠠᠬᠤ ᠬᠡᠰᠡᠭ ᠤᠨ ᠡᠮ ᠡᠮᠨᠡᠯᠭᠡ ᠶᠢᠨ | ᠵᠠᠷᠤᠳᠠᠯ ᠢ ᠬᠠᠰᠤᠵᠤ᠂ ᠬᠠᠮᠤᠭ ᠤᠨ ᠳᠡᠭᠡᠳᠦ ᠬᠢᠵᠠᠭᠠᠷ ᠢ 10000 ᠲᠥᠭᠦᠷᠢᠭ ᠬᠠᠰᠤᠨ᠎ᠠ︔ | ᠳᠡᠭᠡᠷ᠎ᠡ ᠵᠢᠯ ᠠᠴᠠ ᠨᠠᠭᠠᠰᠢ ᠠᠳᠠᠯᠢ ᠨᠢᠭᠡ ᠭᠡᠷ ᠪᠦᠯᠢ ᠶᠢᠨ ᠪᠦᠷᠢᠯᠳᠦᠬᠦᠨ ᠨᠡᠷ ᠪᠤᠰᠤᠳ ᠡᠪᠡᠳᠴᠢᠨ ᠳᠤ | ᠨᠡᠷᠪᠡᠭᠳᠡᠵᠦ ᠡᠮᠨᠡᠯᠭᠡ ᠳᠤ ᠰᠠᠭᠤᠵᠤ ᠡᠮᠨᠡᠭᠦᠯᠦᠭᠰᠡᠨ᠂ ᠬᠤᠪᠢ ᠬᠥᠮᠦᠨ ᠤ ᠥᠪᠡᠷ ᠢᠶᠠᠨ ᠲᠤᠰᠢᠶᠠᠭᠰᠠᠨ ᠬᠡᠰᠡᠭ | 10000 ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠭᠡᠷ ᠪᠦᠯᠢ 10000 ᠲᠥᠭᠦᠷᠢᠭ ᠠᠴᠠ ᠳᠡᠭᠡᠭᠰᠢᠬᠢ | ᠬᠡᠰᠡᠭ ᠢ ᠬᠠᠰᠤᠵᠤ᠂ ᠬᠠᠰᠤᠬᠤ ᠳᠡᠭᠡᠷ᠎ᠡ ᠲᠠᠯ᠎ᠠ ᠶᠢᠨ ᠬᠢᠵᠠᠭᠠᠷ ᠨᠢ 10000 ᠲᠥᠭᠦᠷᠢᠭ︔ | ᠣᠨᠴᠠᠭᠠᠶ ᠰᠢᠯᠲᠠᠭᠠᠨ ᠠᠴᠠ ᠪᠣᠯᠵᠤ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠡᠮᠨᠡᠯᠭᠡ ᠶᠢᠨ | ᠬᠤᠷᠢᠶ᠎ᠠ ᠳᠤ ᠡᠮᠨᠡᠯᠭᠡ ᠳᠤ ᠰᠠᠭᠤᠭᠰᠠᠨ ᠥᠬᠡᠶ ᠡᠮᠴᠢᠯᠡᠭᠡᠨ ᠤ ᠵᠠᠷᠤᠳᠠᠯ ᠵᠢᠴᠢ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ 30% ᠪᠠᠷ ᠭᠡᠷ ᠪᠦᠯᠢ ᠶᠢᠨ | ᠵᠠᠷᠤᠯᠭ᠎ᠠ ᠪᠠᠷ ᠪᠤᠳᠤᠵᠤ ᠬᠠᠰᠤᠨ᠎ᠠ︔ | ᠲᠡᠷᠭᠡᠨ ᠤ ᠠᠳᠡᠯ ᠬᠡᠷᠡᠭ ︵ᠬᠠᠷᠢᠭᠤᠴᠠᠯᠭ᠎ᠠ ᠲᠠᠢ ᠬᠥᠮᠦᠨ ᠲᠠᠢ ᠪᠥᠭᠡᠳ ᠲᠥᠯᠥᠪᠦᠷᠢ ᠥᠭᠬᠦ︶᠂ ᠬᠤᠣᠷ | ᠲᠠᠲᠠᠬᠤ᠂ ᠦᠪᠡᠷ ᠢ ᠪᠠᠨ ᠬᠤᠬᠢᠷᠠᠭᠤᠯᠤᠭᠰᠠᠨ ᠵᠡᠷᠭᠡ ᠪᠠᠶᠢᠳᠠᠯ ᠳᠤ᠂ ᠬᠤᠲᠠ ᠬᠥᠳᠡᠭᠡ ᠶᠢᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠳᠠᠩᠰᠠ ᠲᠠᠶᠢᠯᠤᠭᠰᠠᠨ ᠦᠭᠡᠢ ᠡᠮ ᠡᠮᠨᠡᠯᠭᠡ ᠶᠢᠨ ᠵᠠᠷᠤᠳᠠᠯ ᠢ | ᠭᠡᠷ ᠪᠦᠯᠢ ᠶᠢᠨ ᠰᠠᠭᠤᠯᠭᠠᠨ ᠬᠠᠰᠤᠬᠤ ᠬᠡᠪᠴᠢᠶᠡᠨ ᠳᠤ ᠣᠷᠣᠭᠤᠯᠬᠤ ᠦᠭᠡᠢ᠃ | ︵2︶ ᠵᠡᠮᠳᠡᠭ ᠠᠴᠠ ᠪᠤᠯᠤᠭᠰᠠᠨ ᠵᠠᠷᠤᠯᠭ᠎ᠠ ᠶᠢ ᠬᠠᠰᠤᠬᠤ | ᠵᠡᠮᠳᠡᠭᠴᠦᠳ ᠢ ᠡᠷᠡᠭᠦᠯᠵᠢᠭᠦᠯᠬᠦ ᠡᠮᠴᠢᠯᠡᠭᠡ ᠵᠢᠴᠢ ᠴᠢᠬᠤᠯᠠ ᠪᠦᠬᠦᠢ ᠲᠤᠰᠠᠯᠠᠬᠤ ᠪᠠᠭᠠᠵᠢ ᠬᠡᠷᠡᠭᠰᠡᠯ ᠬᠤᠳᠠᠯᠳᠤᠨ | ᠠᠪᠬᠤ ᠳᠤ ᠲᠣᠬᠢᠷᠠᠭᠤᠯᠤᠭᠰᠠᠨ ᠵᠠᠷᠤᠳᠠᠯ ︵ᠣᠶᠤᠨ ᠮᠡᠳᠡᠷᠡᠯ᠂ ᠣᠶᠤᠨ ᠴᠢᠳᠠᠪᠤᠷᠢ ᠵᠡᠮᠳᠡᠭ ᠵᠢᠴᠢ ᠥᠶ᠎ᠡ ᠮᠥᠴᠢ | ᠬᠥᠨᠳᠥ ᠵᠡᠮᠳᠡᠭ᠂ ᠬᠠᠷᠠᠭ᠎ᠠ ᠬᠥᠨᠳᠥ ᠵᠡᠮᠳᠡᠭ ᠬᠥᠮᠦᠨ ᠤ ᠴᠢᠬᠤᠯᠠ ᠪᠦᠬᠦᠢ ᠰᠤᠪᠢᠯᠠᠯᠲᠠ ᠶᠢᠨ ᠵᠠᠷᠤᠳᠠᠯ ᠪᠠᠭᠲᠠᠨ᠎ᠠ︶ | ᠂ ᠬᠤᠪᠢ ᠬᠥᠮᠦᠨ ᠤ ᠪᠣᠳᠠᠲᠠᠶ ᠵᠠᠷᠤᠯᠭ᠎ᠠ ᠶᠢᠨ ᠶᠡᠷᠦᠩᠬᠡᠶ ᠵᠠᠷᠤᠳᠠᠯ ᠨᠢ 3000 ᠲᠥᠭᠦᠷᠢᠭ ᠠᠴᠠ ᠬᠡᠲᠦᠷᠡᠭᠰᠡᠨ | ᠪᠠᠶᠢᠪᠠᠯ 3000 ᠲᠥᠭᠦᠷᠢᠭ ᠢᠶᠠᠷ ᠪᠣᠳᠣᠨ᠎ᠠ᠃ | ︵3︶ ᠰᠤᠷᠤᠯᠭ᠎ᠠ ᠶᠢᠨ ᠵᠠᠷᠤᠳᠠᠯ ᠢ ᠬᠠᠰᠤᠬᠤ | ᠨᠢᠭᠡ ᠭᠡᠷ ᠪᠦᠯᠢ ᠳᠤ ᠬᠤᠶᠠᠷ ᠵᠢᠴᠢ ᠠᠴᠠ ᠳᠡᠭᠡᠭᠰᠢᠬᠢ ᠤᠶᠤᠲᠠᠨ ᠲᠠᠢ ᠪᠠᠶᠢᠪᠠᠯ᠂ ᠡᠷᠦᠬᠡ ᠪᠦᠷᠢ 6000 | ᠲᠥᠭᠦᠷᠢᠭ ᠬᠠᠰᠤᠨ᠎ᠠ᠃ | ᠨᠢᠭᠡ ᠭᠡᠷ ᠪᠦᠯᠢ ᠳᠤ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠰᠤᠷᠤᠯᠴᠠᠵᠤ ᠪᠠᠶᠢᠭ᠎ᠠ ᠰᠤᠷᠤᠭᠴᠢ ᠬᠤᠶᠠᠷ | ᠪᠠᠶᠢᠪᠠᠯ ᠡᠷᠦᠬᠡ ᠪᠦᠷᠢ 3 000 ᠲᠥᠭᠦᠷᠢᠭ ᠬᠠᠰᠤᠨ᠎ᠠ᠃ | ᠠᠳᠠᠯᠢ ᠨᠢᠭᠡᠨ ᠭᠡᠷ ᠪᠦᠯᠢ ᠳᠤ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠠ ᠶᠡᠭᠡ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠲᠤᠰ ᠪᠥᠷᠢ ᠨᠢᠭᠡ ᠪᠣᠯ ᠡᠷᠦᠬᠡ ᠪᠦᠷᠢ 3000 ᠲᠥᠭᠦᠷᠢᠭ | ᠬᠠᠰᠤᠨ᠎ᠠ᠃ | ᠬᠠᠨᠢ ᠨᠥᠬᠦᠷ ᠢᠶᠠᠨ ᠠᠯᠳᠠᠭᠰᠠᠨ ᠭᠡᠷ ᠪᠦᠯᠢ ᠳᠤ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠰᠤᠷᠤᠯᠴᠠᠵᠤ | ᠪᠠᠶᠢᠭ᠎ᠠ ᠨᠢᠭᠡ ᠰᠤᠷᠤᠭᠴᠢ ᠲᠠᠢ ᠪᠤᠶᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠢᠭᠡ ᠰᠤᠷᠤᠭᠴᠢ ᠲᠠᠢ ᠪᠣᠯ | ᠡᠷᠦᠬᠡ ᠪᠦᠷᠢ 3000 ᠲᠥᠭᠦᠷᠢᠭ ᠬᠠᠰᠤᠨ᠎ᠠ᠃ | 4 ᠬᠡᠷ ᠪᠦᠯᠢ ᠶᠢᠨ ᠣᠷᠣᠯᠭ᠎ᠠ ᠶᠢᠨ ᠲᠥᠷᠥᠯ ᠵᠦᠢᠯ ᠳᠤ ᠪᠤᠳᠤᠵᠤ ᠣᠷᠣᠭᠤᠯᠬᠤ ᠥᠬᠡᠶ ᠵᠥᠢᠯᠡᠰ | ︵1︶ ᠠᠰᠠᠷᠠᠨ ᠬᠠᠷᠠᠭᠠᠯᠵᠠᠬᠤ ᠡᠲᠡᠭᠡᠳ ᠤᠨ ᠤᠯᠤᠰ ᠤᠨ ᠲᠣᠭᠲᠠᠭᠠᠯ ᠶᠣᠰᠣᠭᠠᠷ ᠬᠦᠷᠲᠡᠵᠦ ᠪᠠᠶᠢᠭ᠎ᠠ | ᠠᠰᠠᠷᠠᠨ ᠬᠠᠷᠠᠭᠠᠯᠵᠠᠬᠤ ᠬᠥᠷᠲᠡᠭᠡᠮᠵᠢ︔ | ︵2︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ ᠤᠨ ᠣᠯᠤᠭᠰᠠᠨ ᠨᠢᠭᠡ ᠤᠳᠠᠭᠠᠨ ᠤ | ᠴᠢᠨᠠᠷᠲᠠᠶ ᠱᠠᠩᠨᠠᠯ ᠤᠨ ᠮᠥᠩᠭᠦ︔ ᠮᠤᠵᠢ ᠬᠤᠲᠠ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ ᠶᠢᠨ | ᠠᠵᠢᠯ ᠠᠴᠠ ᠪᠠᠭᠤᠭᠰᠠᠨ ᠤ ᠳᠠᠷᠠᠭ᠎ᠠ ᠬᠦᠷᠲᠡᠭᠰᠡᠨ ᠢᠷᠠᠭᠤ ᠠᠯᠳᠠᠷ ᠤᠨ ᠣᠯᠭᠤᠮᠵᠢ ᠮᠥᠩᠭᠦ︔ | ︵3︶ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ | ᠲᠡᠳᠬᠦᠮᠵᠢ ᠶᠢᠨ ᠮᠥᠩᠭᠦ᠂ ᠬᠦᠴᠢᠷᠳᠡᠯ ᠤᠨ ᠨᠥᠬᠦᠪᠥᠷᠢ ᠮᠥᠩᠭᠦ︔ | ︵4︶ ᠡᠯ᠎ᠡ ᠱᠠᠲᠤᠨ ᠤ ᠵᠠᠰᠠᠭ ᠤᠨ ᠣᠷᠳᠣᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠯᠭᠤᠭᠰᠠᠨ | ᠲᠦᠷ ᠴᠠᠭ ᠤᠨ ᠴᠢᠨᠠᠷᠲᠠᠢ ᠠᠪᠤᠷᠠᠨ ᠲᠤᠰᠠᠯᠠᠬᠤ ᠵᠣᠭᠤᠰ ᠮᠥᠩᠭᠦ ᠡᠳ᠋ ᠪᠣᠳᠠᠰ︔ | ︵5︶ ᠠᠰᠠᠷᠠᠮᠵᠢ ᠶᠢᠨ ᠮᠥᠩᠭᠦ᠂ ᠣᠷᠣᠰᠢᠭᠤᠯᠭ᠎ᠠ ᠶᠢᠨ ᠵᠠᠷᠤᠳᠠᠯ︔ | ︵6︶ ᠬᠥᠮᠦᠨ ᠤ ᠪᠡᠶ᠎ᠡ ᠶᠢᠨ ᠬᠤᠬᠢᠷᠠᠯ ᠤᠨ ᠲᠥᠯᠥᠪᠦᠷᠢ ᠮᠥᠩᠭᠦ ᠳᠠᠬᠢ ᠡᠮᠴᠢᠯᠡᠭᠡᠨ ᠤ ᠵᠠᠷᠤᠳᠠᠯ᠂ | ᠰᠤᠪᠢᠯᠠᠯᠲᠠ ᠶᠢᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂ ᠬᠤᠨᠣᠭᠯᠠᠬᠤ ᠵᠠᠷᠤᠳᠠᠯ᠂ ᠡᠮᠨᠡᠯᠭᠡ ᠳᠤ ᠰᠠᠭᠤᠬᠤ | ᠬᠤᠭᠤᠯᠠᠨ ᠤ ᠨᠥᠬᠦᠪᠥᠷᠢ ᠵᠠᠷᠤᠳᠠᠯ᠂ ᠰᠢᠮ᠎ᠡ ᠲᠡᠵᠢᠭᠡᠯ ᠤᠨ ᠵᠠᠷᠤᠳᠠᠯ᠂ ᠵᠡᠮᠳᠡᠭ ᠤᠨ ᠲᠤᠰᠠᠯᠠᠬᠤ ᠪᠠᠭᠠᠵᠢ | ᠬᠡᠷᠡᠭᠰᠡᠯ ᠤᠨ ᠵᠠᠷᠤᠳᠠᠯ᠂ ᠡᠷᠡᠭᠦᠯᠵᠢᠯ ᠤᠨ ᠵᠠᠷᠤᠳᠠᠯ᠂ ᠬᠤᠶᠢᠨᠠᠬᠢ ᠡᠮᠴᠢᠯᠡᠭᠡᠨ ᠤ ᠵᠠᠷᠤᠳᠠᠯ︔ | ︵7︶ ᠠᠵᠢᠯ ᠠᠴᠠ ᠪᠣᠯᠵᠥ ᠰᠢᠷᠬᠠᠲᠤᠭᠰᠠᠨ ᠠᠵᠢᠯᠲᠠᠨ ᠠᠵᠢᠯᠴᠢᠨ ᠤ ᠰᠠᠷ᠎ᠠ ᠪᠦᠷᠢ ᠶᠢᠨ ᠠᠵᠢᠯ ᠢᠶᠠᠨ | ᠵᠣᠭᠰᠤᠭᠰᠠᠨ ᠥᠯᠡᠳᠡᠪᠥᠷᠢ ᠴᠠᠯᠢᠩ᠂ ᠭᠡᠮᠲᠥᠯ ᠤᠨ ᠨᠥᠬᠦᠪᠥᠷᠢ᠂ ᠠᠵᠢᠯ ᠠᠴᠠ ᠪᠣᠯᠵᠤ ᠨᠠᠰᠤ ᠪᠠᠷᠠᠭᠰᠠᠨ ᠠᠵᠢᠯᠲᠠᠨ | ᠠᠵᠢᠯᠴᠢᠨ ᠤ ᠠᠰᠠᠷᠠᠨ ᠲᠡᠵᠢᠭᠡᠬᠦ ᠲᠥᠷᠥᠯ ᠰᠠᠳᠤᠨ ᠤ ᠠᠰᠠᠷᠠᠮᠵᠢ ᠶᠢᠨ ᠮᠥᠩᠭᠦ ᠠᠴᠠ ᠭᠠᠳᠠᠨᠠᠬᠢ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠮᠥᠩᠭᠦ︔ | ︵8︶ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠶᠢᠨ ᠳᠣᠲᠣᠷᠠᠬᠢ ᠬᠤᠪᠢ ᠬᠥᠮᠦᠨ ᠤ ᠲᠠᠩᠰᠠᠨ | ᠡᠷᠦᠬᠡ ᠶᠢᠨ ᠡᠮ ᠡᠮᠨᠡᠯᠭᠡ ᠶᠢᠨ ᠳᠠᠭᠠᠳᠬᠠᠯ ᠤᠨ ᠮᠥᠩᠭᠦ᠂ ᠡᠮᠨᠡᠯᠭᠡ ᠳᠤ ᠰᠠᠭᠤᠭᠰᠠᠨ ᠵᠢᠴᠢ ᠡᠭᠦᠳᠡᠨ ᠡᠮᠨᠡᠯᠭᠡ ᠳᠤ | ᠳᠠᠩᠰᠠ ᠲᠠᠶᠢᠯᠤᠭᠰᠠᠨ ᠡᠮ ᠡᠮᠨᠡᠯᠭᠡ ᠶᠢᠨ ᠵᠠᠷᠤᠳᠠᠯ᠂ ᠡᠮ ᠡᠮᠨᠡᠯᠭᠡ ᠶᠢᠨ ᠨᠥᠬᠦᠪᠥᠷᠢ ᠮᠥᠩᠭᠦ︔ | ︵9︶ ᠲᠥᠯᠥᠪᠯᠡᠭᠡᠲᠦ ᠦᠷᠡᠵᠢᠯ ᠤᠨ ᠱᠠᠩᠨᠠᠯ ᠪᠠ ᠲᠡᠳᠬᠦᠮᠵᠢ ᠶᠢᠨ ᠮᠥᠩᠭᠦ︔ | ︵10︶ ᠥᠨᠳᠥᠷ ᠨᠠᠰᠤᠨ ᠤ ᠨᠡᠮᠡᠭᠦᠷᠢ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ᠂ | ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ︔ | ︵11︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠥᠪ | ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ︔ | ︵12︶ ᠪᠣᠰᠣᠳ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠭᠡᠷ ᠪᠦᠯᠢ ᠶᠢᠨ | ᠣᠷᠣᠯᠭ᠎ᠠ ᠶᠢᠨ ᠲᠥᠷᠥᠯ ᠵᠦᠢᠯ ᠳᠤ ᠪᠣᠳᠣᠵᠤ ᠣᠷᠣᠭᠤᠯᠬᠤ ᠦᠭᠡᠢ ᠵᠥᠢᠯᠡᠰ᠃ | ︵ᠬᠤᠶᠠᠷ︶ ᠭᠡᠷ ᠪᠦᠯᠢ ᠶᠢᠨ ᠡᠳ᠋ ᠬᠦᠷᠥᠩᠭᠡ | ᠭᠡᠷ ᠪᠦᠯᠢ ᠶᠢᠨ ᠡᠳ᠋ ᠬᠥᠷᠥᠩᠭᠡ ᠭᠡᠳᠡᠭ ᠨᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ | ᠡᠵᠡᠮᠰᠢᠵᠦ ᠪᠠᠶᠢᠭ᠎ᠠ ᠪᠦᠬᠦ ᠬᠥᠳᠡᠯᠬᠦ ᠬᠥᠷᠥᠩᠭᠡ ᠪᠠ ᠦᠯᠦ ᠬᠥᠳᠡᠯᠬᠦ ᠬᠥᠷᠥᠩᠭᠡ ᠶᠢ ᠵᠢᠭᠠᠵᠤ ᠪᠠᠶᠢᠨ᠎ᠠ᠃ ᠬᠥᠳᠡᠯᠬᠦ | ᠬᠥᠷᠥᠩᠭᠡ ᠳᠤ ᠭᠤᠣᠯᠳᠠᠭᠤ ᠪᠠᠩᠬᠢ ᠶᠢᠨ ᠬᠠᠳᠠᠭᠠᠯᠠᠮᠵᠢ᠂ ᠲᠡᠮᠳᠡᠭᠲᠦ᠂ ᠰᠠᠭᠤᠷᠢ ᠮᠥᠩᠭᠦ᠂ ᠬᠤᠳᠠᠯᠳᠤᠭᠠᠨ ᠤ | ᠳᠠᠭᠠᠳᠬᠠᠯ᠂ ᠠᠪᠴᠠᠭᠠᠨ ᠤ ᠡᠷᠬᠡ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠢᠴᠢ | ᠲᠡᠷᠭᠡ ᠬᠥᠰᠬᠡ ᠵᠡᠷᠭᠡ ᠪᠠᠭᠲᠠᠨ᠎ᠠ᠃ ᠥᠯᠥ ᠬᠥᠳᠡᠯᠬᠦ ᠬᠥᠷᠥᠩᠭᠡ ᠳᠤ ᠭᠤᠤᠯᠳᠠᠭᠤ ᠭᠡᠷ ᠪᠠᠶᠢᠰᠢᠩ᠂ ᠣᠶ ᠮᠣᠳᠣ | ᠵᠡᠷᠭᠡ ᠲᠣᠭᠲᠠᠮᠠᠯ ᠪᠣᠳᠠᠰ ᠢ ᠪᠠᠭᠲᠠᠭᠠᠨ᠎ᠠ᠃ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠢᠶᠠᠨ ᠠᠷᠭᠠᠴᠠᠭᠠᠬᠤ ᠳᠤ | ᠡᠷᠬᠡᠪᠰᠢ ᠱᠠᠭᠠᠷᠳᠠᠭᠳᠠᠬᠤ ᠡᠳ᠋ ᠬᠥᠷᠥᠩᠭᠡ ᠶᠢ ᠪᠣᠯ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠢ ᠬᠢᠨᠠᠨ | ᠲᠣᠭᠲᠠᠭᠠᠬᠤ ᠥᠶ᠎ᠡ ᠳᠤ ᠬᠡᠯᠲᠦᠷᠢᠭᠦᠯᠵᠦ ᠪᠣᠯᠤᠨ᠎ᠠ᠃ | ᠭᠡᠷ ᠪᠦᠯᠢ ᠶᠢᠨ ᠡᠳ᠋ ᠬᠥᠷᠥᠩᠭᠡ ᠶᠢ ᠬᠢᠨᠠᠨ ᠲᠣᠭᠲᠠᠭᠠᠬᠤ ᠳᠤ᠂ ᠡᠷᠡᠮᠡᠯᠵᠡᠯᠡᠭᠰᠡᠨ ᠭᠡᠷ ᠪᠦᠯᠢ ᠳᠤ ︽ᠭᠡᠷ | ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠪᠠ | ︽ᠦᠨᠡᠨ ᠪᠣᠳᠠᠲᠠᠶ ᠪᠠᠷ ᠮᠡᠳᠡᠭᠦᠯᠬᠦ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠭᠰᠠᠨ ᠤᠷᠢᠲᠠᠯ | ᠳᠣᠤᠷ᠎ᠠ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠠᠭᠠᠨ | ᠡᠳ᠋ᠯᠡᠬᠦ ᠪᠠᠷ ᠬᠢᠨᠠᠨ ᠪᠠᠶᠢᠴᠠᠭᠠᠬᠤ ᠠᠷᠭ᠎ᠠ ᠪᠣᠯᠭᠠᠨ᠎ᠠ᠃ | ᠵᠠᠷᠴᠢᠮ ᠳᠡᠭᠡᠷ᠎ᠡ ᠪᠠᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠳᠣᠤᠷᠠᠬᠢ ᠨᠥᠬᠦᠴᠡᠯ ᠳᠤ | ᠨᠡᠶᠢᠴᠡᠭᠰᠡᠨ ᠪᠠᠶᠢᠬᠤ ᠬᠡᠷᠡᠭᠲᠡᠶ᠄ | 1 ᠡᠷᠡᠮᠡᠯᠵᠡᠯᠡᠭᠰᠡᠨ ᠭᠡᠷ ᠪᠦᠯᠢ ᠶᠢᠨ ᠦᠨᠡᠲᠦ ᠲᠡᠮᠳᠡᠭᠲᠦ᠂ ᠰᠲ᠋ᠣᠺ᠂ ᠪᠠᠩᠬᠢ ᠶᠢᠨ ᠬᠠᠳᠠᠭᠠᠯᠠᠮᠵᠢ ᠵᠡᠷᠭᠡ ᠬᠥᠮᠥᠨ | ᠪᠦᠷᠢ ᠶᠢᠨ ᠳᠤᠮᠳᠠᠴᠢ ᠮᠥᠩᠭᠦᠨ ᠭᠦᠢᠯᠭᠡᠭᠡᠨ ᠤ ᠡᠳ᠋ ᠬᠥᠷᠥᠩᠭᠡ ᠨᠢ ᠲᠤᠰ ᠭᠠᠵᠠᠷ ᠣᠷᠣᠨ ᠤ 24 ᠰᠠᠷ᠎ᠠ ᠶᠢᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠠᠴᠠ ᠬᠡᠲᠦᠷᠡᠭᠰᠡᠨ ᠦᠭᠡᠢ ᠮᠥᠷᠲᠡᠭᠡᠨ ᠵᠦᠢ ᠵᠣᠬᠢᠰᠲᠠᠢ ᠵᠠᠶᠢᠯᠠᠰᠢ ᠦᠭᠡᠢ ᠵᠠᠷᠤᠯᠭ᠎ᠠ ᠶᠢᠨ ᠭᠡᠷᠡᠴᠢ ᠲᠠᠢ | ᠭᠡᠷ ᠪᠦᠯᠢ︔ | 2 ᠬᠤᠲᠠ ᠪᠠᠯᠭᠠᠰᠤ ᠶᠢᠨ ᠭᠡᠷ ᠪᠦᠯᠢ ᠨᠢ ᠵᠥᠪᠬᠡᠨ ᠨᠢᠭᠡ ᠯᠡ ᠣᠷᠣᠨ ᠰᠠᠭᠤᠴᠠ ᠲᠠᠢ ᠪᠥᠭᠡᠳ ᠭᠠᠭᠴᠠ ᠭᠡᠷ | ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠶᠢ 100 ᠲᠦᠪᠰᠢᠨ ᠠᠴᠠ ᠬᠡᠲᠦᠷᠡᠭᠦᠯᠵᠦ ᠪᠣᠯᠬᠤ ᠦᠭᠡᠢ︔ ᠬᠥᠳᠡᠭᠡ | ᠲᠣᠰᠬᠤᠨ ᠤ ᠭᠡᠷ ᠪᠦᠯᠢ ᠨᠢ ᠵᠥᠪᠬᠡᠨ 1 ᠣᠷᠣᠨ ᠰᠠᠭᠤᠴᠠ ᠲᠠᠢ ᠪᠥᠭᠡᠳ ᠭᠡᠷ ᠪᠠᠶᠢᠰᠢᠩ ᠢᠶᠠᠨ | ᠲᠦᠷᠢᠶᠡᠰᠦᠯᠡᠭᠦᠯᠦᠭᠰᠡᠨ ᠦᠭᠡᠢ︔ ᠭᠡᠷ ᠪᠦᠯᠢ ᠨᠢ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ ᠦᠭᠡᠢ ︵ᠵᠥᠪᠬᠡᠨ | ᠣᠷᠣᠰᠢᠨ ᠰᠠᠭᠤᠬᠤ ᠳᠤ ᠬᠡᠷᠡᠭᠯᠡᠭᠰᠡᠨ ᠪᠣᠯ ᠡᠭᠦᠨ ᠳᠤ ᠪᠠᠭᠲᠠᠬᠤ ᠦᠭᠡᠢ︶︔ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠬᠤᠭᠤᠴᠠᠭᠠᠨ ᠳᠤ ᠲᠤᠬᠠᠢ ᠶᠢᠨ ᠭᠠᠵᠠᠷ ᠤᠨ ᠪᠠᠷᠢᠮᠵᠢᠶ᠎ᠠ ᠠᠴᠠ ᠬᠡᠲᠦᠷᠡᠭᠰᠡᠨ ᠦᠭᠡᠢ︔ | | 3 ᠬᠡᠷ ᠪᠦᠯᠢ ᠶᠢᠨ ᠡᠵᠡᠩᠨᠡᠯᠲᠡ ᠶᠢᠨ ᠴᠢᠨᠠᠷᠲᠠᠶ ᠲᠡᠷᠭᠡ ᠬᠥᠰᠬᠡ᠂ ᠬᠡᠷᠡᠭᠯᠡᠭᠡᠨ ᠤ ᠬᠡᠯᠪᠡᠷᠢ ᠶᠢᠨ ᠮᠠᠰᠢᠨ ᠲᠡᠷᠭᠡ᠂ | ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠬᠡᠷᠡᠭᠰᠡᠯ ᠪᠠᠶᠢᠬᠤ ᠥᠬᠡᠶ ᠮᠥᠷᠲᠡᠭᠡᠨ ᠬᠡᠷ ᠪᠦᠯᠢ ᠶᠢᠨ ᠪᠤᠰᠤ | ᠪᠦᠷᠢᠯᠳᠦᠬᠦᠨ ᠮᠠᠰᠢᠨ ᠲᠡᠷᠭᠡ ᠶᠢ ᠣᠷᠳᠣ ᠬᠤᠭᠤᠴᠠᠭ᠎ᠠ ᠪᠠᠷ ᠬᠡᠷᠡᠭᠯᠡᠭᠰᠡᠨ ᠥᠬᠡᠶ ︵ᠵᠡᠮᠳᠡᠭᠴᠦᠳ ᠢ ᠣᠷᠣᠯᠠᠬᠤ | ᠲᠡᠷᠭᠡ᠂ ᠠᠮᠢᠳᠤᠷᠠᠯ ᠳᠤ ᠬᠡᠷᠡᠭᠯᠡᠬᠦ ᠮᠣᠲ᠋ᠣᠷ ᠪᠠ ᠭᠤᠷᠪᠠᠨ ᠬᠦᠷᠳᠦᠲᠦ ᠲᠡᠷᠭᠡ᠂ ᠴᠠᠬᠢᠯᠭᠠᠨ ᠬᠤᠷᠢᠶᠠᠭᠤᠷ ᠳᠠᠩ | ᠲᠡᠷᠭᠡ ᠪᠠᠭᠲᠠᠬᠤ ᠥᠬᠡᠶ︶᠃ | ︵ᠭᠤᠷᠪᠠ︶ ᠪᠠᠶᠢᠴᠠᠭᠠᠬᠤ ᠠᠷᠭ᠎ᠠ ᠮᠠᠶ᠋ᠢᠭ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠶ᠋ᠳᠪᠦᠷᠢᠯᠡᠬᠦ | ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠪᠠᠶᠢᠴᠠᠭᠠᠬᠤ ᠠᠵᠢᠯ ᠢ ᠡᠬᠢᠯᠡᠭᠦᠯᠬᠦ ᠬᠡᠷᠡᠭᠲᠡᠶ᠃ ᠪᠠᠶᠢᠴᠠᠭᠠᠯᠲᠠ ᠶᠢ ᠡᠷᠦᠬᠡ ᠳᠤ ᠬᠦᠷᠴᠦ ᠪᠠᠶᠢᠴᠠᠭᠠᠬᠤ᠂ ᠬᠥᠷᠰᠢ | ᠵᠡᠷᠭᠡᠯᠡᠳᠡᠭᠡ ᠪᠠᠷ ᠨᠢ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠠᠪᠬᠤ ᠪᠤᠶᠤ ᠲᠣᠭᠤᠷᠢᠭ ᠤᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠳᠡᠪᠰᠢᠭᠦᠯᠦᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ | ᠵᠠᠩᠭᠢ ᠶᠢ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠨᠢ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠤᠷ᠎ᠠ᠂ ᠳᠣᠤᠷᠠᠬᠢ ᠠᠷᠭ᠎ᠠ | ᠮᠠᠶ᠋ᠢᠭ ᠢᠶᠠᠷ ᠳᠠᠮᠵᠢᠭᠤᠯᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠪᠠ ᠪᠣᠳᠠᠲᠠᠶ ᠠᠮᠢᠳᠤᠷᠠᠯ ᠤᠨ ᠪᠠᠶᠢᠳᠠᠯ ᠢ | ᠪᠠᠶᠢᠴᠠᠭᠠᠵᠤ ᠬᠢᠨᠠᠨ ᠬᠠᠷᠭᠤᠭᠤᠯᠵᠤ ᠪᠣᠯᠤᠨ᠎ᠠ᠃ ᠳᠤᠭᠤᠶᠢᠯᠠᠩ ᠪᠦᠷᠢ ᠶᠢᠨ ᠪᠠᠶᠢᠴᠠᠭᠠᠬᠤ ᠠᠵᠢᠯᠲᠠᠨ ᠨᠢ 2 | ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠶ᠃ | 1 ᠡᠷᠦᠬᠡ ᠳᠤ ᠬᠦᠷᠴᠦ ᠪᠠᠶᠢᠴᠠᠭᠠᠯᠲᠠ ᠬᠢᠨ᠎ᠡ᠃ ᠭᠤᠶᠤᠴᠢᠯᠠᠭᠴᠢ ᠶᠢᠨ ᠭᠡᠷ ᠪᠦᠯᠢ ᠳᠤ ᠬᠦᠷᠴᠦ ᠭᠡᠷ | ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠢᠳᠡᠬᠦ᠂ ᠡᠮᠦᠰᠬᠦ᠂ ᠰᠠᠭᠤᠬᠤ᠂ ᠬᠡᠷᠡᠭᠯᠡᠬᠦ ᠵᠡᠷᠭᠡ | ᠪᠣᠳᠠᠲᠤ ᠠᠮᠢᠳᠤᠷᠠᠯ ᠤᠨ ᠪᠠᠶᠢᠳᠠᠯ ᠢ ᠣᠶᠢᠯᠠᠭᠠᠭᠰᠠᠨ᠃ ᠡᠷᠦᠬᠡ ᠳᠤ ᠬᠦᠷᠴᠦ ᠪᠠᠶᠢᠴᠠᠭᠠᠯᠲᠠ ᠬᠢᠵᠦ | ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠦᠰᠦᠨᠦᠭᠲᠦ ᠶᠢ | ᠲᠠᠭᠯᠠᠬᠤ ᠶᠢᠨ ᠬᠠᠮᠲᠤ ᠪᠠᠶᠢᠴᠠᠭᠠᠬᠤ ᠠᠵᠢᠯᠲᠠᠨ ᠪᠣᠯᠤᠨ ᠲᠤᠬᠠᠶ ᠶᠢᠨ ᠭᠠᠵᠠᠷ ᠲᠤ ᠪᠠᠶᠢᠭ᠎ᠠ ᠬᠠᠮᠲᠤ ᠶᠢᠨ | ᠠᠮᠢᠳᠤᠷᠠᠯ ᠤᠨ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠭᠠᠷ ᠤᠨ ᠦᠰᠦᠭ ᠵᠢᠷᠤᠬᠤ ᠬᠡᠷᠡᠭᠲᠡᠶ᠃ | 2 ᠬᠥᠷᠰᠢ ᠠᠶᠢᠯᠴᠢᠯᠠᠯ᠃ ᠪᠠᠶᠢᠴᠠᠭᠠᠯᠲᠠ ᠬᠢᠭᠰᠡᠳ ᠭᠡᠷ ᠪᠦᠯᠢ ᠶᠢᠨ ᠪᠠᠶᠢᠭ᠎ᠠ ᠲᠣᠰᠬᠤᠨ ᠤ ᠠᠷᠠᠳ ᠤᠨ | ᠵᠥᠪᠯᠡᠯ ᠪᠣᠯᠤᠨ ᠨᠡᠶᠢᠭᠡᠮ ᠲᠣᠭᠤᠷᠢᠭ ᠲᠤ ᠬᠦᠷᠴᠦ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠪᠣᠯᠤᠨ ᠪᠣᠳᠠᠲᠠᠶ | ᠠᠮᠢᠳᠤᠷᠠᠯ ᠤᠨ ᠪᠠᠶᠢᠳᠠᠯ ᠢ ᠨᠢ ᠣᠶᠢᠯᠭᠠᠨ ᠣᠶᠢᠯᠠᠭᠠᠪᠠ᠃ | 3 ᠵᠠᠬᠢᠳᠠᠯ ᠴᠢᠮᠡᠭᠡ ᠠᠴᠠ ᠭᠡᠷᠡᠴᠢ ᠠᠪᠤᠨ᠎ᠠ᠃ ᠪᠠᠶᠢᠴᠠᠭᠠᠭᠴᠢ ᠠᠴᠠ ᠵᠠᠬᠢᠳᠠᠯ ᠴᠢᠮᠡᠭᠡ ᠵᠡᠷᠭᠡ ᠠᠷᠭ᠎ᠠ | ᠮᠠᠶ᠋ᠢᠭ ᠢᠶᠠᠷ ᠬᠠᠮᠢᠶ᠎ᠠ ᠪᠦᠬᠦᠢ ᠨᠢᠭᠡᠴᠡ ᠪᠣᠯᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ | ᠠᠪᠴᠤ ᠪᠠᠶᠢᠨ᠎ᠠ᠃ | 4 ᠪᠤᠰᠤᠳ ᠪᠠᠶᠢᠴᠠᠭᠠᠬᠤ ᠠᠷᠭ᠎ᠠ ᠬᠡᠯᠪᠡᠷᠢ᠃ ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ ᠥᠶ᠎ᠡ ᠳᠤ᠂ | ᠡᠮᠦᠨᠡᠬᠢ ᠵᠤᠷᠪᠤᠰ ᠲᠤ ᠲᠣᠭᠲᠠᠭᠠᠭᠰᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ | ᠰᠤᠷᠪᠤᠯᠵᠢᠯᠠᠬᠤ ᠳᠡᠰ ᠳᠠᠷᠠᠭᠠᠯᠠᠯ ᠢ ᠳ᠋ᠢᠶᠠᠩᠬᠤᠸᠠ᠂ ᠬᠠᠷᠠᠭᠠᠨ ᠳᠠᠪᠲᠠᠮᠵᠢ ᠵᠡᠷᠭᠡ ᠦᠯᠦ ᠬᠦᠷᠦᠯᠴᠡᠬᠦ ᠠᠷᠭ᠎ᠠ | ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃ | 5 ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠬᠡᠷᠡᠭᠲᠡᠶ᠃ | ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤᠨ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠳᠤ ᠮᠡᠳᠡᠭᠡ ᠵᠠᠩᠭᠢ ᠶᠢ ᠬᠠᠷᠭᠤᠭᠤᠯᠵᠤ ᠳᠡᠪᠰᠢᠭᠦᠯᠦᠭᠰᠡᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ | ᠮᠡᠳᠡᠭᠡ ᠵᠠᠩᠭᠢ ᠶᠢ ᠬᠠᠷᠭᠤᠭᠤᠯᠬᠤ ᠲᠠᠰ ᠳᠠᠷᠠᠭᠠᠯᠠᠯ ᠢ ᠡᠬᠢᠯᠡᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ | ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ᠂ ᠭᠠᠶᠢᠯᠢ ᠲᠤᠰᠢᠶᠠᠭᠰᠠᠨ | ᠲᠡᠮᠳᠡᠭᠯᠡᠯ᠂ ᠨᠡᠶᠢᠭᠡᠮ ᠤᠨ ᠳᠠᠭᠠᠳᠬᠠᠯ ᠲᠤᠰᠢᠶᠠᠭᠰᠠᠨ᠂ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠬᠤ᠂ ᠲᠡᠷᠭᠡ ᠣᠩᠭᠤᠴᠠ ᠶᠢ ᠳᠠᠩᠰᠠᠯᠠᠨ ᠲᠡᠮᠳᠡᠭᠯᠡᠬᠦ ᠵᠢᠴᠢ ᠪᠠᠩᠬᠢ ᠶᠢᠨ | ᠬᠠᠳᠠᠭᠠᠯᠠᠮᠵᠢ᠂ ᠬᠤᠳᠠᠯᠳᠤᠭᠠᠨ ᠤ ᠳᠠᠭᠠᠳᠬᠠᠯ᠂ ᠲᠡᠮᠳᠡᠭᠯᠡᠯ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ | ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠬᠤ ᠬᠡᠷᠡᠭᠲᠡᠢ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠨᠢ ᠲᠤᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠭᠡᠷ ᠪᠦᠯᠢ ᠶᠢᠨ ᠤᠰᠤ᠂ ᠴᠠᠬᠢᠯᠭᠠᠨ᠂ | ᠰᠢᠲᠠᠮᠠᠬᠠᠶ ᠬᠡᠢ᠂ ᠴᠢᠮᠡᠭᠡ ᠨᠡᠪᠲᠡᠷᠡᠯᠭᠡ ᠵᠡᠷᠭᠡ ᠡᠳᠦᠷ ᠲᠤᠲᠤᠮ ᠤᠨ ᠠᠮᠢᠳᠤᠷᠠᠯ ᠤᠨ ᠵᠠᠷᠤᠳᠠᠯ ᠤᠨ ᠵᠠᠷᠤᠯᠭ᠎ᠠ ᠵᠢᠴᠢ | ᠥᠨᠳᠥᠷ ᠰᠦᠢᠳᠬᠡᠯ ᠬᠤᠷᠢᠶᠠᠬᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ︵ᠴᠡᠴᠡᠷᠯᠢᠭ ᠲᠤ ᠣᠷᠣᠬᠤ᠂ | ᠭᠠᠳᠠᠭᠠᠳᠤ ᠳᠤ ᠭᠠᠷᠴᠤ ᠰᠤᠷᠤᠯᠴᠠᠬᠤ ᠪᠠᠭᠲᠠᠨ᠎ᠠ︶᠂ ᠭᠠᠳᠠᠭᠠᠳᠤ ᠳᠤ ᠭᠠᠷᠴᠤ ᠵᠢᠭᠤᠯᠴᠢᠯᠠᠬᠤ ᠵᠡᠷᠭᠡ ᠪᠠᠶᠢᠳᠠᠯ | ᠪᠠᠶᠢᠬᠤ ᠡᠰᠡᠬᠦ ᠪᠠᠷ ᠳᠠᠮᠵᠢᠵᠤ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠬᠠᠪᠰᠤᠷᠤᠮᠵᠢ ᠦᠨᠡᠯᠡᠨ ᠵᠢᠱᠢᠯᠲᠡ | ᠬᠢᠬᠦ ᠬᠡᠷᠡᠭᠲᠡᠶ᠃ | ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠪᠠᠷ ᠳᠠᠮᠵᠢᠭᠠᠳ᠂ | ᠨᠥᠬᠦᠴᠡᠯ ᠳᠤ ᠨᠡᠶᠢᠴᠡᠬᠦ ᠦᠭᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠴᠠᠭ | ᠲᠤᠬᠠᠶ ᠳᠤᠨᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ | ᠭᠤᠶᠤᠴᠢᠯᠠᠭᠴᠢ ᠨᠢ ᠣᠨᠳᠣᠤ ᠰᠠᠨᠠᠯ ᠲᠠᠢ ᠪᠠᠶᠢᠪᠠᠯ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ | ︔ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠳᠠᠬᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ᠲᠠᠪᠤ᠂ ᠢᠯᠡ ᠨᠡᠶᠢᠲᠡᠯᠡᠬᠦ | ︵ᠨᠢᠭᠡ︶ ᠠᠩᠬᠠᠨ ᠤ ᠬᠢᠨᠠᠯᠲᠠ ᠶᠢᠨ ᠨᠡᠶᠢᠲᠡ ᠶᠢᠨ ᠵᠠᠷ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠨᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ | ᠦᠨᠳᠦᠰᠦᠯᠡᠨ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠶᠢᠨ ᠬᠠᠮᠲᠤ ᠭᠤᠶᠤᠴᠢᠯᠠᠭᠰᠠᠨ ᠭᠡᠷ ᠪᠦᠯᠢ ᠶᠢᠨ | ᠪᠠᠶᠢᠭ᠎ᠠ ᠲᠣᠰᠬᠤᠨ᠂ ᠨᠡᠶᠢᠭᠡᠮ ᠲᠣᠭᠤᠷᠢᠭ ᠢ ᠨᠡᠶᠢᠲᠡ ᠳᠤ ᠵᠠᠷᠯᠠᠬᠤ ᠬᠡᠷᠡᠭᠲᠡᠶ᠃ ᠢᠯᠡ ᠨᠡᠶᠢᠲᠡᠯᠡᠬᠦ ᠬᠤᠭᠤᠴᠠᠭ᠎ᠠ ᠨᠢ | 7 ᠡᠳᠦᠷ ᠪᠣᠯᠤᠨ᠎ᠠ᠃ | ︵ᠬᠤᠶᠠᠷ︶ ᠤᠷᠲᠤ ᠬᠤᠭᠤᠴᠠᠭ᠎ᠠ ᠪᠠᠷ ᠨᠡᠶᠢᠲᠡᠯᠡᠬᠦ | ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ | ᠠᠯᠪᠠᠨ ᠤ ᠰᠦᠯᠵᠢᠶ᠎ᠡ᠂ ᠮᠥᠩᠬᠡ ᠰᠤᠪᠠᠭ ᠤᠨ APP᠂ ᠨᠡᠶᠢᠭᠡᠮ ᠤᠨ ᠠᠪᠤᠷᠠᠨ ᠲᠤᠰᠠᠯᠠᠬᠤ ᠪᠢᠴᠢᠯ | ᠦᠢᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠣᠷᠳᠣ ᠬᠤᠭᠤᠴᠠᠭ᠎ᠠ ᠪᠠᠷ ᠢᠯᠡ ᠨᠡᠶᠢᠲᠡᠯᠡᠵᠦ᠂ ᠲᠥᠷᠥ ᠶᠢᠨ | ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠶᠢ ᠦᠨᠡᠨᠬᠦ ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ | ᠵᠢᠷᠤᠮᠵᠢᠯ ᠲᠠᠢ ᠠᠵᠢᠯᠯᠠᠭᠠᠨ ᠢ ᠦᠨᠡᠨᠬᠦ ᠪᠠᠲᠤᠯᠠᠨ᠎ᠠ᠃ | ︵ᠭᠤᠷᠪᠠ︶ ᠢᠯᠡ ᠨᠡᠶᠢᠲᠡᠯᠡᠬᠦ ᠠᠭᠤᠯᠭ᠎ᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ | ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠠᠪᠤᠷᠠᠨ | ᠲᠤᠰᠠᠯᠠᠬᠤ ᠡᠲᠡᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠪᠠ ᠬᠤᠪᠢ ᠬᠥᠮᠦᠨ ᠤ | ᠮᠡᠳᠡᠭᠡ ᠵᠠᠩᠭᠢ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠭᠤᠶᠤᠴᠢᠯᠠᠭᠴᠢ ᠶᠢᠨ ᠣᠪᠣᠭ ᠨᠡᠷ᠎ᠡ᠂ ᠬᠡᠷ ᠪᠦᠯᠢ ᠶᠢᠨ | ᠪᠦᠷᠢᠯᠳᠦᠬᠦᠨ ᠤ ᠲᠤᠭ᠎ᠠ ᠬᠡᠮᠵᠢᠶ᠎ᠡ᠂ ᠪᠠᠲᠤᠯᠠᠭ᠎ᠠ ᠶᠢᠨ ᠵᠣᠭᠤᠰ ᠤᠨ ᠲᠤᠭ᠎ᠠ᠂ ᠪᠠᠶᠢᠭ᠎ᠠ ᠭᠠᠵᠠᠷ ᠠᠴᠠ ᠭᠠᠳᠠᠨᠠᠬᠢ | ᠪᠤᠰᠤᠳ ᠮᠡᠳᠡᠭᠡ ᠵᠠᠩᠭᠢ ᠶᠢ ᠢᠯᠡ ᠨᠡᠶᠢᠲᠡᠯᠡᠵᠦ ᠪᠣᠯᠬᠤ ᠥᠬᠡᠶ᠂ ᠨᠠᠰᠤᠨ ᠳᠤ ᠥᠯᠥ ᠭᠦᠷᠦᠭᠰᠡᠳ ᠤᠨ ᠬᠤᠯᠪᠣᠭᠳᠠᠯ | ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠵᠦ ᠪᠣᠯᠬᠤ ᠥᠬᠡᠶ᠃ | ᠵᠢᠷᠭᠤᠭ᠎ᠠ᠂ ᠦᠨᠡᠯᠡᠯᠲᠡ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠳᠡᠰ ᠳᠠᠷᠠᠭᠠᠯᠠᠯ ᠢ | ᠰᠢᠯᠢᠳᠡᠭᠵᠢᠭᠦᠯᠵᠦ᠂ ᠲᠡᠩᠬᠡᠷᠡᠭᠦᠯᠦᠨ ᠲᠤᠰᠠᠯᠠᠭᠤᠯᠬᠤ ᠪᠠᠷ ᠭᠤᠶᠤᠴᠢᠯᠠᠭᠰᠠᠨ ᠮᠠᠷᠭᠤᠯᠳᠤᠭᠠᠨ ᠦᠭᠡᠢ ᠭᠡᠷ ᠪᠦᠯᠢ ᠳᠤ | ᠠᠷᠠᠳᠴᠢᠯᠠᠯ ᠢᠶᠠᠷ ᠦᠨᠡᠯᠡᠯᠲᠡ ᠬᠢᠬᠦ ᠦᠭᠡᠶ ᠪᠠᠶᠢᠵᠤ ᠪᠣᠯᠤᠨ᠎ᠠ᠃ ᠮᠠᠷᠭᠤᠭᠠᠨ ᠲᠠᠢ᠂ ᠰᠢᠶᠠᠨ ᠤ ᠱᠠᠲᠤᠨ ᠤ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠦᠨᠡᠯᠡᠯᠲᠡ | ᠬᠢᠬᠦ ᠴᠢᠬᠤᠯᠠᠲᠠᠶ ᠪᠣᠯ ᠳᠣᠤᠷᠠᠬᠢ ᠳᠡᠰ ᠳᠠᠷᠠᠭᠠᠯᠠᠯ ᠤᠨ ᠶᠣᠰᠣᠭᠠᠷ ᠠᠷᠠᠳᠴᠢᠯᠠᠯ ᠢᠶᠠᠷ ᠦᠨᠡᠯᠡᠯᠲᠡ ᠬᠢᠨ᠎ᠡ᠄ | 1 ᠠᠷᠠᠳᠴᠢᠯᠠᠯ ᠢᠶᠠᠷ ᠦᠨᠡᠯᠡᠬᠦ ᠶᠢ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠢᠶᠠᠷ ᠨᠢᠭᠡᠴᠢ | ᠪᠣᠯᠭᠠᠵᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠢᠵᠦ᠂ ᠰᠢᠯᠭᠠᠷᠠᠭᠤᠯᠬᠤ | ᠺᠣᠮᠢᠰ ᠨᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶᠂ ᠲᠣᠰᠬᠤᠨ ︵ᠰᠠᠭᠤᠭᠠᠯᠢ ᠠᠷᠠᠳ︶ ᠤ ᠨᠠᠮ ᠤᠨ ᠵᠣᠬᠢᠶᠠᠨ ᠪᠠᠶᠢᠭᠤᠯᠤᠯᠲᠠ ᠪᠠ ᠲᠣᠰᠬᠤᠨ ︵ᠰᠠᠭᠤᠭᠠᠯᠢ | ᠠᠷᠠᠳ︶ ᠤ ᠵᠥᠪᠯᠡᠯ ᠤᠨ ᠪᠦᠷᠢᠯᠳᠦᠬᠦᠨ᠂ ᠲᠣᠰᠬᠤᠨ ︵ᠰᠠᠭᠤᠭᠠᠯᠢ ᠠᠷᠠᠳ︶ ᠤ ᠰᠠᠭᠤᠭᠠᠯᠢ ᠠᠷᠠᠳ ᠤᠨ | ᠪᠠᠶᠢᠳᠠᠯ ᠢ ᠰᠠᠶᠢᠨ ᠮᠡᠳᠡᠳᠡᠭ ᠨᠠᠮ ᠤᠨ ᠭᠡᠰᠢᠭᠦᠨ ᠲᠥᠯᠥᠭᠡᠯᠡᠭᠴᠢ᠂ ᠲᠣᠰᠬᠤᠨ ︵ᠰᠠᠭᠤᠭᠠᠯᠢ ᠠᠷᠠᠳ︶ ᠤ | ᠠᠷᠠᠳ ᠤᠨ ᠲᠥᠯᠥᠭᠡᠯᠡᠭᠴᠢ ᠵᠡᠷᠭᠡ ᠬᠥᠮᠦᠰ ᠢᠶᠠᠷ ᠪᠦᠷᠢᠯᠳᠦᠭᠦᠯᠦᠨ᠎ᠡ᠃ ᠠᠷᠠᠳᠴᠢᠯᠠᠯ ᠢᠶᠠᠷ ᠦᠨᠡᠯᠡᠬᠦ ᠠᠵᠢᠯ ᠢ | ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠬᠠᠷᠢᠭᠤᠴᠠᠨ ᠵᠢᠯᠣᠭᠤᠳᠬᠤ ᠪᠠ ᠬᠢᠨᠠᠯᠲᠠ | ᠲᠠᠯᠪᠢᠨ᠎ᠠ᠃ | 2 ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠠᠷᠠᠳᠴᠢᠯᠠᠯ ᠢᠶᠠᠷ ᠦᠨᠡᠯᠡᠬᠦ ᠲᠣᠰᠬᠤᠨ ︵ᠰᠠᠭᠤᠭᠠᠯᠢ | ᠠᠷᠠᠳ︶ ᠤ ᠠᠷᠠᠳ ᠤᠨ ᠲᠥᠯᠥᠭᠡᠯᠡᠭᠴᠢ ᠶᠢᠨ ᠪᠤᠶ ᠪᠣᠯᠬᠤ ᠬᠡᠪᠴᠢᠶ᠎ᠡ ᠪᠣᠯᠤᠨ ᠪᠣᠶ ᠪᠣᠯᠬᠤ ᠠᠷᠭ᠎ᠠ ᠮᠠᠶᠢᠭ᠃ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ | ᠪᠠᠶᠢᠭᠤᠯᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠰᠠᠭᠤᠭᠠᠯᠢ | ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠰᠬᠤᠨ ᠤ ᠠᠷᠠᠳ ᠤᠨ ᠵᠥᠪᠯᠡᠯ ᠤᠨ | ᠵᠣᠬᠢᠶᠠᠨ ᠪᠠᠶᠢᠭᠤᠯᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠰᠣᠩᠭᠤᠨ ᠭᠠᠷᠭᠠᠭᠰᠠᠨ ᠲᠣᠰᠬᠤᠨ ︵ᠰᠠᠭᠤᠭᠠᠯᠢ︶ ᠤ ᠠᠷᠠᠳ ᠤᠨ ᠲᠥᠯᠥᠭᠡᠯᠡᠭᠴᠢ ᠶᠢ ᠰᠢᠯᠭᠠᠷᠠᠭᠤᠯᠬᠤ | ᠺᠣᠮᠢᠰ ᠢᠶᠠᠷ ᠲᠣᠭᠲᠠᠭᠠᠬᠤ ᠶᠢᠨ ᠬᠠᠮᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠯᠭᠠᠷᠠᠭᠤᠯᠬᠤ | ᠺᠣᠮᠢᠰ ᠤᠨ ᠬᠥᠮᠥᠷᠭᠡ ᠶᠢ ᠪᠠᠶᠢᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ | ᠬᠠᠷᠭᠤᠭᠤᠯᠬᠤ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠲᠣᠰᠬᠤᠨ ︵ᠰᠠᠭᠤᠭᠠᠯᠢ︶ ᠤ ᠠᠷᠠᠳ ᠤᠨ | ᠲᠥᠯᠥᠭᠡᠯᠡᠭᠴᠢ ᠶᠢᠨ ᠲᠤᠭ᠎ᠠ ᠶᠢ ᠦᠨᠳᠦᠰᠦᠯᠡᠨ᠂ ᠠᠶᠢᠯ ᠲᠣᠰᠬᠤᠨ ᠢᠶᠠᠷ ᠨᠢᠭᠡᠴᠢ ᠪᠣᠯᠭᠠᠵᠤ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠲᠣᠭᠲᠠᠭᠠᠬᠤ ᠺᠣᠮᠢᠰ ᠤᠨ ᠬᠥᠮᠥᠷᠭᠡ ᠠᠴᠠ ᠲᠠᠰᠢᠷᠠᠮ ᠢᠶᠠᠷ ᠲᠣᠰ | ᠤᠳᠠᠭᠠᠨ ᠤ ᠦᠨᠡᠯᠡᠨ ᠶᠠᠷᠢᠯᠴᠠᠬᠤ ᠳᠤ ᠣᠷᠣᠯᠴᠠᠬᠤ ᠺᠣᠮᠢᠰ ᠤᠨ ᠭᠡᠰᠢᠭᠦᠨ ᠢ ᠲᠣᠬᠢᠶᠠᠯᠳᠤᠯ ᠢᠶᠠᠷ ᠰᠣᠩᠭᠤᠨ ᠠᠪᠤᠨ᠎ᠠ | ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠪᠤᠶᠤ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠣᠨᠴᠠ ᠲᠣᠭᠲᠠᠭᠰᠠᠨ ᠲᠣᠰᠬᠤᠨ ︵ᠰᠠᠭᠤᠭᠠᠯᠢ︶ ᠤ | ᠠᠷᠠᠳ ᠤᠨ ᠲᠥᠯᠥᠭᠡᠯᠡᠭᠴᠢ ᠶᠢᠨ ᠬᠢᠳᠡᠯ ᠠᠴᠠ ᠵᠠᠶᠢᠯᠠᠰᠬᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠠᠷᠠᠳᠴᠢᠯᠠᠯ ᠢᠶᠠᠷ ᠦᠨᠡᠯᠡᠬᠦ ᠠᠵᠢᠯ ᠳᠤ ᠬᠥᠮᠥᠨ ᠤ ᠬᠦᠴᠦᠨ ᠤ ᠬᠦᠴᠦᠨ ᠵᠦᠢᠯ ᠤᠨ ᠨᠥᠯᠥᠭᠡ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ ᠳᠤ ᠣᠷᠣᠯᠴᠠᠭᠰᠠᠨ | ᠬᠥᠮᠦᠨ ᠤ ᠲᠤᠭ᠎ᠠ ᠶᠢᠨ ᠳᠣᠲᠣᠷᠠᠬᠢ ᠲᠣᠰᠬᠤᠨ ︵ᠰᠠᠭᠤᠭᠠᠯᠢ︶ ᠤ ᠠᠷᠠᠳ ᠤᠨ ᠲᠥᠯᠥᠭᠡᠯᠡᠭᠴᠢ ᠶᠢᠨ ᠲᠤᠭ᠎ᠠ ᠨᠢ | ᠪᠦᠬᠦ ᠬᠥᠮᠦᠨ ᠤ ᠲᠤᠭ᠎ᠠ ᠶᠢᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠶᠢ ᠡᠵᠡᠯᠡᠬᠦ ᠬᠡᠷᠡᠭᠲᠡᠶ᠃ | 3 ᠠᠷᠠᠳᠴᠢᠯᠠᠯ ᠢᠶᠠᠷ ᠦᠨᠡᠯᠡᠬᠦ ᠳᠤ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ | ᠪᠠᠶᠢᠴᠠᠭᠠᠯᠲᠠ ᠶᠢᠨ ᠪᠤᠰᠤᠳᠴᠢ ᠴᠢᠨᠠᠷ᠂ ᠦᠨᠡᠨ ᠪᠣᠳᠠᠲᠤ ᠴᠢᠨᠠᠷ ᠲᠤ ᠦᠨᠡᠯᠡᠯᠲᠡ ᠬᠢᠵᠦ᠂ ᠦᠨᠡᠯᠡᠯᠲᠡ ᠬᠢᠵᠦ | ᠳᠠᠭᠤᠰᠬᠤ ᠶᠠᠪᠤᠴᠠ ᠳᠤ ᠨᠠᠷᠢᠨ ᠨᠢᠭᠲᠠ᠂ ᠪᠦᠷᠢᠨ ᠪᠦᠲᠦᠨ ᠦᠨᠡᠯᠡᠯᠲᠡ ᠶᠢᠨ ᠲᠡᠮᠳᠡᠭᠯᠡᠯ ᠬᠢᠵᠦ᠂ ᠦᠨᠡᠯᠡᠭᠰᠡᠨ | ᠦᠷ᠎ᠡ ᠳ᠋ᠦᠩ ᠢ ᠦᠨᠡᠯᠡᠯᠲᠡ ᠳᠤ ᠣᠷᠣᠯᠴᠠᠭᠰᠠᠨ ᠪᠣᠶ ᠪᠦᠬᠦᠢ ᠬᠥᠮᠦᠰ ᠭᠠᠷ ᠤᠨ ᠦᠰᠦᠭ ᠵᠢᠷᠤᠵᠤ ᠨᠤᠲᠠᠯᠠᠬᠤ | ᠬᠡᠷᠡᠭᠲᠡᠶ᠃ | ᠲᠤᠯᠤᠭ᠎ᠠ᠂ ᠬᠢᠨᠠᠨ ᠬᠠᠷᠭᠤᠭᠤᠯᠵᠤ ᠨᠤᠲᠠᠯᠠᠬᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠨᠢ ᠭᠤᠶᠤᠴᠢᠯᠠᠯ ᠤᠨ ᠮᠠᠲ᠋ᠧᠷᠢᠶᠠᠯ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠢᠨᠠᠨ | ᠬᠠᠷᠭᠤᠭᠤᠯᠤᠭᠰᠠᠨ ᠦᠷ᠎ᠡ ᠳ᠋ᠦᠩ ᠪᠠ ᠠᠩᠬ᠎ᠠ ᠬᠢᠨᠠᠭᠰᠠᠨ ᠰᠠᠨᠠᠯ ᠵᠡᠷᠭᠡ ᠮᠠᠲ᠋ᠧᠷᠢᠶᠠᠯ ᠢᠶᠠᠨ 10 ᠠᠵᠢᠯᠯᠠᠬᠤ | ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠢᠶᠠᠨ ᠳᠤᠷᠠᠳᠬᠤ ᠬᠡᠷᠡᠭᠲᠡᠶ᠃ | ᠲᠤᠰᠠᠭᠠᠷ ᠳᠡᠩᠰᠡᠯᠡᠨ ᠲᠡᠮᠳᠡᠭᠯᠡᠬᠦ ᠪᠤᠶᠤ ᠬᠢᠨᠠᠨ ᠬᠠᠷᠭᠤᠭᠤᠯᠵᠤ ᠨᠤᠲᠠᠯᠠᠬᠤ ᠱᠠᠲᠤᠨ ᠳᠤ ᠵᠠᠭᠠᠯᠳᠤᠯᠭ᠎ᠠ᠂ | ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠭᠤᠶᠤᠴᠢᠯᠠᠯ ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶᠂ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠷᠦᠬᠡ ᠳᠤ ᠬᠦᠷᠴᠦ ᠪᠠᠶᠢᠴᠠᠭᠠᠯᠲᠠ | ᠬᠢᠬᠦ ᠬᠡᠷᠡᠭᠲᠡᠶ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠬᠢᠨᠠᠨ ᠬᠠᠷᠭᠤᠭᠤᠯᠬᠤ ᠪᠠᠷ ᠳᠡᠮᠵᠢᠨ᠂ ᠨᠥᠬᠦᠴᠡᠯ ᠳᠤ ᠨᠡᠶᠢᠴᠡᠬᠦ ᠭᠤᠶᠤᠴᠢᠯᠠᠯ ᠢ ᠨᠤᠲᠠᠯᠠᠨ ᠵᠥᠪᠰᠢᠶᠡᠷᠡᠬᠦ ᠶᠢᠨ | ᠬᠠᠮᠲᠤ᠂ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠦᠨᠡᠮᠯᠡᠯ ᠪᠤᠶᠤ ᠬᠢᠨᠠᠨ ᠬᠠᠷᠭᠤᠭᠤᠯᠵᠤ ᠨᠤᠲᠠᠯᠠᠬᠤ ᠮᠡᠳᠡᠭᠳᠡᠯ ᠤᠨ ᠪᠢᠴᠢᠭ ᠣᠯᠭᠤᠬᠤ ᠶᠢᠨ ᠬᠠᠮᠲᠤ | ᠨᠤᠲᠠᠯᠠᠨ ᠵᠥᠪᠰᠢᠶᠡᠷᠡᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠮᠥᠩᠭᠦ ᠶᠢ ᠣᠯᠭᠤᠨ᠎ᠠ᠃ ᠨᠥᠬᠦᠴᠡᠯ ᠳᠤ ᠨᠡᠶᠢᠴᠡᠬᠦ ᠦᠭᠡᠶ ᠭᠤᠶᠤᠴᠢᠯᠠᠯ ᠢ ᠨᠤᠲᠠᠯᠠᠨ | ᠵᠥᠪᠰᠢᠶᠡᠷᠡᠵᠦ ᠪᠣᠯᠬᠤ ᠦᠭᠡᠶ ᠪᠥᠭᠡᠳ ᠲᠣᠭᠲᠠᠭᠠᠯ ᠭᠠᠷᠭᠠᠭᠰᠠᠨ 3 ᠠᠵᠢᠯᠯᠠᠬᠤ ᠡᠳᠦᠷ ᠤᠨ ᠳᠣᠲᠣᠷ᠎ᠠ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃ | ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ | ᠬᠠᠷᠭᠤᠭᠤᠯᠵᠤ ᠨᠤᠲᠠᠯᠠᠬᠤ ᠠᠵᠢᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ | ᠳᠣᠲᠣᠷ᠎ᠠ ᠪᠡᠶᠡᠯᠡᠭᠦᠯᠬᠦ ᠬᠡᠷᠡᠭᠲᠡᠶ︔ ᠣᠨᠴᠠᠭᠠᠢ ᠪᠠᠶᠢᠳᠠᠯ ᠳᠣᠣᠷ᠎ᠠ᠂ 45 ᠠᠵᠢᠯᠯᠠᠬᠤ ᠡᠳᠦᠷ ᠪᠣᠯᠭᠠᠨ | ᠤᠷᠲᠤᠳᠬᠠᠵᠤ ᠪᠣᠯᠣᠨ᠎ᠠ᠃ | ᠨᠠᠢᠮᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠵᠦᠢᠯ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠡᠲᠡᠭᠡᠳ ᠨᠢ ᠬᠦᠨᠳᠦ | ᠡᠪᠡᠳᠴᠢᠲᠡᠶ ᠬᠦᠨᠳᠦ ᠵᠡᠮᠳᠡᠭ ᠵᠡᠷᠭᠡ ᠵᠠᠶᠢᠯᠠᠰᠢ ᠦᠭᠡᠶ ᠵᠠᠷᠤᠯᠭ᠎ᠠ ᠶᠢ ᠬᠠᠰᠤᠭᠰᠠᠨ ᠤ ᠳᠠᠷᠠᠭ᠎ᠠ ᠬᠢᠨᠠᠨ ᠲᠣᠭᠲᠠᠭᠠᠭᠰᠠᠨ | ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢᠨ ᠶᠣᠰᠣᠭᠠᠷ ᠵᠠᠷᠴᠢᠮ ᠳᠡᠭᠡᠷ᠎ᠡ ᠪᠠᠨ ᠡᠷᠦᠬᠡ ᠪᠠᠷ | ᠪᠠᠲᠤᠯᠠᠭ᠎ᠠ ᠣᠯᠭᠤᠬᠤ᠂ ᠵᠥᠷᠢᠶᠡᠲᠦ ᠲᠤᠭ᠎ᠠ ᠪᠠᠷ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠲᠤᠬᠠᠶ ᠶᠢᠨ | ᠭᠠᠵᠠᠷ ᠤᠨ ᠪᠠᠲᠤᠯᠠᠭ᠎ᠠ ᠶᠢᠨ ᠪᠠᠷᠢᠮᠵᠢᠶ᠎ᠠ ᠪᠠᠷ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢᠨ | ᠵᠥᠷᠢᠶ᠎ᠡ ᠶᠢ ᠬᠠᠰᠤᠵᠤ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠪᠣᠯᠭᠠᠵᠤ᠂ ᠪᠠᠰᠠ ᠭᠤᠶᠤᠴᠢᠯᠠᠭᠰᠠᠨ ᠭᠡᠷ | ᠪᠦᠯᠢ ᠶᠢᠨ ᠬᠦᠴᠢᠷᠳᠡᠯ ᠤᠨ ᠬᠡᠮᠵᠢᠶ᠎ᠡ ᠪᠣᠯᠤᠨ ᠬᠥᠮᠦᠰ ᠤᠨ ᠪᠠᠶᠢᠳᠠᠯ ᠢ ᠦᠨᠳᠦᠰᠦᠯᠡᠨ ᠳᠡᠰ ᠬᠤᠪᠢᠶᠠᠬᠤ ᠠᠷᠭ᠎ᠠ | ᠮᠠᠶ᠋ᠢᠭ ᠢ ᠠᠪᠴᠤ ᠪᠣᠯᠤᠨ᠎ᠠ᠃ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ | 90% - 100% ᠳᠤ ᠬᠦᠷᠦᠭᠰᠡᠨ ᠪᠠᠶᠢᠪᠠᠯ A ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ | ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% - 90% ᠳᠤ ᠬᠦᠷᠦᠭᠰᠡᠨ | ᠪᠠᠶᠢᠪᠠᠯ B ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠠᠪᠤᠷᠠᠨ ᠲᠤᠰᠠᠯᠠᠬᠤ ᠵᠣᠭᠤᠰ ᠤᠨ | ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% ᠠᠴᠠ ᠳᠣᠷᠣᠭᠰᠢ ᠪᠠᠶᠢᠪᠠᠯ C ᠲᠥᠷᠥᠯ ᠤᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ | ᠪᠦᠯᠢ ᠶᠢᠨ ᠬᠦᠨᠳᠦ ᠡᠪᠡᠳᠴᠢᠨ᠂ ᠬᠦᠨᠳᠦ ᠵᠡᠮᠳᠡᠭ ᠳᠣᠲᠣᠷᠠᠬᠢ ︽ᠭᠠᠭᠴᠠ ᠬᠥᠮᠦᠨ ᠤ ᠪᠠᠲᠤᠯᠠᠭ᠎ᠠ︾ ᠨᠢ ᠭᠠᠭᠴᠠ | ᠬᠥᠮᠦᠨ ᠤ ᠡᠷᠦᠬᠡ ᠪᠠᠷ ᠲᠣᠭᠠᠴᠠᠭ᠎ᠠ ᠬᠢᠭᠰᠡᠨ ᠣᠷᠣᠯᠭ᠎ᠠ ᠶᠢ ᠵᠣᠬᠢᠴᠠᠩᠭᠤᠶ ᠲᠥᠷᠥᠯ ᠢᠯᠭᠠᠯ ᠳᠤ ᠣᠷᠣᠭᠤᠯᠤᠨ᠎ᠠ᠃ | ᠶᠢᠰᠦ᠂ ᠪᠡᠯᠡ ᠮᠥᠩᠭᠦ ᠣᠯᠭᠤᠬᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠠᠷᠴᠢᠮ ᠳᠡᠭᠡᠷ᠎ᠡ ᠪᠠᠨ ᠨᠡᠶᠢᠭᠡᠮᠴᠢᠯᠡᠨ | ᠣᠯᠭᠤᠬᠤ ᠶᠢ ᠬᠡᠷᠡᠭᠵᠢᠭᠦᠯᠵᠦ᠂ ᠪᠠᠩᠬᠢ᠂ ᠢᠲᠡᠭᠡᠮᠵᠢ ᠶᠢᠨ ᠬᠤᠷᠰᠢᠶ᠎ᠠ ᠵᠡᠷᠭᠡ ᠣᠷᠣᠯᠠᠨ ᠭᠦᠢᠴᠡᠳᠬᠡᠬᠦ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠨ᠂ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠳᠠᠩᠰᠠᠨ ᠳᠤ ᠥᠭᠬᠦ ᠬᠡᠷᠡᠭᠲᠡᠶ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠪᠤᠶᠤ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ ᠤᠨ ᠬᠠᠮᠢᠶ᠎ᠠ ᠪᠦᠬᠦᠢ ᠠᠵᠢᠯᠲᠠᠳ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠭᠠᠷᠭᠠᠨ ᠠᠪᠬᠤ ᠳᠤ ᠬᠡᠷᠡᠭᠯᠡᠬᠦ ᠪᠠᠩᠬᠢ ᠶᠢᠨ ᠬᠠᠳᠠᠭᠠᠯᠠᠮᠵᠢ ᠶᠢᠨ | ᠳᠡᠪᠲᠡᠷ ᠪᠤᠶᠤ ᠪᠠᠩᠬᠢ ᠶᠢᠨ ᠺᠠᠷᠲ ᠢ ᠣᠷᠣᠯᠠᠨ ᠬᠠᠳᠠᠭᠠᠯᠠᠵᠤ ᠬᠠᠮᠢᠶᠠᠷᠬᠤ ᠳᠤ ᠭᠦᠷᠪᠡᠯ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠲᠠᠢ ᠪᠢᠴᠢᠭ ᠤᠨ ᠬᠡᠯᠡᠯᠴᠡᠭᠡᠷ ᠲᠣᠭᠲᠠᠬᠤ ᠶᠢᠨ ᠬᠠᠮᠲᠤ | ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠠᠷᠪᠠ᠂ ᠬᠥᠳᠡᠯᠦᠩᠭᠦᠶ ᠬᠠᠮᠢᠶᠠᠷᠤᠯᠲᠠ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ | ᠡᠲᠡᠭᠡᠳ ᠨᠢ ᠮᠡᠳᠡᠭᠦᠯᠬᠦ ᠬᠤᠭᠤᠴᠠᠭᠠᠨ ᠳᠤ ᠭᠡᠷ ᠪᠦᠯᠢ ᠶᠢᠨ ᠬᠥᠮᠦᠨ ᠠᠮᠠ᠂ ᠣᠷᠣᠯᠭ᠎ᠠ᠂ ᠡᠳ᠋ ᠬᠥᠷᠥᠩᠭᠡ ᠶᠢᠨ | ᠬᠤᠪᠢᠷᠠᠯᠲᠠ ᠵᠢᠴᠢ ᠭᠡᠷ ᠪᠦᠯᠢ ᠶᠢᠨ ᠪᠦᠷᠢᠯᠳᠦᠬᠦᠨ ᠤ ᠠᠵᠢᠯ ᠡᠷᠬᠢᠯᠡᠬᠦ ᠬᠤᠪᠢᠷᠠᠯᠲᠠ ᠵᠡᠷᠭᠡ ᠪᠠᠶᠢᠳᠠᠯ ᠢ ᠥᠪᠡᠰᠦᠪᠡᠨ | ᠮᠡᠳᠡᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠳᠡᠬᠦ ᠡᠲᠡᠭᠡᠳ ᠤᠨ ᠳᠣᠲᠣᠷᠠᠬᠢ ᠨᠠᠰᠤᠨ ᠳᠤ ᠦᠯᠦ ᠬᠦᠷᠦᠭᠰᠡᠳ᠂ ᠬᠦᠨᠳᠦ ᠡᠪᠡᠳᠴᠢᠲᠡᠨ᠂ | ᠬᠦᠨᠳᠦ ᠵᠡᠮᠳᠡᠭᠴᠦᠳ ︵ᠣᠶᠤᠨ ᠴᠢᠳᠠᠪᠤᠷᠢ᠂ ᠣᠶᠤᠨ ᠮᠡᠳᠡᠷᠡᠯ ᠵᠡᠮᠳᠡᠭ 3 ᠳᠡᠰ ᠪᠠᠭᠲᠠᠨ᠎ᠠ︶᠂ ᠨᠠᠰᠤᠲᠠᠶᠢᠴᠤᠳ | ᠵᠡᠷᠭᠡ ᠣᠨᠴᠠᠭᠠᠢ ᠡᠲᠡᠭᠡᠳ ᠲᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠤ ᠬᠥᠮᠦᠰ ᠭᠡᠷ ᠲᠤᠨᠢ ᠬᠦᠷᠴᠦ ᠮᠡᠳᠡᠭᠡ ᠵᠠᠩᠭᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢ | ᠠᠪᠴᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠵᠦ ᠪᠣᠯᠤᠨ᠎ᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠥᠮᠦᠨ ᠠᠮᠠ᠂ | ᠣᠷᠣᠯᠭ᠎ᠠ ᠪᠣᠯᠤᠨ ᠡᠳ᠋ ᠬᠥᠷᠥᠩᠭᠡ ᠶᠢᠨ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠴᠤ 3 ᠰᠠᠷ᠎ᠠ | ᠥᠩᠭᠡᠷᠡᠲᠡᠯ᠎ᠡ ᠰᠠᠨᠠᠭᠠᠴᠢᠯᠠᠭ᠎ᠠ ᠠᠴᠠ ᠪᠠᠨ ᠮᠡᠳᠡᠭᠳᠡᠭᠰᠡᠨ ᠦᠭᠡᠶ ᠪᠣᠯ ᠲᠣᠭᠤᠷᠢᠭ ᠤᠨ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠰᠢᠭᠦᠮᠵᠢᠯᠡᠨ ᠰᠤᠷᠭᠠᠵᠤ ᠪᠣᠯᠤᠨ᠎ᠠ᠃ ᠨᠥᠬᠦᠴᠡᠯ ᠨᠢ ᠨᠡᠶᠢᠴᠡᠬᠦ ᠦᠭᠡᠶ ᠶᠢ ᠨᠢ ᠣᠯᠵᠤ ᠮᠡᠳᠡᠪᠡᠯ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠪᠠᠨ ᠵᠣᠭᠰᠣᠭᠠᠬᠤ ᠪᠠᠷ ᠲᠣᠭᠲᠠᠭᠠᠬᠤ | ᠬᠡᠷᠡᠭᠲᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠬᠤᠳᠠᠯ ᠢᠶᠠᠷ ᠮᠡᠳᠡᠭᠦᠯᠬᠦ᠂ ᠨᠢᠭᠤᠬᠤ᠂ | ᠬᠠᠭᠤᠷᠮᠠᠭ ᠢᠶᠠᠷ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠮᠡᠬᠡᠯᠡᠨ ᠠᠪᠤᠭᠰᠠᠨ ᠪᠣᠯ ᠪᠠᠲᠤᠯᠠᠭ᠎ᠠ ᠶᠢᠨ ᠬᠡᠪᠴᠢᠶᠡᠨ ᠠᠴᠠ | ᠴᠠᠭ ᠲᠤᠬᠠᠶ ᠳᠤᠨᠢ ᠭᠠᠷᠭᠠᠵᠤ᠂ ᠬᠠᠤᠯᠢ ᠪᠤᠰᠤ ᠪᠠᠷ ᠣᠯᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠥᠩᠭᠦ ᠶᠢ ᠵᠠᠷᠯᠢᠭᠳᠠᠨ ᠪᠤᠴᠠᠭᠠᠬᠤ ᠶᠢᠨ ᠬᠠᠮᠲᠤ ᠬᠠᠤᠯᠢ ᠶᠣᠰᠣᠭᠠᠷ ᠬᠠᠤᠯᠢ ᠴᠠᠭᠠᠵᠠ ᠶᠢᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ᠄ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠪᠠᠶᠢᠴᠠᠭᠠᠬᠤ ᠶᠢᠨ ᠬᠠᠮᠲᠤ᠂ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠣᠯᠭᠤᠬᠤ ᠶᠢ ᠵᠣᠭᠰᠣᠭᠠᠬᠤ | ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠨ᠎ᠡ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠲᠠᠷᠬᠠᠭᠠᠬᠤ ᠶᠢ ᠵᠣᠭᠰᠣᠭᠠᠬᠤ ᠲᠣᠭᠲᠠᠭᠠᠯ ᠭᠠᠷᠭᠠᠵᠤ᠂ ᠬᠠᠤᠯᠢ ᠪᠠᠷ | ᠲᠣᠭᠲᠠᠭᠠᠭᠰᠠᠨ ᠤᠴᠢᠷ ᠰᠢᠯᠲᠠᠭᠠᠨ ᠪᠣᠯᠤᠨ ᠲᠣᠭᠲᠠᠭᠠᠭᠰᠠᠨ ᠳᠡᠰ ᠳᠠᠷᠠᠭᠠᠯᠠᠯ ᠳᠤ ᠨᠡᠶᠢᠴᠡᠭᠦᠯᠬᠦ ᠬᠡᠷᠡᠭᠲᠡᠶ︔ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠠᠰᠤᠬᠤ ᠪᠠ ᠣᠯᠭᠤᠬᠤ ᠪᠠᠨ ᠵᠣᠭᠰᠣᠭᠠᠬᠤ ᠪᠠᠷ | ᠲᠣᠭᠲᠠᠭᠰᠠᠨ ᠪᠣᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠳᠤ | ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠣᠬᠤᠷ ᠬᠤᠭᠤᠴᠠᠭᠠᠨ ᠤ ᠳᠣᠲᠣᠷᠠᠬᠢ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠨᠢ ᠶᠡᠭᠡ ᠪᠤᠰᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠵᠢᠯ ᠪᠦᠷᠢ ᠨᠢᠭᠡ ᠤᠳᠠᠭ᠎ᠠ ᠬᠢᠨᠠᠨ ᠪᠠᠶᠢᠴᠠᠭᠠᠨ᠎ᠠ | ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠬᠦᠨ ᠤ ᠬᠥᠳᠡᠯᠮᠦᠷᠢᠯᠡᠬᠦ | ᠴᠢᠳᠠᠪᠤᠷᠢ ᠲᠠᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ ᠪᠣᠯ ᠬᠠᠭᠠᠰ ᠵᠢᠯ ᠳᠤ ᠨᠢᠭᠡ | ᠤᠳᠠᠭ᠎ᠠ ᠬᠢᠨᠠᠨ ᠪᠠᠶᠢᠴᠠᠭᠠᠬᠤ ᠬᠡᠷᠡᠭᠲᠡᠶ᠃ ᠬᠢᠨᠠᠨ ᠪᠠᠶᠢᠴᠠᠭᠠᠬᠤ ᠬᠤᠭᠤᠴᠠᠭᠠᠨ ᠳᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠢᠯᠡᠷᠬᠡᠶ ᠬᠤᠪᠢᠷᠠᠯᠲᠠ | ᠦᠭᠡᠶ ᠪᠣᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠲᠤᠭ᠎ᠠ ᠶᠢ ᠳᠠᠬᠢᠵᠤ ᠲᠣᠬᠢᠷᠠᠭᠤᠯᠬᠤ | ᠦᠭᠡᠶ᠃ | ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ ᠥᠶ᠎ᠡ ᠳᠤ᠂ ᠡᠮᠦᠨᠡᠬᠢ ᠵᠤᠷᠪᠤᠰ ᠲᠤ ᠲᠣᠭᠲᠠᠭᠠᠭᠰᠠᠨ ᠬᠢᠨᠠᠨ | ᠪᠠᠶᠢᠴᠠᠭᠠᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠤᠨ᠎ᠠ᠃ | ᠲᠣᠬᠢᠷᠠᠭᠤᠯᠬᠤ ᠲᠣᠭᠲᠠᠴᠠ᠄ ᠬᠥᠳᠡᠯᠦᠩᠭᠦᠶ ᠬᠠᠮᠢᠶᠠᠷᠤᠯᠲᠠ ᠶᠢᠨ ᠬᠤᠭᠤᠴᠠᠭᠠᠨ ᠳᠤ ᠠᠵᠢᠯᠲᠠᠨ ᠤ ᠪᠠᠶᠢᠳᠠᠯ᠂ | ᠭᠡᠷ ᠪᠦᠯᠢ ᠶᠢᠨ ᠣᠷᠣᠯᠭ᠎ᠠ᠂ ᠭᠡᠷ ᠪᠦᠯᠢ ᠶᠢᠨ ᠡᠳ᠋ ᠬᠥᠷᠥᠩᠭᠡ ᠵᠡᠷᠭᠡ ᠳᠤ ᠬᠤᠪᠢᠷᠠᠯᠲᠠ ᠭᠠᠷᠣᠭᠰᠠᠨ ︵ᠵᠢᠱᠢᠶᠡᠯᠡᠪᠡᠯ | ᠭᠡᠷ ᠪᠦᠯᠢ ᠶᠢᠨ ᠪᠦᠷᠢᠯᠳᠦᠬᠦᠨ ᠨᠢ ᠦᠬᠦᠭᠰᠡᠨ᠂ ᠣᠷᠣᠯᠭ᠎ᠠ ᠨᠢ ᠪᠠᠷᠢᠮᠵᠢᠶ᠎ᠠ ᠠᠴᠠ ᠬᠡᠲᠦᠷᠡᠭᠰᠡᠨ᠂ ᠡᠳ᠋ ᠬᠥᠷᠥᠩᠭᠡ | ᠨᠡᠮᠡᠭᠳᠡᠭᠰᠡᠨ ᠵᠡᠷᠭᠡ ᠰᠢᠯᠲᠠᠭᠠᠨ ᠠᠴᠠ ᠪᠣᠯᠤᠭᠰᠠᠨ︶᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠮᠥᠩᠭᠦ ᠶᠢ ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠲᠠᠷᠬᠠᠭᠠᠬᠤ ᠶᠢ ᠵᠣᠭᠰᠣᠭᠠᠬᠤ ᠲᠣᠭᠲᠠᠭᠠᠯ ᠭᠠᠷᠭᠠᠬᠤ ᠳᠤ | ᠂ ᠬᠠᠤᠯᠢ ᠪᠠᠷ ᠲᠣᠭᠲᠠᠭᠠᠭᠰᠠᠨ ᠤᠴᠢᠷ ᠰᠢᠯᠲᠠᠭᠠᠨ ᠪᠠ ᠲᠣᠭᠲᠠᠭᠠᠭᠰᠠᠨ ᠵᠢᠷᠤᠮ ᠳᠤ ᠨᠡᠶᠢᠴᠡᠭᠦᠯᠬᠦ ᠬᠡᠷᠡᠭᠲᠡᠶ︔ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠠᠰᠤᠵᠤ ᠲᠠᠷᠬᠠᠭᠠᠬᠤ᠂ ᠣᠯᠭᠤᠬᠤ ᠶᠢ | ᠵᠣᠭᠰᠣᠭᠠᠬᠤ ᠪᠠᠷ ᠲᠣᠭᠲᠠᠭᠠᠭᠰᠠᠨ ᠪᠠᠶᠢᠪᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ | ᠪᠦᠷᠢᠯᠳᠦᠬᠦᠨ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠠᠷᠪᠠᠨ ᠨᠢᠭᠡ᠂ ᠬᠠᠪᠰᠤᠷᠤᠨ ᠲᠡᠳᠬᠦᠬᠦ ᠠᠴᠠ ᠠᠭᠠᠵᠢᠮ ᠢᠶᠠᠷ ᠭᠠᠷᠬᠤ | ᠠᠵᠢᠯ ᠣᠯᠬᠤ ᠴᠢᠳᠠᠪᠤᠷᠢ ᠶᠢ ᠪᠦᠷᠢᠯᠳᠦᠭᠦᠯᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠢᠳᠡᠪᠬᠢᠲᠡᠶ ᠪᠠᠷ ᠠᠵᠢᠯ ᠣᠯᠬᠤ ᠶᠢ ᠵᠣᠷᠢᠭᠵᠢᠭᠤᠯᠬᠤ ᠬᠡᠷᠡᠭᠲᠡᠶ᠃ ᠠᠵᠢᠯ | ᠣᠯᠤᠭᠰᠠᠨ ᠤ ᠳᠠᠷᠠᠭ᠎ᠠ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ | ᠵᠣᠬᠢᠬᠤ ᠴᠠᠭ ᠬᠤᠭᠤᠴᠠᠭᠠᠨ ᠤ ᠠᠭᠠᠵᠢᠮ ᠢᠶᠠᠷ ᠭᠠᠷᠬᠤ ᠬᠤᠭᠤᠴᠠᠭ᠎ᠠ ᠣᠯᠭᠤᠵᠤ ᠪᠣᠯᠤᠨ᠎ᠠ᠃ | ︵ᠨᠢᠭᠡ︶ ᠠᠭᠠᠵᠢᠮ ᠢᠶᠠᠷ ᠭᠠᠷᠬᠤ ᠠᠵᠢᠯ | 1 ᠳ᠋ᠥᠢᠰᠢᠶᠠᠩ ᠤᠨ ᠬᠡᠪᠴᠢᠶ᠎ᠡ ᠪᠠ ᠬᠤᠭᠤᠴᠠᠭ᠎ᠠ | ︵1︶ ᠭᠡᠷ ᠪᠦᠯᠢ ᠶᠢᠨ ᠪᠦᠷᠢᠯᠳᠦᠬᠦᠨ ᠨᠡᠷ ᠠᠮᠢᠳᠤᠯᠢᠭ ᠢᠶᠠᠷ ᠠᠵᠢᠯ ᠣᠯᠬᠤ᠂ ᠭᠠᠳᠠᠭᠰᠢ ᠭᠠᠷᠴᠤ ᠬᠦᠴᠦ | ᠶᠠᠪᠤᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ | ᠣᠯᠬᠤ ᠶᠢ ᠪᠡᠶᠡᠯᠡᠭᠦᠯᠦᠭᠰᠡᠨ ᠪᠥᠭᠡᠳ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ | ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ 6 ᠰᠠᠷ᠎ᠠ ᠶᠢᠨ ᠠᠭᠠᠵᠢᠮ ᠢᠶᠠᠷ ᠭᠠᠷᠬᠤ ᠬᠤᠭᠤᠴᠠᠭ᠎ᠠ | ᠣᠯᠭᠤᠬᠤ ᠬᠡᠷᠡᠭᠲᠡᠶ︔ | ︵2︶ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠷ᠎ᠠ ᠠᠵᠤ ᠦᠢᠯᠡᠰ ᠢᠶᠠᠷ ᠬᠠᠪᠰᠤᠷᠤᠨ | ᠲᠡᠳᠬᠦᠬᠦ᠂ ᠬᠤᠪᠢ ᠣᠷᠣᠭᠤᠯᠤᠭᠰᠠᠨ ᠬᠦᠦ ᠮᠥᠩᠭᠦ ᠠᠴᠠ ᠠᠰᠢᠭ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠭᠰᠡᠨ ᠪᠥᠭᠡᠳ ᠭᠡᠷ ᠪᠦᠯᠢ ᠶᠢᠨ ᠬᠥᠮᠦᠨ ᠳᠤᠮᠳᠠᠴᠢ ᠶᠢᠨ | ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ | ᠬᠡᠲᠦᠷᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ 6 - 12 ᠰᠠᠷ᠎ᠠ ᠠᠭᠠᠵᠢᠮ ᠢᠶᠠᠷ | ᠭᠠᠷᠬᠤ ᠬᠤᠭᠤᠴᠠᠭ᠎ᠠ ᠣᠯᠭᠤᠨ᠎ᠠ︔ | ︵3︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠨᠢ ᠨᠠᠰᠤ ᠨᠥᠭᠴᠢᠭᠰᠡᠨ ᠤ ᠳᠠᠷᠠᠭ᠎ᠠ᠂ ᠲᠡᠭᠦᠨ ᠤ ᠨᠠᠰᠤ ᠨᠥᠭᠴᠢᠭᠰᠡᠨ ᠡᠳᠦᠷ ᠠᠴᠠ ᠡᠬᠢᠯᠡᠨ 3 | ᠰᠠᠷ᠎ᠠ ᠶᠢᠨ ᠳᠣᠲᠣᠷ᠎ᠠ ᠭᠡᠷ ᠪᠦᠯᠢ ᠶᠢᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠣᠯᠭᠤᠬᠤ ᠶᠢ ᠵᠣᠭᠰᠣᠭᠠᠬᠤ ᠵᠡᠷᠭᠡ | ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠶ︔ | ︵4︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠥᠬᠡᠶ ᠲᠥᠷᠥ ᠶᠢᠨ ᠪᠣᠳᠣᠯᠭ᠎ᠠ᠃ | 2 ᠠᠵᠢᠯ ᠤᠨ ᠳᠡᠰ ᠳᠠᠷᠠᠭᠠᠯᠠᠯ ᠪᠣᠯᠤᠨ ᠱᠠᠭᠠᠷᠳᠠᠯᠭ᠎ᠠ | ︵1︶ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠵᠦ ᠪᠠᠶᠢᠭ᠎ᠠ ᠡᠲᠡᠭᠡᠳ ᠤᠨ ᠭᠡᠷ ᠪᠦᠯᠢ ᠶᠢᠨ | ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ | ︵2︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠨᠢ ᠠᠭᠠᠵᠢᠮ ᠢᠶᠠᠷ ᠭᠠᠷᠬᠤ | ᠨᠥᠬᠦᠴᠡᠯ ᠳᠤ ᠨᠡᠶᠢᠴᠡᠬᠦ ᠭᠡᠷ ᠪᠦᠯᠢ ᠳᠤ ᠪᠣᠯ ᠠᠭᠠᠵᠢᠮ ᠢᠶᠠᠷ ᠭᠠᠷᠬᠤ ᠳᠡᠰ ᠳᠠᠷᠠᠭᠠᠯᠠᠯ ᠢᠶᠠᠨ ᠴᠠᠭ ᠲᠤᠬᠠᠶ ᠳᠤᠨᠢ | ᠡᠬᠢᠯᠡᠭᠦᠯᠬᠦ ᠶᠢᠨ ᠬᠠᠮᠲᠤ ᠠᠭᠠᠵᠢᠮ ᠢᠶᠠᠷ ᠤᠬᠤᠷᠢᠬᠤ ᠮᠡᠳᠡᠭᠳᠡᠯ ᠤᠨ ᠪᠢᠴᠢᠭ ᠣᠯᠭᠤᠬᠤ ᠬᠡᠷᠡᠭᠲᠡᠶ᠃ | ︵3︶ ᠠᠭᠠᠵᠢᠮ ᠢᠶᠠᠷ ᠤᠬᠤᠷᠢᠨ ᠭᠠᠷᠬᠤ ᠮᠡᠳᠡᠭᠳᠡᠯ ᠤᠨ ᠪᠢᠴᠢᠭ ᠲᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠬᠦ ᠡᠲᠡᠭᠡᠳ ᠤᠨ ᠮᠡᠳᠡᠭᠡ ᠵᠠᠩᠭᠢ᠂ ᠠᠭᠠᠵᠢᠮ ᠢᠶᠠᠷ ᠤᠬᠤᠷᠢᠨ ᠭᠠᠷᠬᠤ ᠡᠳᠦᠷ ᠬᠤᠭᠤᠴᠠᠭ᠎ᠠ ᠪᠠ | ᠬᠤᠭᠤᠴᠠᠭ᠎ᠠ ᠬᠢᠵᠠᠭᠠᠷ᠂ ᠠᠭᠠᠵᠢᠮ ᠢᠶᠠᠷ ᠤᠬᠤᠷᠢᠨ ᠭᠠᠷᠬᠤ ᠬᠤᠭᠤᠴᠠᠭᠠᠨ ᠳᠠᠬᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠪᠠᠷᠢᠮᠵᠢᠶ᠎ᠠ ᠵᠡᠷᠭᠡ ᠬᠦᠴᠦᠨ ᠵᠦᠢᠯ ᠢ ᠪᠠᠭᠲᠠᠭᠠᠨ᠎ᠠ᠃ ᠠᠭᠠᠵᠢᠮ ᠢᠶᠠᠷ | ᠤᠬᠤᠷᠢᠨ ᠭᠠᠷᠬᠤ ᠬᠤᠭᠤᠴᠠᠭ᠎ᠠ ᠶᠢ ᠭᠡᠷ ᠪᠦᠯᠢ ᠶᠢᠨ ᠬᠦᠮᠦᠨ ᠳᠤᠮᠳᠠᠴᠢ ᠶᠢᠨ ᠣᠷᠣᠯᠭ᠎ᠠ ᠶᠢᠨ ᠪᠠᠷᠢᠮᠵᠢᠶᠠᠨ ᠠᠴᠠ | ᠬᠡᠲᠦᠷᠡᠭᠰᠡᠨ ᠢ ᠬᠢᠨᠠᠨ ᠲᠣᠭᠲᠠᠭᠠᠭᠰᠠᠨ ᠳᠠᠷᠠᠭ᠎ᠠ ᠰᠠᠷ᠎ᠠ ᠠᠴᠠ ᠡᠬᠢᠯᠡᠵᠦ ᠪᠣᠳᠣᠨ᠎ᠠ᠃ | 3 ᠠᠭᠠᠵᠢᠮ ᠢᠶᠠᠷ ᠭᠠᠷᠬᠤ ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠬᠠᠮᠢᠶᠠᠷᠤᠯᠲᠠ | ᠠᠭᠠᠵᠢᠮ ᠢᠶᠠᠷ ᠭᠠᠷᠬᠤ ᠬᠤᠭᠤᠴᠠᠭ᠎ᠠ ᠳᠦᠭᠦᠷᠬᠦ ᠠᠴᠠ ᠡᠮᠦᠨ᠎ᠡ 1 ᠰᠠᠷ᠎ᠠ ᠳᠤ᠂ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠭᠠᠵᠢᠮ ᠢᠶᠠᠷ ᠭᠠᠷᠬᠤ | ᠡᠲᠡᠭᠡᠳ ᠤᠨ ᠭᠡᠷ ᠪᠦᠯᠢ ᠶᠢᠨ ᠣᠷᠣᠯᠭ᠎ᠠ ᠪᠣᠯᠤᠨ ᠡᠳ᠋ ᠬᠥᠷᠥᠩᠭᠡ ᠶᠢ ᠳᠠᠬᠢᠨ ᠬᠢᠨᠠᠨ ᠪᠠᠶᠢᠴᠠᠭᠠᠬᠤ ᠬᠡᠷᠡᠭᠲᠡᠶ᠃ | ︵1︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠬᠡᠲᠦᠷᠡᠭᠰᠡᠨ ᠪᠠᠶᠢᠪᠠᠯ᠂ ᠪᠠᠲᠤᠯᠠᠭ᠎ᠠ ᠶᠢᠨ ᠣᠯᠭᠤᠮᠵᠢ ᠶᠢ ᠨᠢ | ᠦᠭᠡᠶᠢᠰᠬᠡᠵᠦ᠂ ᠠᠭᠠᠵᠢᠮ ᠢᠶᠠᠷ ᠭᠠᠷᠬᠤ ᠬᠤᠭᠤᠴᠠᠭ᠎ᠠ ᠨᠢ ᠳᠦᠭᠦᠷᠦᠭᠡᠳ ᠳᠠᠷᠠᠭ᠎ᠠ ᠰᠠᠷ᠎ᠠ ᠠᠴᠠ ᠨᠢ ᠡᠬᠢᠯᠡᠵᠦ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠵᠣᠭᠰᠣᠭᠠᠬᠤ ᠶᠢᠨ ᠬᠠᠮᠲᠤ | ᠠᠭᠠᠵᠢᠮ ᠢᠶᠠᠷ ᠭᠠᠷᠬᠤ ᠬᠤᠭᠤᠴᠠᠭ᠎ᠠ ᠨᠢ ᠳᠦᠭᠦᠷᠬᠦ ᠮᠡᠳᠡᠭᠳᠡᠯ ᠤᠨ ᠪᠢᠴᠢᠭ ᠣᠯᠭᠤᠨ᠎ᠠ᠃ | ︵2︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠬᠡᠲᠦᠷᠡᠭᠦᠯᠵᠦ ᠪᠣᠯᠬᠤ ᠦᠭᠡᠶ ᠪᠠᠶᠢᠪᠠᠯ᠂ ᠣᠷᠣᠯᠭ᠎ᠠ ᠪᠠᠭᠠᠲᠠᠶ | ᠬᠥᠮᠦᠨ ᠠᠮᠠ ᠶᠢᠨ ᠬᠥᠳᠡᠯᠦᠩᠭᠦᠶ ᠬᠢᠨᠠᠨ ᠬᠡᠮᠵᠢᠬᠦ ᠳᠤ ᠣᠷᠣᠭᠤᠯᠤᠨ᠎ᠠ᠃ ᠭᠡᠷ ᠪᠦᠯᠢ ᠶᠢᠨ ᠪᠦᠷᠢᠯᠳᠦᠬᠦᠨ ᠨᠢ ᠬᠦᠨᠳᠦ | ᠡᠪᠡᠳᠴᠢᠨ ᠲᠠᠢ᠂ ᠬᠦᠨᠳᠦ ᠵᠡᠮᠳᠡᠭ ᠵᠡᠷᠭᠡ ᠣᠨᠴᠠᠭᠠᠢ ᠬᠦᠴᠢᠷᠳᠡᠯ ᠲᠠᠢ ᠪᠠᠶᠢᠳᠠᠯ ᠲᠠᠢ᠂ ᠭᠠᠭᠴᠠ ᠬᠥᠮᠥᠨ ᠤ | ᠪᠠᠲᠤᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠬᠠᠢ ᠶᠢᠨ ᠬᠥᠮᠥᠨ ᠤ ᠭᠤᠶᠤᠴᠢᠯᠠᠯ ᠢᠶᠠᠷ ᠯᠠᠪᠯᠠᠯᠲᠠ ᠪᠣᠯᠭᠠᠨ | ᠭᠠᠭᠴᠠ ᠬᠥᠮᠥᠨ ᠤ ᠡᠷᠦᠬᠡ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠰᠢᠭᠤᠳ | ᠣᠷᠣᠭᠤᠯᠵᠤ ᠪᠣᠯᠣᠨ᠎ᠠ᠂ ᠪᠤᠰᠤᠳ ᠭᠡᠷ ᠪᠦᠯᠢ ᠶᠢᠨ ᠪᠦᠷᠢᠯᠳᠦᠬᠦᠨ ᠨᠢ ᠪᠠᠲᠤᠯᠠᠭ᠎ᠠ ᠶᠢᠨ ᠬᠠᠷᠠᠭᠠᠯᠵᠠᠯ ᠢ ᠬᠦᠴᠦᠨ | ᠦᠭᠡᠢ ᠪᠣᠯᠭᠠᠵᠤ᠂ ᠠᠭᠠᠵᠢᠮ ᠢᠶᠠᠷ ᠠᠵᠢᠯ ᠤᠨ ᠬᠤᠭᠤᠴᠠᠭ᠎ᠠ ᠨᠢ ᠳᠦᠭᠦᠷᠦᠭᠡᠳ ᠳᠠᠷᠠᠭ᠎ᠠ ᠰᠠᠷ᠎ᠠ ᠠᠴᠠ ᠡᠬᠢᠯᠡᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠵᠣᠭᠰᠣᠭᠠᠬᠤ ᠶᠢᠨ ᠬᠠᠮᠲᠤ | ᠠᠭᠠᠵᠢᠮ ᠢᠶᠠᠷ ᠠᠵᠢᠯ ᠤᠨ ᠬᠤᠭᠤᠴᠠᠭ᠎ᠠ ᠨᠢ ᠳᠦᠭᠦᠷᠴᠦ ᠮᠡᠳᠡᠭᠳᠡᠬᠦ ᠪᠢᠴᠢᠭ ᠣᠯᠭᠤᠨ᠎ᠠ᠃ | ︵3︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠨᠥᠬᠦᠴᠡᠯ ᠳᠤ ᠳᠠᠬᠢᠵᠤ ᠨᠡᠶᠢᠴᠡᠬᠦ ᠶᠢ ᠨᠢ ᠬᠡᠪ ᠤᠨ ᠪᠠᠲᠤᠯᠠᠭ᠎ᠠ ᠪᠣᠯᠭᠠᠨ ᠬᠤᠪᠢᠷᠠᠭᠤᠯᠬᠤ ᠶᠢᠨ | ᠬᠠᠮᠲᠤ ᠠᠭᠠᠵᠢᠮ ᠢᠶᠠᠷ ᠭᠠᠷᠬᠤ ᠬᠤᠭᠤᠴᠠᠭ᠎ᠠ ᠨᠢ ᠳᠦᠭᠦᠷᠦᠭᠰᠡᠨ ᠮᠡᠳᠡᠭᠳᠡᠯ ᠤᠨ ᠪᠢᠴᠢᠭ ᠣᠯᠭᠤᠬᠤ ᠬᠡᠷᠡᠭᠲᠡᠶ᠃ | ︵ᠬᠤᠶᠠᠷ︶ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠠᠬᠢ ᠠᠵᠢᠯ ᠣᠯᠬᠤ ᠴᠢᠳᠠᠪᠤᠷᠢ ᠲᠠᠢ | ᠪᠣᠯᠪᠠᠴᠤ ᠠᠵᠢᠯ ᠣᠯᠤᠭᠠᠳᠤᠶ ᠪᠦᠷᠢᠯᠳᠦᠬᠦᠨ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠠᠵᠢᠯ ᠢ ᠬᠦᠯᠢᠶᠡᠬᠦ ᠬᠡᠷᠡᠭᠲᠡᠶ | ᠵᠦᠢ ᠶᠣᠰᠣᠨ ᠤ ᠤᠴᠢᠷ ᠰᠢᠯᠲᠠᠭᠠᠨ ᠦᠭᠡᠶ ᠪᠣᠯ ᠲᠠᠨᠢᠯᠴᠠᠭᠤᠯᠬᠤ ᠶᠢ ᠬᠦᠯᠢᠶᠡᠨ ᠠᠪᠤᠭᠰᠠᠨ ᠦᠭᠡᠶ ᠲᠡᠭᠦᠨ ᠤ | ᠡᠷᠡᠭᠦᠯ ᠴᠢᠭᠢᠷᠠᠭ ᠤᠨ ᠪᠠᠶᠢᠳᠠᠯ᠂ ᠬᠥᠳᠡᠯᠮᠦᠷᠢᠯᠡᠬᠦ ᠴᠢᠳᠠᠪᠤᠷᠢ ᠵᠡᠷᠭᠡ ᠯᠦᠭᠡ ᠲᠣᠬᠢᠷᠠᠯᠴᠠᠭᠰᠠᠨ ᠠᠵᠢᠯ ᠢ ᠵᠠᠯᠭᠠᠭᠠᠪᠠᠷ | 3 ᠤᠳᠠᠭ᠎ᠠ ᠲᠡᠪᠴᠢᠭᠰᠡᠨ ᠪᠣᠯ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶᠂ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠤᠰ ᠬᠥᠮᠦᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠢ ᠬᠠᠰᠤᠬᠤ ᠪᠤᠶᠤ ᠣᠯᠭᠤᠬᠤ ᠪᠠᠨ | ᠵᠣᠭᠰᠣᠭᠠᠬᠤ ᠪᠠᠷ ᠲᠣᠭᠲᠠᠭᠠᠬᠤ ᠬᠡᠷᠡᠭᠲᠡᠶ᠃ | ᠠᠷᠪᠠᠨ ᠬᠤᠶᠠᠷ᠂ ᠰᠤᠳᠤᠯᠤᠨ ᠮᠠᠭᠠᠳᠯᠠᠬᠤ ᠲᠣᠭᠲᠠᠴᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ ᠦᠷ᠎ᠡ ᠠᠰᠢᠭ ᠢ | ᠨᠡᠮᠡᠭᠳᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠬᠤ ᠶᠢᠨ ᠲᠤᠰᠠᠳᠠ᠂ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠦᠨᠡᠨᠬᠦ ᠪᠠᠲᠤ ᠰᠠᠬᠢᠵᠤ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠤᠨ᠂ ︽ᠬᠥᠳᠡᠯᠮᠦᠷᠢ ᠬᠦᠴᠦᠨ ᠤ | ᠢᠯᠡᠳᠬᠡᠮᠵᠢ︾ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠭᠤᠶᠤᠴᠢᠯᠠᠭᠰᠠᠨ ᠭᠡᠷ ᠪᠦᠯᠢ ᠶᠢᠨ ᠣᠷᠣᠯᠭ᠎ᠠ ᠳᠤ | ᠲᠣᠭᠠᠴᠠᠭ᠎ᠠ ᠬᠢᠵᠦ᠂ ᠦᠨᠡᠨᠬᠦ ᠠᠵᠢᠯ ᠣᠯᠬᠤ ᠳᠤ ᠪᠡᠷᠬᠡᠲᠡᠶ ᠪᠤᠶᠤ ᠨᠡᠯᠢᠶᠡᠳ ᠤᠷᠲᠤ ᠬᠤᠭᠤᠴᠠᠭ᠎ᠠ ᠪᠠᠷ ᠣᠷᠣᠯᠭ᠎ᠠ | ᠣᠯᠵᠤ ᠳᠡᠶᠢᠯᠬᠦ ᠦᠭᠡᠶ ᠵᠡᠷᠭᠡ ᠭᠡᠷ ᠪᠦᠯᠢ ᠶᠢᠨ ᠪᠣᠳᠠᠲᠠᠶ ᠬᠦᠴᠢᠷᠳᠡᠯ ᠤᠨ ᠪᠠᠶᠢᠳᠠᠯ ᠳᠤ ᠶᠡᠷᠦᠩᠬᠡᠶᠢᠯᠡᠨ ᠰᠤᠳᠤᠯᠤᠨ | ᠮᠠᠭᠠᠳᠯᠠᠬᠤ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠬᠤ ᠡᠰᠡᠬᠦ ᠶᠢ ᠲᠣᠭᠲᠠᠭᠠᠨ᠎ᠠ᠃ | ︵ᠨᠢᠭᠡ︶ ᠰᠤᠳᠤᠯᠤᠨ ᠮᠠᠭᠠᠳᠯᠠᠭᠰᠠᠨ ᠪᠠᠶᠢᠳᠠᠯ | 1 ᠬᠦᠨᠳᠦ ᠵᠡᠮᠳᠡᠭᠴᠦᠳ᠂ ᠬᠦᠨᠳᠦ ᠡᠪᠡᠳᠴᠢᠲᠡᠨ᠂ ᠴᠢᠳᠠᠪᠤᠷᠢ ᠪᠠᠨ ᠠᠯᠳᠠᠵᠤ ᠤᠶᠤᠨ ᠤᠬᠠᠭᠠᠨ ᠢᠶᠠᠨ | ᠠᠯᠳᠠᠭᠰᠠᠨ ᠨᠠᠰᠤᠲᠠᠶᠢᠴᠤᠳ ᠪᠠ 0 - 3 ᠨᠠᠰᠤᠲᠠᠢ ︵ᠪᠠᠭᠲᠠᠨ᠎ᠠ︶ ᠨᠢᠷᠠᠢ ᠨᠢᠯᠬ᠎ᠠ ᠬᠡᠦᠬᠡᠳ ᠢ ᠠᠰᠠᠷᠠᠬᠤ ᠠᠴᠠ | ᠪᠣᠯᠵᠤ᠂ ᠬᠥᠳᠡᠯᠮᠦᠷᠢᠯᠡᠬᠦ ᠴᠢᠳᠠᠪᠤᠷᠢ ᠲᠠᠢ ᠪᠣᠯᠪᠠᠴᠤ ᠪᠣᠳᠠᠲᠠᠢ ᠠᠵᠢᠯ ᠬᠢᠬᠦ ᠶᠢᠨ ᠠᠷᠭ᠎ᠠ ᠦᠭᠡᠢ᠃ | 2 ᠤᠳᠠᠭᠠᠨ ᠴᠢᠨᠠᠷᠲᠠᠢ ᠡᠪᠡᠳᠴᠢᠨ᠂ ᠬᠦᠨᠳᠦ ᠡᠪᠡᠳᠴᠢᠨ ᠢ ᠮᠠᠭᠠᠳᠯᠠᠨ ᠲᠣᠭᠲᠠᠭᠠᠬᠤ ᠬᠡᠪᠴᠢᠶᠡᠨ ᠳᠣᠲᠣᠷᠠᠬᠢ | ᠡᠪᠡᠳᠴᠢᠨ ᠡᠮᠭᠡᠭ ᠲᠤ ᠨᠡᠷᠪᠡᠭᠳᠡᠨ᠎ᠡ᠂ ᠭᠡᠪᠡᠴᠦ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠪᠤᠶᠤ ᠬᠡᠰᠡᠭ | ᠲᠠᠯ᠎ᠠ ᠪᠠᠷ ᠠᠯᠳᠠᠵᠤ᠂ ᠦᠨᠡᠬᠡᠷ ᠠᠵᠢᠯ ᠣᠯᠬᠤ ᠳᠤ ᠬᠦᠴᠢᠷᠲᠡᠢ᠃ | 3 ᠵᠡᠮᠳᠡᠭ ᠬᠦᠮᠦᠨ ᠤ ᠦᠨᠡᠮᠯᠡᠯ᠂ ᠬᠦᠨᠳᠦ ᠶᠡᠭᠡ ᠡᠪᠡᠳᠴᠢᠨ ᠤ ᠭᠡᠷᠡᠴᠢ᠂ ᠡᠮᠴᠢᠯᠡᠭᠡᠨ ᠤ ᠵᠠᠷᠤᠳᠠᠯ ᠵᠡᠷᠭᠡ | ᠬᠦᠴᠦᠨ ᠪᠦᠬᠦᠢ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ ᠪᠣᠯᠪᠠᠴᠤ ᠪᠣᠳᠠᠲᠠᠢ ᠠᠮᠢᠳᠤᠷᠠᠯ ᠨᠢ ᠬᠦᠴᠢᠷᠲᠡᠢ ᠪᠤᠶᠤ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠃ | 4 ᠣᠷᠣᠨ ᠨᠤᠲᠤᠭ ᠤᠨ ᠮᠠᠭᠠᠳᠯᠠᠨ ᠲᠣᠭᠲᠠᠭᠠᠬᠤ ᠠᠷᠭ᠎ᠠ ᠳᠠᠬᠢ ᠨᠡᠮᠡᠯᠲᠡ ᠴᠢᠨᠠᠷᠲᠠᠢ ᠨᠥᠬᠦᠴᠡᠯ᠂ ᠣᠨᠴᠠᠭᠠᠢ | ᠠᠵᠢᠯ ᠮᠡᠷᠭᠡᠵᠢᠯ᠂ ᠣᠨᠴᠠᠭᠠᠢ ᠪᠡᠶ᠎ᠡ ᠶᠢᠨ ᠭᠠᠷᠤᠯ ᠵᠡᠷᠭᠡ ᠪᠠᠶᠢᠳᠠᠯ ᠢ ᠪᠣᠳᠠᠲᠠᠢ ᠣᠷᠣᠯᠭ᠎ᠠ ᠪᠠ ᠡᠳ᠋ ᠬᠥᠷᠥᠩᠭᠡ ᠶᠢᠨ | ᠪᠠᠶᠢᠳᠠᠯ ᠢ ᠦᠨᠳᠦᠰᠦᠯᠡᠨ ᠮᠠᠭᠠᠳᠯᠠᠨ ᠲᠣᠭᠲᠠᠭᠠᠨ᠎ᠠ᠃ | 5 ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠶᠡᠷᠦᠩᠬᠡᠶᠢᠯᠡᠨ ᠰᠤᠳᠤᠯᠤᠨ | ᠮᠠᠭᠠᠳᠯᠠᠬᠤ ᠪᠠᠷ ᠳᠠᠮᠵᠢᠨ ᠮᠠᠭᠠᠳᠯᠠᠨ ᠲᠣᠭᠲᠠᠭᠠᠬᠤ ᠪᠤᠰᠤᠳ ᠪᠠᠶᠢᠳᠠᠯ᠃ | ︵ᠬᠤᠶᠠᠷ︶ ᠰᠤᠳᠤᠯᠤᠨ ᠮᠠᠭᠠᠳᠯᠠᠬᠤ ᠵᠤᠬᠢᠶᠠᠨ ᠪᠠᠶᠢᠭᠤᠯᠤᠯᠳᠠ | ᠰᠤᠳᠤᠯᠤᠨ ᠮᠠᠭᠠᠳᠯᠠᠬᠤ ᠠᠵᠢᠯ ᠨᠢ ᠬᠢᠨᠠᠨ ᠬᠠᠷᠭᠤᠭᠤᠯᠵᠤ ᠨᠤᠲᠠᠯᠠᠭᠤᠯᠬᠤ ᠪᠠᠷ ᠳᠠᠮᠵᠢᠭᠤᠯᠤᠨ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ | ᠲᠣᠭᠲᠠᠴᠠ ᠶᠢ ᠲᠤᠰᠬᠠᠶ ᠰᠡᠳᠦᠪ ᠢᠶᠠᠷ ᠰᠤᠳᠤᠯᠵᠤ᠂ ᠪᠠᠰᠠ ᠲᠤᠰᠬᠠᠶ ᠰᠤᠳᠤᠯᠤᠨ ᠮᠠᠭᠠᠳᠯᠠᠬᠤ ᠵᠣᠬᠢᠶᠠᠨ | ᠪᠠᠶᠢᠭᠤᠯᠤᠯᠲᠠ ᠶᠢ ᠪᠠᠶᠢᠭᠤᠯᠵᠤ ᠰᠤᠳᠤᠯᠤᠨ ᠮᠠᠭᠠᠳᠯᠠᠵᠤ ᠪᠣᠯᠤᠨ᠎ᠠ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠤ ᠰᠤᠳᠤᠯᠤᠨ ᠮᠠᠭᠠᠳᠯᠠᠵᠤ ᠮᠠᠭᠠᠳᠯᠠᠨ ᠲᠣᠭᠲᠠᠭᠠᠬᠤ ᠳᠤᠭᠤᠶᠢᠯᠠᠩ ᠤᠨ ᠳᠠᠷᠤᠭ᠎ᠠ ᠶᠢ ᠬᠤᠪᠢᠳᠠᠨ ᠬᠠᠮᠢᠶᠠᠷᠴᠤ | ᠪᠠᠶᠢᠭ᠎ᠠ ᠰᠢᠶᠠᠩ ᠪᠠᠯᠭᠠᠰᠤᠨ ᠤ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠶᠠᠪᠤᠳᠠᠯ ᠤᠨ ᠠᠯᠪᠠᠨ ᠭᠡᠷ᠂ ᠲᠣᠰᠬᠤᠨ ᠳᠤ ᠰᠠᠭᠤᠭ᠎ᠠ ᠶᠠᠳᠠᠭᠤ ᠶᠢ | ᠲᠡᠳᠬᠦᠬᠦ ᠲᠤᠰᠬᠠᠶ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠷᠬᠢᠯᠡᠭᠴᠢ ᠵᠢᠴᠢ ᠠᠷᠠᠳ ᠤᠨ | ᠶᠠᠪᠤᠳᠠᠯ ᠤᠨ ᠲᠤᠰᠠᠯᠠᠭᠴᠢ ᠡᠭᠦᠷᠭᠡᠯᠡᠵᠦ᠂ ᠪᠦᠷᠢᠯᠳᠦᠬᠦᠨ ᠨᠢ ᠡᠷᠬᠡᠪᠰᠢ 5 ᠬᠥᠮᠦᠨ ᠠᠴᠠ ᠳᠡᠭᠡᠭᠰᠢ ᠪᠠᠶᠢᠬᠤ ᠬᠡᠷᠡᠭᠲᠡᠶ | ︔ ᠲᠣᠭᠤᠷᠢᠭ ᠤᠨ ᠱᠠᠲᠤᠨ ᠤ ᠰᠤᠳᠤᠯᠤᠨ ᠮᠠᠭᠠᠳᠯᠠᠵᠤ ᠮᠠᠭᠠᠳᠯᠠᠨ ᠲᠣᠭᠲᠠᠭᠠᠬᠤ ᠳᠤᠭᠤᠶᠢᠯᠠᠩ ᠤᠨ ᠳᠠᠷᠤᠭ᠎ᠠ ᠶᠢ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠨᠢ ᠠᠷᠠᠳ ᠤᠨ | ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠥᠮᠦᠰ ᠡᠭᠦᠷᠭᠡᠯᠡᠨ᠎ᠡ᠃ | ᠰᠤᠳᠤᠯᠤᠨ ᠮᠠᠭᠠᠳᠯᠠᠵᠤ ᠮᠠᠭᠠᠳᠯᠠᠨ ᠲᠣᠭᠲᠠᠭᠠᠬᠤ ᠳᠤ ᠬᠤᠷᠠᠯ ᠤᠨ ᠲᠡᠮᠳᠡᠭᠯᠡᠯ ᠪᠣᠯᠭᠠᠵᠤ᠂ ᠪᠤᠰᠤᠳ | ᠭᠤᠶᠤᠴᠢᠯᠠᠬᠤ ᠮᠠᠲ᠋ᠧᠷᠢᠶᠠᠯ ᠲᠠᠢ ᠬᠠᠮᠲᠤ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ | ᠠᠷᠪᠠᠨ ᠭᠤᠷᠪᠠ᠂ ᠳᠠᠩᠰᠠ ᠡᠪᠬᠡᠮᠡᠯ ᠤᠨ ᠬᠠᠮᠢᠶᠠᠷᠤᠯᠲᠠ | ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠲᠥᠷᠥᠯ ᠬᠤᠪᠢᠶᠠᠬᠤ | ᠪᠠ ᠳᠠᠩᠰᠠ ᠡᠪᠬᠡᠮᠡᠯ ᠳᠤ ᠣᠷᠣᠭᠤᠯᠬᠤ ᠮᠠᠲ᠋ᠧᠷᠢᠶᠠᠯ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠵᠠᠷᠴᠢᠮ ᠳᠡᠭᠡᠷ᠎ᠡ ᠪᠠᠨ ᠬᠢᠨᠠᠨ | ᠵᠥᠪᠰᠢᠶᠡᠷᠡᠬᠦ ᠲᠥᠷᠥᠯ ᠪᠣᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠭᠡᠵᠦ ᠬᠤᠪᠢᠶᠠᠨ᠎ᠠ᠃ | 1 ᠬᠢᠨᠠᠨ ᠵᠥᠪᠰᠢᠶᠡᠷᠡᠬᠦ ᠲᠥᠷᠥᠯ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠵᠥᠪᠰᠢᠶᠡᠷᠡᠬᠦ | ᠬᠦᠰᠦᠨᠦᠭᠲᠦ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠳᠤ ᠨᠠᠶᠢᠳᠠᠵᠤ ᠡᠷᠬᠡ ᠣᠯᠭᠤᠬᠤ | ᠪᠢᠴᠢᠭ᠂ ᠦᠨᠡᠨ ᠪᠣᠳᠠᠲᠠᠶ ᠪᠠᠷ ᠮᠡᠳᠡᠭᠦᠯᠬᠦ ᠠᠮᠠᠯᠠᠯᠲᠠ ᠶᠢᠨ ᠪᠢᠴᠢᠭ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠬᠠᠷᠭᠤᠭᠤᠯᠬᠤ ᠮᠡᠳᠡᠭᠦᠯᠦᠯᠲᠡ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠦᠰᠦᠨᠦᠭᠲᠦ᠂ ᠬᠢᠨᠠᠬᠤ ᠪᠠ ᠬᠢᠨᠠᠨ | ᠬᠠᠷᠭᠤᠭᠤᠯᠵᠤ ᠨᠤᠲᠠᠯᠠᠬᠤ ᠶᠢᠨ ᠢᠯᠡ ᠨᠡᠶᠢᠲᠡᠯᠡᠬᠦ ᠬᠠᠭᠤᠳᠠᠰᠤ ᠵᠡᠷᠭᠡ ᠵᠠᠰᠠᠭ ᠵᠠᠬᠢᠷᠭᠠᠨ ᠤ ᠪᠢᠴᠢᠭ ᠬᠠᠷ᠎ᠠ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠭᠤᠶᠤᠴᠢᠯᠠᠯ ᠤᠨ ᠪᠢᠴᠢᠭ᠂ ᠰᠠᠭᠤᠭᠠᠯᠢ | ᠠᠷᠠᠳ ᠤᠨ ᠡᠷᠦᠬᠡ ᠠᠮᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠵᠡᠮᠳᠡᠭ ᠤᠨ ᠦᠨᠡᠮᠯᠡᠯ ᠤᠨ | ᠪᠠᠭᠤᠯᠭᠠᠪᠤᠷᠢ ᠵᠡᠷᠭᠡ ᠰᠠᠭᠤᠷᠢ ᠴᠢᠨᠠᠷᠲᠠᠶ ᠮᠠᠲ᠋ᠧᠷᠢᠶᠠᠯ᠃ | 2 ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠲᠥᠷᠥᠯ ᠬᠤᠪᠢᠶᠠᠭᠰᠠᠨ ᠲᠤᠭ᠎ᠠ | ᠪᠦᠷᠢᠳᠬᠡᠯ ᠤᠨ ᠬᠦᠰᠦᠨᠦᠭᠲᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠲᠤᠭ᠎ᠠ | ᠪᠦᠷᠢᠳᠬᠡᠯ ᠤᠨ ᠬᠦᠰᠦᠨᠦᠭᠲᠦ ᠵᠡᠷᠭᠡ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠤᠰ ᠨᠢᠭᠡᠴᠢ ᠶᠢᠨ ᠢᠶᠠᠨ ᠪᠢᠴᠢᠭ | ᠬᠠᠷ᠎ᠠ ᠶᠢᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢᠨ ᠲᠥᠰᠦᠪ ᠪᠠ ᠲᠥᠰᠦᠪ ᠤᠨ | ᠭᠦᠢᠴᠡᠳᠬᠡᠯ᠂ ᠰᠠᠯᠭᠠᠨ ᠥᠭᠭᠦᠭᠰᠡᠨ ᠭᠡᠷᠡᠴᠢ ᠪᠠᠷᠢᠮᠲᠠ᠂ ᠣᠯᠭᠤᠬᠤ ᠨᠡᠷᠡᠰ ᠵᠡᠷᠭᠡ ᠮᠠᠲ᠋ᠧᠷᠢᠶᠠᠯ ᠢ ᠲᠤᠰ | ᠨᠢᠭᠡᠴᠡ ᠶᠢᠨ ᠢᠶᠠᠨ ᠨᠢᠭᠲᠠᠯᠠᠨ ᠪᠣᠳᠣᠯᠲᠠ ᠶᠢᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ᠂ ᠲᠤᠭ᠎ᠠ ᠪᠦᠷᠢᠳᠬᠡᠯ ᠤᠨ | ᠰᠢᠰᠲ᠋ᠧᠮ ᠠᠴᠠ ᠪᠤᠶ ᠪᠣᠯᠤᠭᠰᠠᠨ ᠡᠯᠧᠺᠳ᠋ᠷᠣᠨ ᠲᠤᠭ᠎ᠠ ᠪᠠᠷᠢᠮᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠳᠠᠩᠰᠠ ᠡᠪᠬᠡᠮᠡᠯ ᠳᠤ ᠣᠷᠣᠭᠤᠯᠵᠤ᠂ ᠤᠩᠰᠢᠵᠤ ᠪᠣᠯᠬᠤ ᠪᠥᠭᠡᠳ ᠬᠡᠷᠡᠭᠯᠡᠵᠦ ᠪᠣᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠬᠤᠶᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠡᠮᠬᠢᠯᠡᠬᠦ ᠪᠠ | ᠬᠠᠳᠠᠭᠠᠯᠠᠬᠤ ᠬᠤᠭᠤᠴᠠᠭ᠎ᠠ ᠬᠢᠵᠠᠭᠠᠷ | ᠬᠢᠨᠠᠨ ᠵᠥᠪᠰᠢᠶᠡᠷᠡᠬᠦ ᠲᠥᠷᠥᠯ ᠤᠨ ᠲᠠᠩᠰᠠ ᠡᠪᠬᠡᠮᠡᠯ ᠢ ᠡᠷᠦᠬᠡ ᠪᠠᠷ ᠨᠢᠭᠡᠴᠢ ᠪᠣᠯᠭᠠᠨ ᠡᠮᠬᠢᠯᠡᠵᠦ᠂ ᠡᠳᠦᠷ | ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ ᠲᠠᠩᠰᠠ ᠡᠪᠬᠡᠮᠡᠯ ᠢ ᠪᠢᠴᠢᠭ ᠬᠠᠷ᠎ᠠ ᠶᠢᠨ ᠲᠠᠩᠰᠠ ᠡᠪᠬᠡᠮᠡᠯ ᠢ | ᠡᠮᠬᠢᠯᠡᠬᠦ ᠠᠷᠭ᠎ᠠ ᠪᠠᠷ ᠡᠮᠬᠢᠯᠡᠬᠦ ᠬᠡᠷᠡᠭᠲᠡᠶ᠃ | ᠬᠢᠨᠠᠨ ᠵᠥᠪᠰᠢᠶᠡᠷᠡᠬᠦ ᠲᠥᠷᠥᠯ ᠤᠨ ᠲᠠᠩᠰᠠ ᠡᠪᠬᠡᠮᠡᠯ ᠤᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠨᠢ | ᠲᠣᠰ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠪᠠᠲᠤᠯᠠᠭ᠎ᠠ ᠶᠢ ᠵᠣᠭᠰᠣᠭᠠᠭᠰᠠᠨ ᠤ | ᠳᠠᠷᠠᠭ᠎ᠠ 3 ᠵᠢᠯ ᠠᠴᠠ ᠳᠤᠲᠠᠭᠤ ᠪᠠᠶᠢᠵᠤ ᠪᠣᠯᠬᠤ ᠥᠬᠡᠶ᠃ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ | ᠳᠠᠩᠰᠠ ᠡᠪᠬᠡᠮᠡᠯ ᠤᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠨᠢ 5 ᠵᠢᠯ ᠠᠴᠠ ᠳᠤᠲᠠᠭᠤ ᠪᠠᠶᠢᠵᠤ ᠪᠣᠯᠬᠤ ᠦᠭᠡᠶ᠃ | ︵ᠭᠤᠷᠪᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠪᠠ | ᠠᠰᠢᠭᠯᠠᠯᠲᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠵᠠᠷᠴᠢᠮ ᠳᠡᠭᠡᠷ᠎ᠡ ᠪᠠᠨ ᠬᠢᠨᠠᠭᠠᠳ | ᠨᠤᠲᠠᠯᠠᠭᠰᠠᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠠᠴᠠ ᠬᠠᠳᠠᠭᠠᠯᠠᠨ ᠬᠠᠮᠢᠶᠠᠷᠴᠤ᠂ ᠬᠠᠳᠠᠭᠠᠯᠠᠨ ᠬᠠᠮᠢᠶᠠᠷᠬᠤ ᠨᠢᠭᠡᠴᠢ ᠨᠢ ᠴᠢᠬᠤᠯᠠ ᠪᠦᠬᠦᠢ ᠬᠠᠳᠠᠭᠠᠯᠠᠨ | ᠬᠠᠮᠢᠶᠠᠷᠬᠤ ᠲᠥᠬᠦᠭᠡᠷᠦᠮᠵᠢ ᠪᠠ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠲᠣᠬᠢᠷᠠᠭᠤᠯᠵᠤ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠠᠶᠤᠯ ᠦᠭᠡᠶ ᠶᠢ ᠪᠠᠲᠤᠯᠠᠬᠤ ᠬᠡᠷᠡᠭᠲᠡᠶ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠭᠤᠤᠯᠳᠠᠭᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠡᠷᠡᠭᠯᠡᠭᠦᠯᠦᠨ᠎ᠡ᠃ ᠳᠡᠭᠡᠳᠥ ᠱᠠᠲᠤᠨ ᠤ | ᠨᠢᠭᠡᠴᠢ᠂ ᠬᠢᠨᠠᠨ ᠪᠠᠶᠢᠴᠠᠭᠠᠬᠤ ᠪᠠᠶᠢᠭᠤᠯᠭ᠎ᠠ᠂ ᠬᠢᠨᠠᠨ ᠪᠣᠳᠣᠬᠤ ᠪᠠᠶᠢᠭᠤᠯᠭ᠎ᠠ᠂ ᠰᠢᠭᠦᠬᠦ ᠬᠤᠷᠢᠶ᠎ᠠ ᠪᠠ ᠪᠠᠶᠢᠴᠠᠭᠠᠬᠤ | ᠬᠤᠷᠢᠶ᠎ᠠ ᠠᠵᠢᠯ ᠪᠤᠶᠤ ᠬᠡᠷᠡᠭ ᠰᠢᠢᠳᠪᠥᠷᠢᠯᠡᠬᠦ ᠬᠡᠷᠡᠭᠴᠡᠭᠡ ᠠᠴᠠ ᠪᠣᠯᠵᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠵᠦ ᠪᠣᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠬᠦ ᠡᠲᠡᠭᠡᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ | ᠪᠠᠶᠢᠴᠠᠭᠠᠨ ᠦᠵᠡᠬᠦ ᠬᠡᠪᠴᠢᠶ᠎ᠡ ᠶᠢ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠭᠲᠠᠭᠠᠨ᠎ᠠ | ᠃ ᠠᠰᠢᠭᠯᠠᠭᠰᠠᠳ ᠳᠠᠩᠰᠠ ᠡᠪᠬᠡᠮᠡᠯ ᠢ ᠭᠡᠭᠡᠭᠰᠡᠨ᠂ ᠤᠰᠠᠳᠬᠠᠭᠰᠠᠨ᠂ ᠪᠠᠯᠠᠯᠤᠨ ᠥᠭᠡᠷᠡᠴᠢᠯᠡᠵᠦ ᠪᠣᠯᠬᠤ ᠦᠭᠡᠢ᠃ | ᠠᠷᠪᠠᠨ ᠳᠥᠷᠪᠡ᠂ ᠬᠢᠨᠠᠯᠲᠠ ᠲᠠᠯᠪᠢᠵᠤ ᠬᠠᠮᠢᠶᠠᠷᠬᠤ | ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠳᠤᠳᠤᠷᠬᠠᠶᠢᠯᠠᠬᠤ | 1 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠠᠷᠭᠤᠭᠤᠯᠵᠤ ᠨᠤᠲᠠᠯᠠᠬᠤ ᠠᠵᠢᠯ ᠢ ᠬᠠᠷᠢᠭᠤᠴᠠᠵᠤ᠂ | ᠲᠤᠰ ᠬᠠᠷᠢᠶ᠎ᠠ ᠣᠷᠣᠨ ᠤ ᠪᠠᠨ ᠳᠣᠲᠣᠷᠠᠬᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ | ᠬᠠᠷᠭᠤᠭᠤᠯᠵᠤ ᠨᠤᠲᠠᠯᠠᠬᠤ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠪᠣᠯᠣᠨ ᠬᠠᠮᠢᠶ᠎ᠠ ᠪᠦᠬᠦᠢ ᠦᠢᠯᠡᠴᠢᠯᠡᠭᠡ ᠶᠢ | ᠴᠢᠩᠭᠠᠳᠬᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠢᠯᠡ᠂ ᠡᠷᠬᠡ ᠲᠡᠭᠰᠢ᠂ ᠲᠥᠪ | ᠭᠤᠣᠯᠴᠢ ᠪᠠᠶᠢᠬᠤ ᠶᠢ ᠠᠬᠢᠭᠤᠯᠤᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠪᠣᠯᠪᠠᠰᠤᠷᠠᠭᠤᠯᠤᠯ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠬᠢᠨᠠᠨ | ᠬᠠᠷᠭᠤᠭᠤᠯᠵᠤ ᠨᠤᠲᠠᠯᠠᠭᠰᠠᠨ ᠵᠦᠢᠯᠡᠰ ᠢ 30% ᠶᠢᠨ ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ ᠪᠠᠷ | ᠰᠤᠭᠤᠴᠢᠨ ᠪᠠᠶᠢᠴᠠᠭᠠᠨ᠎ᠠ᠃ | 2 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ᠂ ᠠᠩᠬ᠎ᠠ | ᠬᠢᠨᠠᠬᠤ ᠠᠵᠢᠯ ᠢ ᠬᠠᠷᠢᠭᠤᠴᠠᠵᠤ᠂ ᠭᠤᠶᠤᠴᠢᠯᠠᠭᠰᠠᠨ ᠭᠡᠷ ᠪᠦᠯᠢ ᠳᠤ ᠡᠷᠦᠬᠡ ᠳᠤ ᠬᠦᠷᠴᠦ 100% ᠪᠠᠷ | ᠪᠠᠶᠢᠴᠠᠭᠠᠨ ᠬᠠᠷᠭᠤᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ᠂ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ | ᠬᠢᠨᠠᠬᠤ᠂ ᠨᠢᠭᠡ ᠯᠡ ᠤᠳᠠᠭ᠎ᠠ ᠳᠤ ᠮᠡᠳᠡᠭᠳᠡᠬᠦ ᠵᠡᠷᠭᠡ ᠵᠢᠷᠤᠮᠵᠢᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | 3 ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ | ᠬᠡᠷᠡᠭᠲᠡᠶ᠃ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ | ᠣᠷᠣᠯᠠᠨ ᠭᠦᠶ᠋ᠴᠡᠳᠬᠡᠬᠦ ︵ᠬᠠᠪᠰᠤᠷᠤᠨ ᠭᠦᠶ᠋ᠴᠡᠳᠬᠡᠬᠦ︶ ᠲᠦᠷᠢᠮ ᠢ ᠪᠠᠶᠢᠭᠤᠯᠵᠤ᠂ ᠭᠤᠶᠤᠴᠢᠯᠠᠭᠴᠢ ᠶᠢᠨ ᠪᠡᠶ᠎ᠡ | ᠮᠠᠬᠠᠪᠣᠳ᠂ ᠨᠠᠰᠤ ᠵᠢᠯ ᠵᠡᠷᠭᠡ ᠣᠨᠴᠠᠭᠠᠶ ᠰᠢᠯᠲᠠᠭᠠᠨ ᠠᠴᠠ ᠪᠣᠯᠵᠣ ᠬᠤᠪᠢ ᠬᠥᠮᠦᠨ ᠭᠤᠶᠤᠴᠢᠯᠠᠬᠤ ᠳᠤ ᠬᠦᠴᠢᠷᠲᠡᠶ | ᠪᠠᠶᠢᠪᠠᠯ᠂ ᠲᠣᠰᠬᠤᠨ ︵ᠨᠡᠶᠢᠭᠡᠮ ᠲᠣᠭᠤᠷᠢᠭ︶ ᠤ ᠲᠤᠰᠠᠯᠠᠭᠴᠢ ᠠᠴᠠ ᠣᠷᠣᠯᠠᠨ ᠭᠦᠶ᠋ᠴᠡᠳᠬᠡᠬᠦ᠂ ᠬᠠᠪᠰᠤᠷᠤᠨ | ᠭᠦᠶ᠋ᠴᠡᠳᠬᠡᠬᠦ ᠶᠢ ᠬᠡᠷᠡᠭᠵᠢᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠣᠯᠵᠤ ᠮᠡᠳᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯ᠂ ᠲᠣᠰᠬᠤᠨ ᠳᠤ ᠰᠠᠭᠤᠵᠤ | ᠲᠣᠰᠬᠤᠨ ᠢ ᠳᠠᠭᠠᠭᠠᠴᠢᠯᠠᠭᠰᠠᠨ ᠺᠠᠳ᠋ᠷ᠂ ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠲᠣᠰᠬᠤᠨ | ︵ᠰᠠᠭᠤᠭᠠᠯᠢ ᠠᠷᠠᠳ︶ ᠤ ᠠᠷᠠᠳ ᠵᠡᠷᠭᠡ ᠶᠢᠨ ᠠᠷᠠᠳ ᠤᠨ ᠪᠠᠶᠢᠳᠠᠯ ᠢ ᠣᠶᠢᠯᠠᠭᠠᠬᠤ ᠣᠨᠴᠠᠯᠢᠭ ᠢ ᠭᠦᠢᠴᠡᠳ | ᠪᠠᠳᠠᠷᠠᠭᠤᠯᠤᠨ᠂ ᠠᠮᠢᠳᠤᠷᠠᠯ ᠤᠨ ᠬᠦᠴᠢᠷᠳᠡᠯ ᠳᠤ ᠲᠤᠯᠭᠠᠷᠠᠭᠰᠠᠨ ᠬᠦᠴᠢᠷᠳᠡᠯᠲᠡᠶ ᠣᠯᠠᠨ ᠲᠦᠮᠡᠨ ᠢ ᠡᠷᠲᠡ | ᠢᠯᠡᠷᠡᠭᠦᠯᠵᠦ᠂ ᠡᠷᠲᠡ ᠬᠠᠮᠢᠶᠠᠷᠴᠤ᠂ ᠡᠷᠲᠡ ᠠᠪᠤᠷᠠᠨ ᠲᠤᠰᠠᠯᠠᠬᠤ ᠶᠢ ᠪᠡᠶᠡᠯᠡᠭᠦᠯᠬᠦ ᠬᠡᠷᠡᠭᠲᠡᠶ᠃ | ︵ᠬᠤᠶᠠᠷ︶ ᠠᠪᠤᠷᠠᠨ ᠲᠤᠰᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ | ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠠᠪᠤᠷᠠᠨ ᠲᠤᠰᠠᠯᠠᠬᠤ | ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠥᠬᠦ ᠲᠠᠯ᠎ᠠ ᠪᠠᠷ ᠢᠯᠡ ᠪᠣᠯᠭᠠᠬᠤ ᠶᠢᠨ ᠬᠠᠮᠲᠤ᠂ ᠨᠡᠶᠢᠭᠡᠮ ᠤᠨ ᠠᠪᠤᠷᠠᠨ | ᠲᠤᠰᠠᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠯᠠᠮᠰᠢᠯ ᠤᠲᠠᠰᠤ ᠲᠠᠢ ᠨᠡᠶᠢᠯᠡᠭᠦᠯᠵᠦ᠂ ᠣᠯᠠᠨ ᠲᠦᠮᠡᠨ ᠤ ᠠᠰᠠᠭᠤᠨ ᠯᠠᠪᠯᠠᠬᠤ᠂ ᠢᠯᠡᠴᠢᠯᠡᠨ ᠮᠡᠳᠡᠭᠦᠯᠬᠦ ᠪᠠ | ᠵᠠᠭᠠᠯᠳᠤᠯᠭ᠎ᠠ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠨᠡᠶᠢᠭᠡᠮ ᠪᠠ ᠣᠯᠠᠨ ᠲᠦᠮᠡᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠳᠤ ᠬᠢᠨᠠᠯᠲᠠ | ᠲᠠᠯᠪᠢᠬᠤ ᠶᠢ ᠬᠦᠯᠢᠶᠡᠬᠦ ᠬᠡᠷᠡᠭᠲᠡᠶ᠃ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠦᠨᠡᠨ | ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠢ ᠨᠢᠭᠡᠳ ᠨᠢᠭᠡ ᠪᠠᠷ ᠬᠢᠨᠠᠨ ᠪᠠᠶᠢᠴᠠᠭᠠᠬᠤ ᠶᠢᠨ ᠬᠠᠮᠲᠤ ᠢᠯᠡᠴᠢᠯᠡᠨ | ᠮᠡᠳᠡᠭᠦᠯᠦᠭᠴᠢ ᠳᠤ ᠬᠢᠨᠠᠨ ᠪᠠᠶᠢᠴᠠᠭᠠᠵᠤ ᠰᠢᠶ᠋ᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ | ᠲᠤᠰᠬᠠᠬᠤ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠪᠤᠶᠤ ᠨᠢᠭᠡᠨᠲᠡ | ᠣᠯᠤᠭᠰᠠᠨ ᠭᠡᠷ ᠪᠦᠯᠢ ᠶᠢᠨ ᠪᠦᠷᠢᠯᠳᠦᠬᠦᠨ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ | ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠶ ᠪᠣᠯ ᠬᠠᠤᠯᠢ ᠶᠣᠰᠣᠭᠠᠷ ᠵᠠᠰᠠᠭ | ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | ︵ᠭᠤᠷᠪᠠ︶ ᠪᠤᠷᠤᠭᠤ ᠶᠢ ᠠᠭᠤᠴᠢᠯᠠᠨ ᠠᠯᠳᠠᠭ᠎ᠠ ᠪᠠᠨ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠎ᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠬᠢᠵᠦ ᠪᠠᠶᠢᠭ᠎ᠠ ᠬᠥᠮᠦᠰ ᠡᠷᠬᠡ ᠲᠤᠰᠢᠶᠠᠯ ᠢᠶᠠᠨ | ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ | ᠶᠣᠰᠣ ᠶᠢ ᠵᠥᠷᠢᠴᠡᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠦᠢᠯᠡ | ᠠᠵᠢᠯᠯᠠᠭ᠎ᠠ ᠣᠷᠣᠰᠢᠵᠤ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ | ᠬᠡᠷᠡᠭᠲᠡᠶ᠃ ᠲᠥᠪ ᠭᠤᠣᠯᠴᠢ ᠶᠢ ᠪᠠᠷᠢᠮᠲᠠᠯᠠᠭᠰᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯᠪᠠᠴᠤ | ᠪᠤᠰᠤᠳᠴᠢ ᠰᠢᠯᠲᠠᠭᠠᠨ ᠠᠴᠠ ᠪᠣᠯᠵᠤ ᠠᠯᠳᠠᠭ᠎ᠠ ᠪᠤᠷᠤᠭᠤ ᠭᠠᠷᠭᠠᠭᠰᠠᠨ ᠮᠥᠷᠲᠡᠭᠡᠨ ᠴᠠᠭ ᠲᠤᠬᠠᠢ ᠳᠤ ᠨᠢ | ᠵᠠᠯᠠᠷᠠᠭᠤᠯᠵᠤ ᠳᠡᠶᠢᠯᠦᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠠᠴᠠ | ᠬᠡᠯᠲᠦᠷᠢᠭᠦᠯᠦᠨ᠎ᠡ᠃ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ᠄ | 1 ᠭᠤᠶᠤᠴᠢᠯᠠᠭᠴᠢ ᠠᠴᠠ ᠠᠮᠠᠯᠠᠯᠲᠠ ᠬᠢᠵᠦ᠂ ᠬᠡᠷ ᠪᠦᠯᠢ ᠶᠢᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ | ᠦᠶ᠎ᠡ ᠳᠤ᠂ ᠵᠣᠷᠢᠭᠤᠳᠠ ᠦᠨᠡᠨ ᠪᠠᠶᠢᠳᠠᠯ ᠢᠶᠠᠨ ᠨᠢᠭᠤᠨ ᠳᠠᠯᠳᠠᠯᠠᠵᠤ᠂ ᠠᠵᠢᠯᠲᠠᠳ ᠮᠡᠳᠡᠭᠡ ᠵᠠᠩᠭᠢ ᠶᠢ ᠬᠢᠨᠠᠨ | ᠪᠠᠶᠢᠴᠠᠭᠠᠬᠤ ᠪᠠ ᠡᠷᠦᠬᠡ ᠳᠤ ᠬᠦᠷᠴᠦ ᠪᠠᠶᠢᠴᠠᠭᠠᠬᠤ ᠲᠠᠰ ᠳᠠᠷᠠᠭᠠᠯᠠᠯ ᠢᠶᠠᠨ ᠭᠦᠢᠴᠡᠳᠬᠡᠵᠦ᠂ ᠣᠲᠣ ᠶᠢᠨ ᠠᠷᠭ᠎ᠠ | ᠪᠠᠷᠢᠯ ᠢᠶᠠᠷ ᠳᠠᠮᠵᠢᠭᠤᠯᠤᠨ ᠲᠡᠳᠡᠨ ᠤ ᠨᠢᠭᠤᠵᠤ ᠳᠠᠯᠳᠠᠯᠠᠭᠰᠠᠨ ᠦᠨᠡᠨ ᠪᠣᠳᠠᠲᠠᠶ ᠪᠠᠶᠢᠳᠠᠯ ᠢ ᠣᠯᠵᠤ ᠮᠡᠳᠡᠭᠰᠡᠨ | ᠥᠬᠡᠶ ᠪᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠣᠯᠭᠤᠭᠰᠠᠨ︔ | 2 ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠭᠰᠡᠨ ᠥᠬᠡᠶ ᠠᠴᠠ ᠪᠣᠯᠵᠣ᠂ ᠬᠠᠷᠭᠤᠭᠤᠯᠬᠤ | ᠰᠢᠰᠲ᠋ᠧᠮ ᠳᠤ ᠬᠠᠮᠢᠶ᠎ᠠ ᠪᠥᠬᠦᠶ ᠲᠤᠭ᠎ᠠ ᠪᠠᠷᠢᠮᠲᠠ ᠥᠬᠡᠶ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠩᠭᠠᠭᠰᠠᠨ | ᠲᠤᠭ᠎ᠠ ᠪᠠᠷᠢᠮᠲᠠ ᠨᠢ ᠣᠨᠣᠪᠴᠢ ᠥᠬᠡᠶ᠂ ᠪᠦᠷᠢᠨ ᠪᠤᠰᠤ ᠪᠣᠯᠤᠭᠰᠠᠨ ᠠᠴᠠ ᠪᠣᠯᠵᠣ ᠠᠷᠠᠳ ᠤᠨ ᠶᠠᠪᠤᠳᠠᠯ ᠤᠨ | ᠪᠠᠲᠤᠯᠠᠭ᠎ᠠ ᠳᠤ ᠣᠷᠣᠭᠤᠯᠪᠠᠯ ᠵᠣᠬᠢᠬᠤ ᠪᠠᠶᠢᠲᠠᠯ᠎ᠠ ᠠᠷᠠᠳ ᠤᠨ ᠶᠠᠪᠤᠳᠠᠯ ᠤᠨ ᠪᠠᠲᠤᠯᠠᠭ᠎ᠠ ᠳᠤ ᠣᠷᠣᠭᠤᠯᠤᠭᠰᠠᠨ | ᠥᠬᠡᠶ᠂ ᠠᠷᠠᠳ ᠤᠨ ᠶᠠᠪᠤᠳᠠᠯ ᠤᠨ ᠪᠠᠲᠤᠯᠠᠭ᠎ᠠ ᠳᠤ ᠣᠷᠤᠭᠤᠯᠬᠤ ᠦᠭᠡᠢ ᠪᠣᠯ ᠵᠣᠬᠢᠬᠤ ᠪᠠᠶᠢᠲᠠᠯ᠎ᠠ ᠠᠷᠠᠳ ᠤᠨ | ᠶᠠᠪᠤᠳᠠᠯ ᠤᠨ ᠪᠠᠲᠤᠯᠠᠭ᠎ᠠ ᠳᠤ ᠣᠷᠣᠭᠤᠯᠤᠭᠰᠠᠨ ᠪᠤᠶᠤ ᠪᠣᠴᠠᠭᠠᠬᠤ ᠶᠣᠰᠣᠲᠠᠶ ᠪᠠᠶᠢᠲᠠᠯ᠎ᠠ ᠪᠣᠴᠠᠭᠠᠭᠰᠠᠨ ᠦᠭᠡᠢ︔ | 3 ᠪᠠᠲᠤᠯᠠᠬᠤ ᠡᠲᠡᠭᠡᠳ ᠪᠠᠲᠤᠯᠠᠭ᠎ᠠ ᠶᠢᠨ ᠬᠤᠭᠤᠴᠠᠭᠠᠨ ᠳᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ | ᠬᠤᠪᠢᠷᠠᠯᠲᠠ ᠭᠠᠷᠴᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠡᠭᠦᠷᠭᠡ ᠪᠠᠨ ᠭᠦᠢᠴᠡᠳᠬᠡᠭᠰᠡᠨ ᠦᠭᠡᠶ᠂ | ᠬᠠᠷᠢᠨ ᠭᠠᠷᠳᠠᠨ ᠭᠦᠢᠴᠡᠳᠭᠡᠭᠴᠢ ᠠᠴᠠ ᠨᠢᠭᠡᠨᠲᠡ ᠲᠣᠭᠲᠠᠭᠠᠯ ᠶᠣᠰᠣᠭᠠᠷ ᠬᠥᠳᠡᠯᠦᠩᠭᠦᠶ ᠬᠠᠮᠢᠶᠠᠷᠤᠯᠲᠠ ᠶᠢᠨ | ᠳᠦᠷᠢᠮ ᠢ ᠬᠡᠷᠡᠭᠵᠢᠭᠦᠯᠦᠭᠰᠡᠨ ᠪᠣᠯᠪᠠᠴᠤ ᠣᠳᠣ ᠪᠠᠶᠢᠭ᠎ᠠ ᠠᠷᠭ᠎ᠠ ᠪᠠᠷᠢᠯ ᠢᠶᠠᠷ ᠳᠠᠮᠵᠢᠭᠤᠯᠤᠨ ᠴᠠᠭ ᠲᠤᠬᠠᠶ ᠳᠤᠨᠢ | ᠣᠯᠵᠤ ᠮᠡᠳᠡᠬᠦ ᠶᠢᠨ ᠠᠷᠭ᠎ᠠ ᠦᠭᠡᠶ ᠠᠴᠠ ᠪᠣᠯᠵᠤ ᠴᠠᠭ ᠲᠤᠬᠠᠶ ᠳᠤᠨᠢ ᠳᠠᠭᠠᠳᠬᠠᠯ ᠠᠴᠠ ᠭᠠᠷᠴᠤ ᠴᠢᠳᠠᠭᠰᠠᠨ ᠦᠭᠡᠶ | ︔ | 4 ᠬᠦᠴᠢᠷᠳᠡᠯᠲᠡᠶ ᠣᠯᠠᠨ ᠲᠦᠮᠡᠨ ᠨᠡᠶᠢᠭᠡᠮ ᠤᠨ ᠠᠪᠤᠷᠠᠨ ᠲᠤᠰᠠᠯᠠᠯᠲᠠ ᠶᠢ ᠰᠠᠨᠠᠭᠠᠴᠢᠯᠠᠭ᠎ᠠ ᠠᠴᠠ ᠪᠠᠨ | ᠲᠠᠶᠠᠭᠳᠠᠭᠰᠠᠨ ᠠᠴᠠ ᠪᠣᠯᠵᠣ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ | ᠪᠣᠳᠠᠲᠠᠶᠢᠵᠢᠭᠤᠯᠤᠭᠰᠠᠨ ᠥᠬᠡᠶ ᠠᠴᠠ ᠪᠣᠯᠵᠣ ᠳᠤᠲᠠᠭᠳᠠᠯ ᠲᠠᠢ ᠪᠤᠶᠤ ᠪᠤᠰᠤᠳ ᠭᠡᠨᠡᠳᠲᠡ ᠶᠢᠨ ᠪᠠᠶᠢᠳᠠᠯ ᠭᠠᠷᠤᠭᠰᠠᠨ | ︔ | 5 ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ | ᠨᠠᠰᠤ ᠨᠥᠭᠴᠢᠭᠰᠡᠨ ᠤ ᠳᠠᠷᠠᠭ᠎ᠠ᠂ ᠨᠠᠰᠤ ᠨᠥᠭᠴᠢᠭᠰᠡᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠭᠡᠷ | ᠪᠦᠯᠢ ᠶᠢᠨ ᠠᠵᠤ ᠠᠬᠤᠶ ᠶᠢ ᠬᠢᠨᠠᠨ ᠪᠠᠶᠢᠴᠠᠭᠠᠬᠤ ᠶᠢᠨ ᠬᠠᠮᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠣᠯᠭᠤᠬᠤ ᠶᠢ ᠵᠣᠭᠰᠣᠭᠠᠬᠤ ᠵᠡᠷᠭᠡ ᠬᠠᠮᠢᠶ᠎ᠠ ᠪᠦᠬᠦᠢ ᠭᠠᠷᠳᠠᠮ ᠢ | ᠭᠥᠢᠴᠡᠳᠬᠡᠭᠰᠡᠨ︔ | 6 ᠠᠷᠠᠳ ᠤᠨ ᠶᠠᠪᠤᠳᠠᠯ ᠤᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠡᠷᠡᠭ ᠢ ᠰᠢᠢᠳᠪᠦᠷᠢᠯᠡᠬᠦ | ᠶᠠᠪᠤᠴᠠ ᠳᠤ ᠤᠯᠤᠰ ᠣᠷᠣᠨ ᠪᠠ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠣᠳᠣᠯᠬᠢᠯᠠᠯ ᠠᠴᠠ ᠪᠣᠯᠵᠤ᠂ | ᠤᠴᠢᠷ ᠶᠠᠪᠤᠳᠠᠯ ᠪᠠᠴᠢᠮ ᠲᠤᠯᠭᠠᠮ᠎ᠠ᠂ ᠲᠦᠷ ᠴᠠᠭ ᠲᠠᠰᠤᠯᠤᠭᠰᠠᠨ ᠠᠴᠠ ᠪᠣᠯᠵᠤ ᠠᠯᠳᠠᠰᠢ ᠭᠠᠷᠤᠭᠰᠠᠨ ᠪᠠ ᠵᠥᠷᠢᠶ᠎ᠡ | ᠭᠠᠷᠤᠭᠰᠠᠨ︔ | 7 ᠨᠡᠶᠢᠭᠡᠮ ᠤᠨ ᠬᠦᠴᠦᠨ ᠨᠡᠶᠢᠭᠡᠮ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠠᠵᠢᠯ ᠢ ᠥᠷᠨᠢᠭᠦᠯᠬᠦ | ᠶᠠᠪᠤᠴᠠ ᠳᠤ ᠠᠯᠳᠠᠰᠢ ᠭᠠᠷᠤᠭᠰᠠᠨ ᠠᠴᠠ ᠪᠣᠯᠵᠤ ᠳᠠᠭᠠᠳᠬᠠᠯ ᠢ ᠪᠤᠷᠤᠭᠤᠳᠠᠭᠤᠯᠵᠤ᠂ ᠳᠠᠭᠠᠳᠬᠠᠯ ᠢ | ᠣᠷᠬᠢᠭᠳᠠᠭᠤᠯᠤᠭᠰᠠᠨ ᠮᠥᠷᠲᠡᠭᠡᠨ ᠬᠦᠨᠳᠦ ᠨᠣᠴᠢᠲᠠᠢ ᠨᠥᠯᠥᠭᠡ ᠭᠠᠷᠭᠠᠭᠰᠠᠨ ᠦᠭᠡᠢ ᠪᠠ ᠬᠤᠬᠢᠷᠠᠯ | ᠤᠴᠠᠷᠠᠭᠤᠯᠤᠭᠰᠠᠨ ᠦᠭᠡᠢ︔ | 8 ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠠᠷᠠᠳ ᠤᠨ ᠶᠠᠪᠤᠳᠠᠯ ᠤᠨ | ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ ᠠᠵᠢᠯ ᠤᠨ ᠲᠣᠭᠲᠠᠴᠠ ᠲᠡᠭᠦᠯᠳᠡᠷ | ᠪᠤᠰᠤ᠂ ᠠᠵᠢᠯ ᠤᠨ ᠠᠷᠭ᠎ᠠ ᠪᠠᠷᠢᠯ ᠳᠤᠲᠠᠮᠠᠭ᠂ ᠲᠤᠷᠰᠢᠯᠭ᠎ᠠ ᠪᠠᠷ ᠳᠤᠲᠠᠮᠠᠭ᠂ ᠤᠷᠢᠳᠠᠪᠠᠷ ᠬᠡᠷᠡᠭᠵᠢᠭᠦᠯᠵᠦ ᠤᠷᠢᠳᠠᠪᠠᠷ | ᠲᠤᠷᠰᠢᠭᠰᠠᠨ ᠵᠡᠷᠭᠡ ᠰᠢᠯᠲᠠᠭᠠᠨ ᠠᠴᠠ ᠪᠣᠯᠵᠤ ᠠᠯᠳᠠᠰᠢ ᠪᠠ ᠠᠯᠳᠠᠭ᠎ᠠ ᠪᠤᠷᠤᠭᠤ ᠭᠠᠷᠭᠠᠭᠰᠠᠨ ᠪᠥᠭᠡᠳ ᠬᠤᠪᠢ ᠶᠢᠨ | ᠠᠰᠢᠭ ᠬᠥᠷᠲᠡᠭᠰᠡᠨ ᠦᠭᠡᠢ︔ | 9 ᠪᠤᠰᠤᠳ ᠰᠠᠯᠠᠭ᠎ᠠ ᠮᠥᠴᠢᠷ ᠤᠨ ᠰᠢᠢᠳᠪᠦᠷᠢᠯᠡᠯᠲᠡ ᠵᠣᠬᠢᠰ ᠦᠭᠡᠢ ᠠᠴᠠ ᠪᠣᠯᠵᠤ᠂ ᠠᠷᠠᠳ ᠤᠨ | ᠶᠠᠪᠤᠳᠠᠯ ᠤᠨ ᠪᠠᠲᠤᠯᠠᠭ᠎ᠠ ᠶᠢᠨ ᠡᠲᠡᠭᠡᠳ ᠨᠢ ᠪᠤᠷᠤᠭᠤᠳᠠᠭᠰᠠᠨ︔ | 10 ᠪᠤᠰᠤᠳ ᠲᠤᠰᠢᠶᠠᠯ ᠢᠶᠠᠨ ᠭᠥᠢᠴᠡᠳᠬᠡᠨ ᠬᠠᠷᠢᠭᠤᠴᠠᠯᠭ᠎ᠠ ᠠᠴᠠ ᠬᠡᠯᠲᠥᠷᠢᠭᠦᠯᠬᠦ ᠬᠠᠷᠢᠭᠤᠴᠠᠯᠭ᠎ᠠ ᠠᠴᠠ | ᠬᠡᠯᠲᠦᠷᠢᠭᠦᠯᠬᠦ ᠪᠠᠶᠢᠳᠠᠯ᠃ | ᠬᠠᠷᠢᠭᠤᠴᠠᠯᠭ᠎ᠠ ᠠᠴᠠ ᠭᠡᠯᠳᠤᠷᠢᠬᠦᠯᠬᠦ ᠦᠬᠡᠢ ᠪᠠᠶᠢᠳᠠᠯ | 1 ᠨᠡᠶᠢᠭᠡᠮ ᠤᠨ ᠲᠡᠩᠬᠡᠷᠡᠭᠦᠯᠦᠨ ᠲᠤᠰᠠᠯᠠᠭᠤᠯᠬᠤ ᠲᠣᠭᠲᠠᠭᠠᠯ ᠤᠨ ᠲᠠᠰ ᠳᠠᠷᠠᠭᠠᠯᠠᠯ ᠤᠨ ᠶᠣᠰᠣᠭᠠᠷ | ᠲᠡᠩᠬᠡᠷᠡᠭᠦᠯᠦᠨ ᠲᠤᠰᠠᠯᠠᠭᠤᠯᠬᠤ ᠭᠤᠶᠤᠴᠢᠯᠠᠯ ᠢ ᠢᠯᠡ ᠨᠡᠶᠢᠲᠡᠯᠡᠵᠦ᠂ ᠬᠠᠷᠭᠤᠭᠤᠯᠤᠨ ᠪᠠᠶᠢᠴᠠᠭᠠᠵᠤ᠂ ᠬᠢᠨᠠᠨ | ᠬᠠᠷᠭᠤᠭᠤᠯᠵᠤ ᠨᠤᠲᠠᠯᠠᠭᠰᠠᠨ ᠥᠬᠡᠶ︔ | 2 ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠨᠢ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠦᠭᠡᠢ ᠪᠣᠯ | ᠠᠪᠤᠷᠠᠨ ᠲᠤᠰᠠᠯᠠᠬᠤ ᠶᠢ ᠵᠣᠭᠰᠣᠭᠠᠭᠰᠠᠨ ᠦᠭᠡᠢ︔ | 3 ᠨᠡᠶᠢᠭᠡᠮ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ | ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠶᠢ ᠬᠢᠨᠠᠨ ᠮᠠᠭᠠᠳᠯᠠᠭᠰᠠᠨ ᠦᠭᠡᠢ︔ | 4 ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠤ ᠭᠤᠶᠤᠴᠢᠯᠠᠯ ᠢ | ᠨᠠᠵᠠᠭᠠᠶ ᠪᠠᠷ ᠠᠷᠭᠠᠴᠠᠭᠠᠭᠰᠠᠨ᠂ ᠬᠠᠷᠢᠯᠴᠠᠨ ᠲᠦᠯᠬᠢᠯᠴᠡᠭᠰᠡᠨ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ | ᠲᠦᠮᠡᠨ ᠤ ᠬᠠᠷᠢᠴᠠᠭ᠎ᠠ ᠶᠢ ᠬᠤᠬᠢᠷᠠᠭᠤᠯᠤᠭᠰᠠᠨ︔ | 5 ︽ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ︾ ᠶᠢ ᠪᠣᠳᠠᠲᠠᠶ ᠪᠠᠷ ᠭᠦᠢᠴᠡᠳᠬᠡᠭᠰᠡᠨ ᠥᠬᠡᠶ᠂ | ᠨᠡᠶᠢᠭᠡᠮ ᠳᠤ ᠮᠠᠭᠤ ᠨᠥᠯᠥᠭᠡ ᠭᠠᠷᠭᠠᠭᠰᠠᠨ︔ | 6 ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ | ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ︔ | 7 ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠥᠷᠢᠴᠡᠭᠰᠡᠨ᠃ | ᠠᠷᠪᠠᠨ ᠲᠠᠪᠤ᠂ ᠪᠤᠰᠤᠳ ᠵᠦᠢᠯ | ᠲᠣᠰ ᠮᠠᠭᠠᠳᠯᠠᠨ ᠲᠣᠭᠲᠠᠭᠠᠭᠰᠠᠨ ᠰᠠᠨᠠᠯ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠠᠴᠠ | ᠬᠠᠷᠢᠭᠤᠴᠠᠨ ᠲᠠᠶᠢᠯᠪᠤᠷᠢᠯᠠᠵᠤ᠂ ᠡᠭᠦᠨ ᠠᠴᠠ ᠡᠮᠦᠨ᠎ᠡ ᠲᠣᠭᠲᠠᠭᠠᠯ ᠳᠣᠲᠣᠷ᠎ᠠ ᠲᠣᠰ ᠰᠠᠨᠠᠯ ᠲᠠᠢ ᠨᠢᠭᠡᠳᠦᠯ ᠦᠭᠡᠢ | ᠪᠠᠶᠢᠪᠠᠯ᠂ ᠲᠣᠰ ᠰᠠᠨᠠᠯ ᠢᠶᠠᠷ ᠪᠠᠷᠢᠮᠵᠢᠶ᠎ᠠ ᠪᠣᠯᠭᠠᠨ᠎ᠠ᠃ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠦᠨᠡᠯᠡᠨ ᠲᠣᠭᠲᠠᠭᠠᠬᠤ ᠠᠵᠢᠯ ᠤᠨ ᠲᠥᠰᠥᠯ ᠢ ᠳᠠᠷᠤᠮᠠᠯᠯᠠᠨ | ᠶᠠᠪᠤᠭᠤᠯᠬᠤ ᠲᠤᠬᠠᠢ ᠮᠡᠳᠡᠭᠳᠡᠯ︾ ︵ᠶᠤᠸᠠᠨ ᠪᠣᠥ ᠱᠠᠨ ᠵᠠᠰᠠᠭ ᠠᠯᠪᠠᠨ ᠦᠰᠦᠭ ︹2016︺ 82 ᠳ᠋ᠤᠭᠠᠷ | ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | |