ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/3/27
ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ    ᠶᠤᠸᠠᠨ ᠪᠦᠦ ᠱᠠᠨ ᠵᠠᠰᠠᠭ ᠠᠯᠪᠠᠨ ᠥᠰᠥᠭ ﹇2024 ﹈ 6 ᠳ᠋ᠤᠭᠠᠷ ᠲᠣᠭᠠᠲᠤ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄    ︽ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠮᠠᠭᠠᠳᠯᠠᠨ ᠲᠣᠭᠲᠠᠭᠠᠬᠤ ᠰᠠᠨᠠᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                 2024 ᠣᠨ ᠤ 3 ᠰᠠᠷ᠎ᠠ ᠶᠢᠨ 15᠎ ᠤ ᠡᠳᠦᠷ        ᠶᠤᠸᠠᠨ ᠪᠦᠦ ᠱᠠᠨ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ        ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠢᠯᠡ ᠪᠥᠭᠡᠳ ᠡᠷᠬᠡ ᠲᠡᠭᠰᠢ ᠲᠥᠪ ᠭᠤᠣᠯᠴᠢ ᠪᠠᠷ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ 649 ᠳ᠋ᠣᠭᠡᠷ ᠲᠣᠭᠠᠲᠤ ᠵᠠᠷᠯᠢᠭ︶᠂ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ ︵ᠠᠷᠠᠳ ᠤᠨ ᠶᠠᠪᠤᠳᠠᠯ ᠤᠨ ᠶᠠᠮᠤᠨ ᠤ ᠲᠠᠷᠬᠠᠭᠠᠭᠰᠠᠨ ﹇2021 ﹈ 57 ᠳ᠋ᠤᠭᠠᠷ ᠲᠣᠭᠠᠲᠤ︶ ᠪᠠ ᠠᠷᠠᠳ ᠤᠨ ᠶᠠᠪᠤᠳᠠᠯ ᠤᠨ ᠶᠠᠮᠤᠨ᠂ ᠲᠥᠪ ᠤᠨ ᠲᠠᠷᠢᠶᠠᠯᠠᠩ ᠤᠨ ᠠᠯᠪᠠᠨ ᠬᠡᠷ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠠᠷᠠᠳ ᠤᠨ ᠶᠠᠪᠤᠳᠠᠯ ᠤᠨ ᠶᠠᠮᠤᠨ ᠤ ᠲᠠᠷᠬᠠᠭᠠᠭᠰᠠᠨ ﹇2022 ﹈ 83 ᠳ᠋ᠤᠭᠠᠷ ᠲᠣᠭᠠᠲᠤ︶ ᠪᠠ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︿ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠰᠠᠨᠠᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2023﹈ 45 ᠳ᠋ᠤᠭᠠᠷ ᠲᠣᠭᠠᠲᠤ︶᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠰᠠᠨᠠᠯ ᠢ ᠳᠤᠷᠠᠳᠪᠠ᠄    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠢ ᠮᠠᠭᠠᠳᠯᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠲᠡᠭᠡᠳ ᠢ ᠮᠠᠭᠠᠳᠯᠠᠨ ᠲᠣᠭᠲᠠᠭᠠᠬᠤ ᠨᠢ ᠣᠨᠣᠪᠴᠢᠲᠠᠢ᠂ ᠪᠠᠲᠤᠯᠠᠭ᠎ᠠ ᠶᠢᠨ ᠪᠠᠷᠢᠮᠵᠢᠶ᠎ᠠ ᠨᠢ ᠵᠦᠢ ᠵᠣᠬᠢᠰᠲᠠᠢ᠂ ᠬᠠᠮᠢᠶᠠᠷᠤᠯᠲᠠ ᠠᠵᠢᠯᠯᠠᠭᠠᠨ ᠨᠢ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃    ᠬᠤᠶᠠᠷ᠂ ᠦᠨᠳᠦᠰᠦᠨ ᠵᠠᠷᠴᠢᠮ    ᠡᠷᠦᠬᠡ ᠠᠮᠠ᠂ ᠨᠠᠰᠤ᠂ ᠡᠪᠡᠳᠴᠢᠨ ᠡᠮᠬᠡᠭ᠂ ᠵᠡᠮᠳᠡᠭᠴᠦᠳ᠂ ᠠᠰᠠᠷᠠᠨ ᠲᠡᠵᠢᠭᠡᠭᠴᠢ ᠶᠢᠨ ᠪᠠᠶᠢᠳᠠᠯ᠂ ᠭᠡᠷ ᠪᠦᠯᠢ ᠶᠢᠨ ᠣᠷᠣᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ᠂ ᠡᠮ ᠡᠮᠨᠡᠯᠭᠡ ᠶᠢᠨ ᠵᠠᠷᠤᠳᠠᠯ ᠵᠡᠷᠭᠡ ᠵᠦᠢ ᠵᠣᠬᠢᠰᠲᠠᠢ ᠴᠢᠨᠠᠷᠲᠠᠢ ᠵᠠᠷᠤᠯᠭ᠎ᠠ ᠶᠢᠨ ᠪᠠᠶᠢᠳᠠᠯ ᠵᠡᠷᠭᠡ ᠶᠢ ᠦᠨᠳᠦᠰᠦᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠡᠷᠡᠭᠲᠡᠢ᠃ ᠰᠢᠰᠲ᠋ᠧᠮ ᠢᠶᠠᠨ ᠨᠢᠭᠡᠳᠬᠡᠵᠦ᠂ ᠨᠢᠭᠡ ᠲᠣᠮᠢᠶ᠎ᠠ᠂ ᠨᠢᠭᠡ ᠵᠦᠢᠯ ᠤᠨ ᠪᠣᠳᠣᠬᠤ ᠠᠷᠭ᠎ᠠ ᠪᠠᠷ ᠣᠷᠣᠯᠭ᠎ᠠ ᠶᠢ ᠪᠣᠳᠣᠬᠤ ᠵᠠᠷᠴᠢᠮ ᠢ ᠪᠠᠷᠢᠮᠲᠠᠯᠠᠨ᠎ᠠ︔ ᠡᠷᠦᠬᠡ ᠳᠤ ᠬᠦᠷᠴᠦ ᠪᠠᠶᠢᠴᠠᠭᠠᠯᠲᠠ ᠬᠢᠵᠦ᠂ ᠭᠡᠷ ᠪᠦᠯᠢ ᠶᠢᠨ ᠣᠷᠣᠯᠭ᠎ᠠ᠂ ᠭᠡᠷ ᠪᠦᠯᠢ ᠶᠢᠨ ᠡᠳ᠋ ᠬᠥᠷᠥᠩᠭᠡ ᠶᠢ ᠣᠷᠣᠭᠤᠯᠬᠤ ᠶᠠᠪᠤᠳᠠᠯ ᠲᠣᠬᠢᠶᠠᠯᠳᠤᠪᠠᠯ ᠵᠠᠪᠠᠯ ᠬᠢᠨᠠᠬᠤ ᠵᠠᠷᠴᠢᠮ ᠢ ᠪᠠᠷᠢᠮᠲᠠᠯᠠᠨ᠎ᠠ︔ ᠬᠥᠳᠡᠯᠦᠩᠭᠦᠶ ᠪᠠᠷ ᠬᠠᠮᠢᠶᠠᠷᠴᠤ᠂ ᠲᠥᠷᠥᠯ ᠬᠤᠪᠢᠶᠠᠨ ᠪᠠᠲᠤᠯᠠᠭ᠎ᠠ ᠣᠯᠭᠤᠬᠤ᠂ ᠵᠥᠷᠢᠶ᠎ᠡ ᠶᠢ ᠨᠥᠬᠦᠪᠥᠷᠢᠯᠡᠬᠦ ᠶᠢ ᠬᠠᠮᠵᠢᠯᠴᠠᠨ ᠠᠬᠢᠭᠤᠯᠬᠤ ᠵᠠᠷᠴᠢᠮ ᠢ ᠪᠠᠷᠢᠮᠲᠠᠯᠠᠨ᠎ᠠ︔ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠵᠦ᠂ ᠰᠢᠢᠳᠪᠦᠷᠢᠯᠡᠬᠦ ᠳᠡᠰ ᠳᠠᠷᠠᠭᠠᠯᠠᠯ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠪᠦᠬᠦ ᠶᠠᠪᠤᠴᠠ ᠳᠤ ᠢᠯᠡ ᠪᠣᠯᠭᠠᠬᠤ ᠵᠠᠷᠴᠢᠮ ᠢ ᠪᠠᠷᠢᠮᠲᠠᠯᠠᠨ᠎ᠠ᠃    ᠭᠤᠷᠪᠠ᠂ ᠭᠤᠶᠤᠴᠢᠯᠠᠬᠤ ᠪᠠ ᠬᠦᠯᠢᠶᠡᠨ ᠠᠪᠴᠤ ᠰᠢᠢᠳᠪᠦᠷᠢᠯᠡᠬᠦ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ᠭᠡᠷ ᠪᠦᠯᠢ ᠪᠠᠷ ᠨᠢᠭᠡᠴᠢ ᠪᠣᠯᠭᠠᠨ᠂ ᠭᠤᠶᠤᠴᠢᠯᠠᠭᠰᠠᠨ ᠭᠡᠷ ᠪᠦᠯᠢ ᠨᠢ ᠨᠢᠭᠡᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢ ᠭᠤᠶᠤᠴᠢᠯᠠᠭᠴᠢ ᠪᠠᠷ ᠲᠣᠭᠲᠠᠭᠠᠵᠤ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠪᠢᠴᠢᠭᠯᠡᠭᠰᠡᠨ ᠭᠤᠶᠤᠴᠢᠯᠠᠯ ᠢᠶᠠᠨ ᠳᠤᠷᠠᠳᠤᠨ᠎ᠠ᠃ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠢᠶᠠᠷ ᠭᠤᠶᠤᠴᠢᠯᠠᠭᠤᠯᠬᠤ ᠳᠤ ᠬᠦᠴᠢᠷᠳᠡᠯ ᠲᠠᠢ ᠪᠣᠯ ᠲᠣᠰᠬᠤᠨ ︵ᠰᠠᠭᠤᠭᠠᠯᠢ︶᠎ ᠤ ᠠᠷᠠᠳ ᠤᠨ ᠵᠥᠪᠯᠡᠯ ᠪᠤᠶᠤ ᠪᠤᠰᠤᠳ ᠬᠥᠮᠦᠨ ᠳᠤ ᠨᠠᠶᠢᠳᠠᠵᠤ ᠭᠤᠶᠤᠴᠢᠯᠠᠯ ᠭᠠᠷᠭᠠᠵᠤ ᠪᠣᠯᠤᠨ᠎ᠠ᠃ ᠨᠠᠶᠢᠳᠠᠬᠤ ᠡᠷᠭᠦᠳᠡᠯ ᠭᠠᠷᠭᠠᠬᠤ ᠳᠤ ᠵᠣᠬᠢᠬᠤ ᠨᠠᠶᠢᠳᠠᠯᠭ᠎ᠠ ᠶᠢᠨ ᠪᠢᠴᠢᠭ ᠪᠠᠷᠢᠮᠲᠠ ᠬᠢᠬᠦ ᠬᠡᠷᠡᠭᠲᠡᠢ᠃    ︵ᠨᠢᠭᠡ︶ ᠡᠷᠦᠭᠡ ᠠᠮᠠ ᠶᠢᠨ ᠨᠥᠬᠦᠴᠡᠯ    1 ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠴᠢ ᠵᠢᠴᠢ ᠭᠡᠷ ᠪᠦᠯᠢ ᠶᠢᠨ ᠪᠦᠷᠢᠯᠳᠦᠬᠦᠨ ᠡᠷᠬᠡᠪᠰᠢ ᠶᠤᠸᠠᠨ ᠪᠦᠦ ᠱᠠᠨ ᠲᠣᠭᠤᠷᠢᠭ ᠤᠨ ᠪᠠᠶᠢᠩᠭᠤ ᠰᠠᠭᠤᠭ᠎ᠠ ᠡᠷᠦᠬᠡ ᠠᠮᠠ ᠲᠠᠢ᠂ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠤ ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠯᠤᠭ᠎ᠠ ᠨᠢᠭᠡᠳᠦᠯᠲᠡᠶ ᠪᠥᠭᠡᠳ ᠶᠤᠸᠠᠨ ᠪᠦᠦ ᠱᠠᠨ ᠲᠣᠭᠤᠷᠢᠭ ᠤᠨ ᠬᠠᠷᠢᠶ᠎ᠠ ᠣᠷᠣᠨ ᠤ ᠬᠡᠪᠴᠢᠶᠡᠨ ᠳᠤ ᠤᠷᠲᠤ ᠬᠤᠭᠤᠴᠠᠭ᠎ᠠ ᠪᠠᠷ ᠰᠠᠭᠤᠵᠤ ᠪᠠᠶᠢᠭ᠎ᠠ ᠰᠠᠭᠤᠭᠠᠯᠢ ᠠᠷᠠᠳ ᠪᠠᠶᠢᠬᠤ ᠬᠡᠷᠡᠭᠲᠡᠶ᠃    2 ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠨᠢ ᠬᠠᠷᠢᠶ᠎ᠠ ᠭᠠᠵᠠᠷ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠪᠤᠰᠤᠳ ᠭᠠᠵᠠᠷ ᠪᠠᠶᠢᠪᠠᠯ᠂ ᠲᠡᠭᠦᠨ ᠤ ᠳᠣᠲᠣᠷᠠᠬᠢ ᠨᠢᠭᠡ ᠪᠠᠶᠢᠩᠭᠤ ᠰᠠᠭᠤᠭ᠎ᠠ ᠭᠠᠵᠠᠷ ᠨᠢ ᠲᠤᠰ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠪᠦᠷᠢᠯᠳᠦᠬᠦᠨ ᠨᠢ ᠲᠡᠭᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠲᠤ ᠭᠤᠶᠤᠴᠢᠯᠠᠯ ᠭᠠᠷᠭᠠᠵᠤ ᠪᠣᠯᠤᠨ᠎ᠠ᠃ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠪᠠᠶᠢᠭ᠎ᠠ ᠭᠠᠵᠠᠷ ᠨᠢ ᠪᠠᠶᠢᠩᠭᠤ ᠰᠠᠭᠤᠭ᠎ᠠ ᠭᠠᠵᠠᠷ ᠯᠤᠭ᠎ᠠ ᠪᠠᠨ ᠪᠦᠷ ᠨᠢᠭᠡᠳᠦᠯ ᠦᠭᠡᠢ ᠪᠠᠶᠢᠪᠠᠯ᠂ ᠳᠤᠷ᠎ᠠ ᠶᠢᠨ ᠨᠢᠭᠡ ᠭᠡᠷ ᠪᠦᠯᠢ ᠶᠢᠨ ᠪᠦᠷᠢᠯᠳᠦᠬᠦᠨ ᠨᠢ ᠲᠡᠭᠦᠨ ᠤ ᠡᠷᠦᠬᠡ ᠠᠮᠠ ᠶᠢᠨ ᠭᠠᠵᠠᠷ ᠲᠤ ᠪᠠᠨ ᠭᠤᠶᠤᠴᠢᠯᠠᠯ ᠭᠠᠷᠭᠠᠵᠤ ᠪᠣᠯᠤᠨ᠎ᠠ᠃    3 ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠲᠠᠷᠢᠶᠠᠯᠠᠩ ᠤᠨ ᠪᠤᠰᠤ ᠡᠷᠦᠬᠡ ᠠᠮᠠ ᠪᠣᠯᠤᠨ ᠲᠠᠷᠢᠶᠠᠯᠠᠩ ᠤᠨ ᠡᠷᠦᠬᠡ ᠠᠮᠠ ᠪᠠᠶᠢᠪᠠᠯ᠂ ᠵᠠᠷᠴᠢᠮ ᠳᠡᠭᠡᠷ᠎ᠡ ᠪᠠᠨ ᠡᠷᠦᠬᠡ ᠠᠮᠠ ᠶᠢ ᠨᠡᠶᠢᠯᠡᠭᠦᠯᠦᠭᠡᠳ ᠳᠠᠬᠢᠨ ᠭᠤᠶᠤᠴᠢᠯᠠᠯ ᠢᠶᠠᠨ ᠳᠤᠷᠠᠳᠴᠤ᠂ ᠨᠡᠶᠢᠯᠡᠭᠦᠯᠬᠦ ᠶᠢᠨ ᠠᠷᠭ᠎ᠠ ᠦᠭᠡᠶ ᠡᠷᠦᠬᠡ ᠠᠮᠠ ᠶᠢᠨ ᠬᠠᠷᠢᠶ᠎ᠠ ᠪᠠᠷ ᠲᠤᠰ ᠲᠤᠰ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠬᠡᠷᠡᠭᠲᠡᠶ᠃    4 ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠭᠡᠷ ᠪᠠᠶᠢᠰᠢᠩ ᠪᠤᠶᠤ ᠣᠨᠳᠣᠤ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠳᠤ ᠨᠡᠭᠦᠨ ᠤᠷᠤᠭᠰᠠᠨ ᠬᠦᠴᠢᠷᠳᠡᠯᠲᠡᠶ ᠣᠯᠠᠨ ᠲᠦᠮᠡᠨ ᠨᠥᠬᠦᠴᠡᠯ ᠳᠤ ᠨᠡᠶᠢᠴᠡᠵᠤ ᠦᠷᠭᠦᠯᠵᠢᠯᠡᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠪᠠᠯ᠂ ᠤᠤᠯ ᠤᠨ ᠭᠤᠶᠤᠴᠢᠯᠠᠨ ᠭᠦᠢᠴᠡᠳᠬᠡᠭᠰᠡᠨ ᠭᠠᠵᠠᠷ ᠲᠤ ᠣᠴᠢᠵᠤ ᠦᠷᠭᠦᠯᠵᠢᠯᠡᠨ ᠪᠠᠲᠤᠯᠠᠭ᠎ᠠ ᠦᠷᠭᠦᠯᠵᠢᠯᠡᠭᠦᠯᠵᠦ ᠪᠣᠯᠤᠨ᠎ᠠ᠃ ᠰᠢᠨ᠎ᠡ ᠪᠠᠷ ᠭᠤᠶᠤᠴᠢᠯᠠᠪᠠᠯ᠂ ᠰᠠᠭᠤᠭ᠎ᠠ ᠭᠠᠵᠠᠷ ᠲᠠᠭᠠᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠣᠯᠤᠨ᠎ᠠ᠃    ︵ᠬᠤᠶᠠᠷ︶ ᠭᠡᠷ ᠪᠦᠯᠢ ᠶᠢᠨ ᠪᠦᠷᠢᠯᠳᠦᠭᠦᠨ ᠢ ᠮᠠᠭᠠᠳᠯᠠᠨ ᠲᠣᠭᠲᠠᠭᠠᠬᠤ    1 ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠳᠤ᠄    ︵1︶ ᠬᠠᠨᠢ ᠨᠥᠬᠦᠷ︔    ︵2︶ ᠨᠠᠰᠤᠨ ᠳᠤ ᠬᠦᠷᠦᠭᠡᠳᠦᠢ ᠦᠷ᠎ᠡ ᠬᠡᠦᠬᠡᠳ︔    ︵3︶ ᠨᠠᠰᠤᠨ ᠳᠤ ᠬᠦᠷᠦᠭᠰᠡᠨ ᠪᠣᠯᠪᠠᠴᠤ ᠲᠤᠰᠠᠭᠠᠷ ᠠᠮᠢᠳᠤᠷᠠᠵᠤ ᠳᠡᠶᠢᠯᠬᠦ ᠦᠭᠡᠢ ᠦᠷ᠎ᠡ ᠬᠡᠦᠬᠡᠳ᠂ ᠡᠭᠦᠨ ᠳᠤ ᠰᠤᠷᠭᠠᠭᠤᠯᠢ ᠳᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠦᠷᠲᠡᠵᠦ ᠪᠠᠶᠢᠭ᠎ᠠ ᠦᠷ᠎ᠡ ᠬᠡᠦᠬᠡᠳ ᠪᠠᠭᠲᠠᠨ᠎ᠠ︔    ︵4︶ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠨᠢ ᠨᠢᠭᠡ ᠡᠷᠦᠬᠡ ᠠᠮᠠ ᠳᠤ ᠪᠠᠶᠢᠬᠤ ᠪᠥᠭᠡᠳ ᠤᠷᠲᠤ ᠬᠤᠭᠤᠴᠠᠭ᠎ᠠ ᠪᠠᠷ ᠬᠠᠮᠲᠤ ᠰᠠᠭᠤᠵᠤ ᠪᠠᠶᠢᠭ᠎ᠠ ᠪᠤᠰᠤᠳ ᠬᠦᠮᠦᠰ︔    2 ᠳᠣᠤᠷ᠎ᠠ ᠵᠢᠭᠰᠠᠭᠠᠭᠰᠠᠨ ᠬᠥᠮᠦᠰ ᠢ ᠠᠮᠢᠳᠤᠷᠠᠯ ᠤᠨ ᠭᠡᠷ ᠪᠦᠯᠢ ᠶᠢᠨ ᠪᠦᠷᠢᠯᠳᠦᠬᠦᠨ ᠳᠤ ᠪᠣᠳᠣᠵᠤ ᠣᠷᠣᠭᠤᠯᠬᠤ ᠦᠭᠡᠶ᠄    ︵1︶ ᠦᠷᠭᠦᠯᠵᠢᠯᠡᠨ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠢ ᠪᠠᠭᠲᠠᠭᠠᠨ᠎ᠠ︶ ᠭᠡᠷ ᠪᠦᠯᠢ ᠠᠴᠠ ᠪᠠᠨ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ ᠰᠤᠷᠲᠠᠬᠤᠨ ᠤ ᠪᠠᠭᠰᠢ ᠠᠵᠢᠯᠲᠠᠨ︔    ︵2︶ ᠭᠢᠨᠳᠠᠨ ᠳᠤ ᠡᠷᠡᠭᠦᠦ ᠰᠢᠢᠳᠬᠡᠯ ᠭᠥᠢᠴᠡᠳᠬᠡᠵᠦ ᠪᠠᠶᠢᠭ᠎ᠠ᠂ ᠬᠤᠣᠷ ᠲᠠᠲᠠᠬᠤ ᠶᠢ ᠵᠣᠭᠰᠣᠭᠠᠬᠤ ᠭᠠᠵᠠᠷ ᠲᠤ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠨᠢ ᠵᠣᠭᠰᠤᠭᠠᠵᠤ ᠪᠠᠶᠢᠭ᠎ᠠ ᠪᠤᠶᠤ ᠠᠯᠠᠭ᠎ᠠ ᠪᠣᠯᠤᠭᠰᠠᠨ ᠢᠶᠠᠷ ᠵᠠᠷᠯᠠᠭᠰᠠᠨ ᠬᠥᠮᠥᠰ︔    ︵3︶ ᠠᠯᠪᠠᠨ ᠴᠡᠷᠢᠭ ᠤᠨ ᠳᠣᠲᠣᠷᠠᠬᠢ ᠠᠯᠪᠠᠨ ᠵᠢᠷᠤᠮ ᠤᠨ ᠴᠡᠷᠢᠭ︔    ︵4︶ ᠪᠦᠬᠦᠯᠢ 18 ᠨᠠᠰᠤ ᠬᠦᠷᠴᠦ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠥᠭᠡᠳ ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠭᠥᠷᠳᠡᠭᠰᠡᠨ ᠥᠬᠡᠶ ᠦᠷ᠎ᠡ ᠬᠡᠦᠬᠡᠳ     ︵5︶ ᠰᠣᠳᠤᠯᠬᠤ ᠰᠤᠷᠤᠭᠴᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠦᠷᠲᠡᠭᠰᠡᠨ ᠦᠷ᠎ᠡ ᠬᠡᠦᠬᠡᠳ︔    ︵6︶ ᠨᠢᠭᠡᠨᠲᠡ ᠭᠡᠷ ᠪᠦᠯᠢ ᠪᠠᠶᠢᠭᠤᠯᠤᠭᠰᠠᠨ ᠨᠠᠰᠤᠨ ᠳᠤ ᠬᠦᠷᠦᠭᠰᠡᠨ ᠦᠷ᠎ᠡ ᠬᠡᠦᠬᠡᠳ︔    ︵7︶ ᠡᠪᠦᠭᠡ ᠡᠮᠡᠭᠡ᠂ ᠨᠠᠭᠠᠴᠤ ᠡᠪᠦᠭᠡ ᠡᠮᠡᠭᠡ ᠲᠠᠢ ᠪᠠᠨ ᠨᠢᠭᠡ ᠡᠷᠦᠬᠡ ᠠᠮᠠ ᠲᠠᠢ ᠪᠥᠭᠡᠳ ᠬᠠᠮᠲᠤ ᠠᠮᠢᠳᠤᠷᠠᠵᠤ ᠪᠠᠶᠢᠭ᠎ᠠ ᠪᠣᠯᠪᠠᠴᠤ ᠡᠴᠢᠭᠡ ᠡᠬᠡ ᠨᠢ ᠠᠰᠠᠷᠠᠨ ᠲᠡᠵᠢᠭᠡᠬᠦ ᠴᠢᠳᠠᠪᠤᠷᠢ ᠲᠠᠢ ᠤᠮᠪᠤᠯᠤ ᠦᠷ᠎ᠡ ᠬᠡᠦᠬᠡᠳ᠂ ᠵᠢᠭᠡ ᠤᠮᠪᠤᠯᠤ ᠦᠷ᠎ᠡ ᠬᠡᠦᠬᠡᠳ︔    ︵8︶ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤᠰ ᠵᠦᠢᠯ ᠤᠨ ᠵᠠᠷᠴᠢᠮ ᠪᠠ ᠬᠤᠯᠪᠣᠭᠳᠠᠯ ᠪᠦᠬᠦᠢ ᠵᠢᠷᠤᠮ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠪᠤᠰᠤᠳ ᠬᠥᠮᠦᠰ᠃    3 ᠳᠠᠷᠠᠭᠠᠬᠢ ᠪᠠᠶᠢᠳᠠᠯ ᠤᠳ ᠤᠨ ᠨᠢᠭᠡᠨ ᠳᠤ ᠨᠢ ᠨᠡᠶᠢᠴᠡᠭᠰᠡᠨ ᠬᠥᠮᠦᠰ ᠲᠤᠰᠠᠭᠠᠷ ᠭᠤᠶᠤᠴᠢᠯᠠᠯ ᠭᠠᠷᠭᠠᠵᠤ ᠪᠣᠯᠤᠨ᠎ᠠ᠄    ︵1︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠤᠨ ᠨᠢᠭᠡᠳᠦᠭᠡᠷ ᠳᠡᠰ᠂ ᠬᠤᠶᠠᠳᠤᠭᠠᠷ ᠲᠠᠰ ᠤᠨ ᠬᠦᠨᠳᠦ ᠵᠡᠮᠳᠡᠭ ᠬᠥᠮᠥᠰ ᠪᠣᠯᠤᠨ ᠭᠤᠷᠪᠠᠳᠤᠭᠠᠷ ᠲᠠᠰ ᠤᠨ ᠣᠶᠤᠨ ᠴᠢᠳᠠᠪᠤᠷᠢ ᠵᠡᠮᠳᠡᠭ ᠬᠥᠮᠥᠰ᠂ ᠭᠤᠷᠪᠠᠳᠤᠭᠠᠷ ᠲᠠᠰ ᠤᠨ ᠣᠶᠤᠨ ᠰᠠᠨᠠᠭ᠎ᠠ ᠵᠡᠮᠳᠡᠭ ᠬᠥᠮᠥᠰ︔    ︵2︶ ᠨᠠᠰᠤᠨ ᠳᠤ ᠬᠥᠷᠥᠭᠰᠡᠨ ᠠᠵᠢᠯ ᠦᠭᠡᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ ᠤᠨ ᠨᠢᠭᠡᠳᠦᠭᠡᠷ ᠳᠡᠰ᠂ ᠬᠤᠶᠠᠳᠤᠭᠠᠷ ᠲᠠᠰ ᠤᠨ ᠬᠦᠨᠳᠦ ᠵᠡᠮᠳᠡᠭ ᠬᠥᠮᠥᠰ ᠪᠣᠯᠤᠨ ᠭᠤᠷᠪᠠᠳᠤᠭᠠᠷ ᠲᠠᠰ ᠤᠨ ᠣᠶᠤᠨ ᠴᠢᠳᠠᠪᠤᠷᠢ ᠵᠡᠮᠳᠡᠭ ᠬᠥᠮᠥᠰ᠂ ᠭᠤᠷᠪᠠᠳᠤᠭᠠᠷ ᠲᠠᠰ ᠤᠨ ᠣᠶᠤᠨ ᠰᠠᠨᠠᠭ᠎ᠠ ᠵᠡᠮᠳᠡᠭ ᠬᠥᠮᠥᠰ︔    ︵3︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠳᠣᠲᠣᠷ᠎ᠠ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠮᠠᠭᠠᠳᠯᠠᠨ ᠲᠣᠭᠲᠠᠭᠠᠭᠰᠠᠨ ᠣᠨᠴᠠ ᠬᠦᠨᠳᠦ ᠡᠪᠡᠳᠴᠢᠨ ᠳᠤ ᠨᠡᠷᠪᠡᠭᠳᠡᠭᠰᠡᠨ ᠬᠥᠮᠦᠰ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠨᠡᠶᠢᠲᠡᠯᠡᠭᠰᠡᠨ ᠡᠪᠡᠳᠴᠢᠨ ᠤ ᠵᠦᠢᠯ ᠢᠶᠠᠷ ᠯᠠᠪᠯᠠᠯᠲᠠ ᠪᠣᠯᠭᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠮᠠᠭᠠᠳᠯᠠᠨ ᠲᠣᠭᠲᠠᠭᠠᠭᠰᠠᠨ ᠬᠦᠨᠳᠦ ᠡᠪᠡᠳᠴᠢᠨ ᠪᠤᠶᠤ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ ᠲᠥᠷᠥᠯ ᠢ ᠲᠣᠭᠲᠠᠭᠠᠨ᠎ᠠ︶︔︵4︶ ᠬᠡᠷ ᠪᠦᠯᠢ ᠠᠴᠠ ᠪᠠᠨ ᠰᠠᠯᠵᠤ ᠱᠠᠰᠢᠨ ᠰᠤᠷᠳᠠᠬᠤᠨ ᠤ ᠲᠠᠯᠠᠪᠤᠷ ᠲᠤ ᠭᠤᠷᠪᠠᠠ ᠵᠢᠯ ᠭᠠᠷᠤᠢ ︵ᠭᠤᠷᠪᠠᠠ ᠵᠢᠯ ᠢ ᠪᠠᠭᠲᠠᠭᠠᠨ᠎ᠠ︶ ᠰᠠᠭᠤᠭᠰᠠᠨ ᠠᠮᠢᠳᠤᠷᠠᠯ ᠨᠢ ᠬᠦᠴᠢᠷᠲᠡᠢ ᠱᠠᠰᠢᠨ ᠰᠤᠷᠳᠠᠬᠤᠨ ᠤ ᠪᠠᠭᠰᠢ ᠠᠵᠢᠯᠲᠠᠨ︔︵5︶ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠣᠨᠴᠠ ᠬᠦᠴᠢᠷᠲᠡᠢ ᠬᠥᠮᠦᠰ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠨᠢ ᠡᠩ ᠤᠨ ᠪᠠᠶᠢᠳᠠᠯ ᠳᠣᠤᠷ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠶ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠤᠷ᠎ᠠ ᠪᠠᠶᠢᠬᠤ ᠮᠥᠷᠲᠡᠭᠡᠨ ᠡᠳ᠋ ᠬᠥᠷᠥᠩᠭᠡ ᠶᠢᠨ ᠪᠠᠶᠢᠳᠠᠯ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠤᠶ᠃    ︵ᠭᠤᠷᠪᠠ︶ ᠮᠠᠲ᠋ᠧᠷᠢᠶᠠᠯ ᠬᠠᠩᠭᠠᠬᠤ    ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠭᠤᠶᠤᠴᠢᠯᠠᠬᠤ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄    1 ᠪᠡᠶ᠎ᠡ ᠶᠢᠨ ᠦᠨᠡᠮᠯᠡᠯ ᠤᠨ ᠭᠡᠷᠡᠴᠢ ᠮᠠᠲ᠋ᠧᠷᠢᠶᠠᠯ᠄ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠲᠡᠳᠬᠦᠬᠦ᠂ ᠠᠰᠠᠷᠠᠨ ᠲᠡᠵᠢᠭᠡᠬᠦ︶ ᠬᠦᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠡᠷᠭᠡ ᠶᠢ ᠪᠠᠭᠲᠠᠭᠠᠨ᠎ᠠ᠃    2 ᠬᠡᠷ ᠪᠦᠯᠢ ᠶᠢᠨ ᠣᠷᠣᠯᠭ᠎ᠠ ᠶᠢᠨ ᠭᠡᠷᠡᠴᠢᠯᠡᠯ ᠤᠨ ᠮᠠᠲ᠋ᠧᠷᠢᠶᠠᠯ᠄ ᠴᠠᠯᠢᠩ ᠤᠨ ᠴᠢᠨᠠᠷᠲᠠᠶ ᠣᠷᠣᠯᠭ᠎ᠠ᠂ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠢᠨᠠᠷᠲᠠᠶ ᠣᠷᠣᠯᠭ᠎ᠠ᠂ ᠰᠢᠯᠵᠢᠯᠲᠡ ᠶᠢᠨ ᠴᠢᠨᠠᠷᠲᠠᠶ ᠣᠷᠣᠯᠭ᠎ᠠ ᠪᠠᠭᠲᠠᠨ᠎ᠠ᠂ ᠡᠭᠦᠨ ᠳᠤ ᠪᠦᠬᠦᠨ ᠳᠤ ᠳᠣᠭᠢᠷᠠᠬᠤ ᠺᠠᠷᠲ ᠢᠶᠠᠷ ᠳᠠᠮᠵᠢᠭᠤᠯᠤᠨ ᠲᠠᠷᠬᠠᠭᠠᠭᠰᠠᠨ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠪᠠᠯᠠ ᠮᠥᠩᠭᠦ ᠵᠡᠷᠭᠡ ᠣᠷᠣᠯᠭ᠎ᠠ ᠶᠢᠨ ᠭᠡᠷᠡᠴᠢ ᠶᠢ ᠰᠢᠶᠠᠩ ᠪᠠᠯᠭᠠᠰᠤᠨ ᠠᠴᠠ ᠨᠢᠭᠡᠳᠦᠯᠲᠡᠶ ᠭᠠᠷᠭᠠᠵᠤ ᠥᠭᠭᠦᠨ᠎ᠡ︔    3 ᠡᠪᠡᠳᠴᠢᠨ ᠡᠮᠭᠡᠭ ᠤᠨ ᠭᠡᠷᠡᠴᠢᠯᠡᠭᠰᠡᠨ ᠮᠠᠲ᠋ᠧᠷᠢᠶᠠᠯ᠄    ︵1︶ ᠬᠦᠨᠳᠦ ᠣᠨᠴᠠ ᠶᠡᠭᠡ ᠡᠪᠡᠳᠴᠢᠨ ᠳᠤ ᠰᠢᠶᠠᠨ ᠤ ᠱᠠᠲᠤ ︵ᠪᠠᠭᠲᠠᠨ᠎ᠠ︶᠎ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠬᠢᠵᠦ ᠥᠭᠭᠦᠭᠰᠡᠨ ᠣᠨᠣᠰᠢᠯᠠᠭᠰᠠᠨ ᠭᠡᠷᠡᠴᠢ᠂ ᠡᠪᠡᠳᠴᠢᠨ ᠤ ᠥᠩᠭᠡᠷᠡᠯᠲᠡ ᠶᠢᠨ ᠬᠠᠭᠤᠯᠪᠤᠷᠢ ᠶᠢ ᠬᠠᠩᠭᠠᠬᠤ ᠬᠡᠷᠡᠭᠲᠡᠶ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠃︶ ᠵᠢᠴᠢ ᠬᠦᠨᠳᠦ ᠣᠨᠴᠠ ᠶᠡᠭᠡ ᠡᠪᠡᠳᠴᠢᠨ ᠤ ᠬᠤᠶᠠᠷ ᠵᠢᠯ ᠤᠨ ᠳᠣᠲᠣᠷ᠎ᠠ᠂ ᠤᠳᠠᠭᠠᠨ ᠴᠢᠨᠠᠷᠲᠠᠶ ᠡᠪᠡᠳᠴᠢᠨ ᠤ ᠲᠤᠬᠠᠶ ᠶᠢᠨ ᠵᠢᠯ ᠤᠨ ᠳᠣᠲᠣᠷ᠎ᠠ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠤᠭᠰᠠᠨ ᠬᠠᠭᠤᠳᠠᠰᠤ ᠵᠡᠷᠭᠡ ᠭᠡᠷᠡᠴᠢᠯᠡᠬᠦ ᠮᠠᠲ᠋ᠧᠷᠢᠶᠠᠯ︔    ︵2︶ ᠤᠳᠠᠭᠠᠨ ᠴᠢᠨᠠᠷᠲᠠᠢ ᠡᠪᠡᠳᠴᠢᠨ ᠤ ᠬᠠᠩᠭᠠᠬᠤ ᠶᠣᠰᠤᠲᠠᠢ ᠭᠡᠷᠡᠴᠢ ᠮᠠᠲ᠋ᠧᠷᠢᠶᠠᠯ ︵ᠳᠠᠷᠠᠭᠠᠬᠢ ᠳᠤᠷ᠎ᠠ ᠶᠢᠨ ᠨᠢᠭᠡ ᠬᠡᠯᠪᠡᠷᠢ︶᠄    ᠨᠢᠭᠡᠨᠳᠡ ᠴᠢᠬ ᠲᠣᠠᠠᠳ᠋ᠬᠠᠰᠠᠨ ᠡᠮᠴᠢᠯᠡᠭᠡᠨ ᠤ ᠪᠠᠶᠢᠭᠤᠯᠥᠮᠵᠢ ᠪᠤᠶᠤ ᠡᠮᠴᠢᠯᠡᠭᠡᠨ ᠤ ᠲᠠᠭᠠᠳᠬᠠᠯ ᠤᠨ ᠰᠠᠯᠠᠭ᠎ᠠ ᠮᠦᠴᠢᠷ ᠲᠤ ᠡᠬᠦᠳᠡᠨ ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠳᠡᠩᠰᠡᠯᠡᠭᠤᠯᠥᠯᠳᠡ ᠬᠢᠵᠦ ᠪᠠᠶᠢᠭ᠎ᠠ ᠬᠦᠮᠦᠰ ᠲᠤ ︽ᠡᠬᠦᠳᠡᠨ ᠡᠮᠨᠡᠯᠬᠡ ᠶᠢᠨ ᠤᠳᠠᠭᠠᠨ ᠴᠢᠨᠠᠷᠲᠠᠢ ᠡᠪᠡᠳᠴᠢᠨ ᠤ ᠳᠥᠷᠦᠯ ᠤᠨ ᠣᠯᠭᠤᠮᠵᠢ ᠶᠢ ᠨᠣᠳᠡᠯᠡᠨ ᠲᠣᠠᠠᠳᠠᠭᠠᠬᠤ ᠬᠦᠰᠦᠨᠦᠭ︾᠎ ᠢ ᠬᠠᠩᠭᠠᠬᠤ ᠭᠡᠷᠡᠭᠳᠡᠢ︔    ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠡᠳ ᠡᠮᠨᠡᠯᠭᠡ ᠳᠤ ᠰᠠᠭᠤᠵᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢᠶᠠᠷ ᠣᠨᠣᠰᠢᠯᠠᠭᠳᠠᠭᠰᠠᠨ ᠪᠣᠯᠪᠠᠴᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠳᠠᠩᠰᠠᠯᠠᠭᠤᠯᠤᠭᠰᠠᠨ ᠥᠬᠡᠶ ᠬᠥᠮᠦᠰ ᠲᠤ ᠡᠪᠡᠳᠴᠢᠨ ᠤ ᠶᠠᠪᠤᠴᠠ ᠶᠢᠨ ᠬᠠᠭᠤᠯᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠨ᠎ᠠ︶᠂ ᠣᠨᠣᠰᠢᠯᠠᠯᠲᠠ ᠶᠢᠨ ᠭᠡᠷᠡᠴᠢ ᠵᠢᠴᠢ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ ᠬᠠᠭᠤᠳᠠᠰᠤ ︵ᠬᠤᠤᠷ ᠲᠠᠲᠠᠬᠤ᠂ ᠲᠡᠷᠭᠡᠨ ᠠᠳᠡᠯ ᠵᠡᠷᠭᠡ ᠰᠢᠯᠲᠠᠭᠠᠨ ᠠᠴᠠ ᠭᠠᠳᠠᠨ᠎ᠠ︶ ᠬᠠᠩᠭᠠᠬᠤ ᠭᠡᠷᠡᠭᠳᠡᠢ︔    ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ ᠪᠣᠯᠪᠠᠴᠤ ᠡᠮᠨᠡᠯᠭᠡ ᠳᠤ ᠰᠠᠭᠤᠵᠤ ᠡᠮᠨᠡᠭᠦᠯᠦᠭᠡᠳᠦᠶ ᠪᠣᠯ ᠲᠣᠭᠤᠷᠢᠭ ᠤᠨ ᠳᠣᠲᠣᠷ᠎ᠠ ᠵᠢᠭᠠᠨ ᠲᠣᠭᠲᠠᠭᠠᠭᠰᠠᠨ ᠴᠢᠭ᠋ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠤᠰ ᠵᠢᠯ ᠤᠨ ᠣᠨᠣᠰᠢᠯᠠᠭᠰᠠᠨ ᠭᠡᠷᠡᠴᠢ ᠶᠢ ᠬᠠᠩᠭᠠᠬᠤ ᠬᠡᠷᠡᠭᠲᠡᠶ︔    ︵3︶ ᠬᠤᠪᠢ ᠬᠦᠮᠦᠨ ᠤ ᠡᠮᠨᠡᠯᠭᠡ ᠳᠤ ᠰᠠᠭᠤᠭᠰᠠᠨ ᠨᠡᠶᠢᠲᠡ ᠦᠪᠡᠷ ᠢᠶᠠᠨ ᠲᠤᠰᠢᠶᠠᠭᠰᠠᠨ ᠬᠡᠰᠡᠭ ᠤᠨ ᠡᠮ ᠡᠮᠨᠡᠯᠭᠡ ᠶᠢᠨ ᠵᠠᠷᠤᠳᠠᠯ ᠢ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠢᠴᠢ ᠪᠤᠰᠤᠳ ᠰᠠᠯᠠᠭ᠎ᠠ ᠮᠦᠴᠢᠷ ᠤᠨ ᠳᠠᠬᠢᠨᠲᠠ ᠳᠠᠩᠰᠠ ᠲᠠᠶᠢᠯᠬᠤ᠂ ᠠᠪᠤᠷᠠᠨ ᠲᠤᠰᠠᠯᠠᠬᠤ ᠮᠦᠩᠭᠦ ᠠᠴᠠ ᠬᠠᠰᠤᠵᠤ ᠭᠠᠷᠭᠠᠬᠤ ᠬᠡᠷᠡᠭᠲᠡᠢ︔    ︵4︶ ᠣᠨᠴᠠᠭᠠᠶ ᠰᠢᠯᠲᠠᠭᠠᠨ ᠠᠴᠠ ᠪᠣᠯᠵᠣ ᠡᠮ ᠡᠮᠨᠡᠯᠭᠡ ᠶᠢᠨ ᠵᠠᠷᠤᠳᠠᠯ ᠢᠶᠠᠨ ᠲᠠᠩᠰᠠᠨ ᠠᠴᠠ ᠲᠠᠶᠢᠯᠤᠭᠰᠠᠨ ᠥᠬᠡᠶ ᠪᠠᠶᠢᠪᠠᠯ᠂ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠣᠨᠣᠰᠢᠯᠠᠭᠰᠠᠨ ᠭᠡᠷᠡᠴᠢ᠂ ᠡᠮᠨᠡᠯᠭᠡ ᠳᠤ ᠰᠠᠭᠤᠵᠤ ᠡᠮᠨᠡᠭᠦᠯᠥᠭᠰᠡᠨ ᠡᠪᠡᠳᠴᠢᠨ ᠤ ᠲᠡᠮᠳᠡᠭᠯᠡᠯ ᠤᠨ ᠬᠠᠭᠤᠯᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ︶ ᠵᠢᠴᠢ ᠡᠮ ᠡᠮᠨᠡᠯᠭᠡ ᠶᠢᠨ ᠵᠠᠷᠤᠳᠠᠯ ᠤᠨ ᠤᠭ ᠬᠠᠭᠤᠳᠠᠰᠤ ᠶᠢ ᠬᠠᠩᠭᠠᠵᠤ᠂ ᠡᠮ ᠡᠮᠨᠡᠯᠭᠡ ᠶᠢᠨ ᠵᠠᠷᠤᠳᠠᠯ ᠤᠨ ᠪᠦᠬᠦ ᠲᠣᠭᠠᠨ ᠤ 30%᠎ ᠪᠠᠷ ᠭᠡᠷ ᠪᠦᠯᠢ ᠶᠢᠨ ᠬᠠᠰᠤᠭᠰᠠᠨ ᠲᠤᠭ᠎ᠠ ᠬᠡᠮᠵᠢᠶ᠎ᠡ ᠪᠣᠯᠭᠠᠨ᠎ᠠ᠃    4 ᠵᠡᠮᠳᠡᠭ ᠤᠨ ᠭᠡᠷᠡᠴᠢ ᠮᠠᠲ᠋ᠧᠷᠢᠶᠠᠯ᠄ ᠵᠡᠮᠳᠡᠭᠴᠦᠳ ᠤᠨ ᠬᠤᠯᠪᠣᠭᠠᠨ ᠤ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠬᠠᠮᠤᠭ ᠤᠨ ᠰᠢᠨ᠎ᠡ ᠬᠡᠪ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠦᠨ ᠤ ᠦᠨᠡᠮᠯᠡᠯ︾᠎ ᠢ ᠬᠠᠩᠭᠠᠬᠤ ᠬᠡᠷᠡᠭᠲᠡᠶ︔    5 ᠭᠡᠷᠡᠴᠢ ᠮᠠᠲ᠋ᠧᠷᠢᠶᠠᠯ ᠢ ᠬᠠᠰᠤᠬᠤ᠄ ᠠᠳᠠᠯᠢ ᠨᠢᠭᠡ ᠬᠡᠷ ᠪᠦᠯᠢ ᠳᠤ ᠬᠤᠶᠠᠷ ᠵᠢᠴᠢ ᠳᠡᠭᠡᠭᠰᠢᠬᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠪᠤᠶᠤ ᠶᠡᠭᠡ ᠰᠤᠷᠭᠠᠭᠤᠯᠢ ᠶᠢᠨ ᠤᠶᠤᠲᠠᠨ ᠵᠡᠷᠭᠡ ᠪᠠᠶᠢᠵᠤ᠂ ᠬᠠᠲᠠᠭᠤ ᠵᠠᠷᠤᠯᠭ᠎ᠠ ᠶᠢᠨ ᠬᠠᠰᠤᠯᠲᠠ ᠳᠤ ᠨᠡᠶᠢᠴᠡᠪᠡᠯ᠂ ᠰᠣᠷᠣᠭᠴᠢ ᠶᠢᠨ ᠰᠤᠷᠭᠠᠭᠤᠯᠢ ᠳᠤ ᠪᠠᠶᠢᠭ᠎ᠠ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ︔    6 ᠪᠤᠰᠤᠳ ᠬᠠᠩᠭᠠᠪᠠᠰᠤ ᠵᠣᠬᠢᠬᠤ ᠮᠠᠲ᠋ᠧᠷᠢᠶᠠᠯ᠃    ᠡᠷᠦᠬᠡ ᠠᠮᠠ ᠭᠤᠶᠤᠴᠢᠯᠠᠭᠰᠠᠨ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠨ ᠦᠭᠡᠢ ᠭᠡᠷ ᠪᠦᠯᠢ ᠨᠢ ᠤᠷᠲᠤ ᠬᠤᠭᠤᠴᠠᠭ᠎ᠠ ᠪᠠᠷ ᠣᠷᠣᠰᠢᠨ ᠰᠠᠭᠤᠭᠰᠠᠨ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠵᠥᠪᠯᠡᠯ ᠤᠨ ᠭᠡᠷᠡᠴᠢ ︵ᠭᠡᠷ ᠪᠦᠯᠢ ᠶᠢᠨ ᠠᠮᠢᠳᠤᠷᠠᠯ ᠤᠨ ᠪᠠᠶᠢᠳᠠᠯ᠂ ᠣᠷᠣᠨ ᠰᠠᠭᠤᠴᠠ ᠶᠢᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ ᠵᠡᠷᠭᠡ︶ ᠬᠠᠩᠭᠠᠬᠤ ᠬᠡᠷᠡᠭᠲᠡᠢ︔    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠭᠤᠶᠤᠴᠢᠯᠠᠭᠴᠢ ᠪᠣᠶᠣ ᠲᠡᠭᠦᠨ ᠤ ᠣᠷᠣᠯᠠᠭᠴᠢ ᠶᠢᠨ ᠬᠠᠩᠭᠠᠬᠤ ᠴᠢᠬᠤᠯᠠᠲᠠᠢ ᠮᠠᠲ᠋ᠧᠷᠢᠶᠠᠯ ᠢ ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠮᠡᠳᠡᠭᠳᠡᠬᠦ ᠶᠢᠨ ᠬᠠᠮᠲᠤ ᠭᠤᠶᠤᠴᠢᠯᠠᠭᠴᠢ ᠪᠣᠶᠣ ᠲᠡᠭᠦᠨ ᠤ ᠣᠷᠣᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ︔ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠣᠯ᠂ ᠨᠦᠬᠦᠪᠦᠷᠢᠯᠡᠵᠦ ᠵᠠᠯᠠᠷᠠᠭᠤᠯᠬᠤ ᠮᠡᠳᠡᠭᠳᠡᠯ ᠤᠨ ᠪᠢᠴᠢᠭ ᠢ ᠭᠤᠶᠤᠴᠢᠯᠠᠭᠴᠢ ᠪᠣᠶᠣ ᠲᠡᠭᠦᠨ ᠤ ᠣᠷᠣᠯᠠᠭᠴᠢ ᠳᠤ ᠮᠡᠳᠡᠭᠳᠡᠬᠦ ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠳᠤᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠪᠤᠶᠤ ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠣᠯᠵᠤ ᠪᠣᠯᠬᠤ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠯᠠᠪᠯᠠᠵᠤ᠂ ᠳᠠᠪᠬᠤᠷᠳᠠᠭᠤᠯᠤᠨ ᠲᠤᠰᠢᠶᠠᠬᠤ ᠶᠢ ᠱᠠᠭᠠᠷᠳᠠᠬᠤ ᠥᠬᠡᠶ᠃    ︵ᠲᠦᠷᠪᠡ︶ ᠮᠡᠳᠡᠭᠳᠡᠨ ᠠᠮᠠᠯᠳᠤᠭᠤᠯᠬᠤ    1 ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠳᠤ ︽ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠵᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠪᠠ ︽ᠦᠨᠡᠨ ᠪᠣᠳᠠᠲᠠᠶ ᠪᠠᠷ ᠮᠡᠳᠡᠭᠦᠯᠬᠦ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠬᠤ ᠬᠡᠷᠡᠭᠲᠡᠶ︔    2 ᠭᠤᠶᠤᠴᠢᠯᠠᠭᠴᠢ ᠠᠴᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠠᠷᠳᠠᠨ ᠬᠢᠬᠦ ᠠᠵᠢᠯᠲᠠᠨ ᠪᠤᠶᠤ ᠲᠣᠰᠬᠤᠨ ︵ᠰᠠᠭᠤᠭᠠᠯᠢ︶᠎ ᠤ ᠠᠷᠠᠳ ᠤᠨ ᠵᠥᠪᠯᠡᠯ ᠤᠨ ᠪᠦᠷᠢᠯᠳᠦᠬᠦᠨ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠲᠠᠢ ᠣᠶᠢᠷ᠎ᠠ ᠲᠥᠷᠥᠯ ᠰᠠᠳᠤᠨ ᠤ ᠬᠠᠷᠢᠴᠠᠭ᠎ᠠ ᠲᠠᠢ ᠪᠠᠶᠢᠪᠠᠯ᠂ ᠦᠨᠡᠨ ᠮᠥᠨ ᠢᠶᠠᠷ ᠨᠢ ᠲᠣᠳᠣᠷᠬᠠᠶᠢᠯᠠᠬᠤ ᠬᠡᠷᠡᠭᠲᠡᠶ᠃ ᠨᠢᠭᠡᠨᠲᠡ ᠬᠦᠯᠢᠶᠡᠨ ᠠᠪᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠬᠢᠯᠡᠨ ᠭᠦᠢᠴᠡᠳᠬᠡᠬᠦ ᠠᠵᠢᠯᠲᠠᠨ ᠪᠤᠶᠤ ᠲᠣᠰᠬᠤᠨ ︵ᠰᠠᠭᠤᠭᠠᠯᠢ︶᠎ ᠤ ᠠᠷᠠᠳ ᠤᠨ ᠵᠥᠪᠯᠡᠯ ᠤᠨ ᠪᠦᠷᠢᠯᠳᠦᠬᠦᠨ ᠤ ᠣᠶᠢᠷ᠎ᠠ ᠲᠥᠷᠥᠯ ᠰᠠᠳᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠳᠠᠩᠰᠠᠯᠠᠭᠤᠯᠬᠤ ᠬᠡᠷᠡᠭᠲᠡᠶ᠃    ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠠᠷᠲᠠᠨ ᠭᠦᠢᠴᠡᠳᠭᠡᠬᠦ ᠠᠵᠢᠯᠲᠠᠨ︾ ᠭᠡᠳᠡᠭ ᠨᠢ ᠪᠣᠳᠠᠲᠠᠶ ᠭᠦᠢᠴᠡᠳᠭᠡᠬᠦ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠯᠢᠶᠡᠨ ᠠᠪᠴᠤ ᠬᠠᠮᠢᠶᠠᠷᠬᠤ᠂ ᠬᠢᠨᠠᠬᠤ ︵ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠪᠠᠭᠲᠠᠨ᠎ᠠ︶᠂ ᠨᠤᠲᠠᠯᠠᠬᠤ ᠵᠡᠷᠭᠡ ᠵᠦᠢᠯᠡᠰ ᠲᠤ ᠬᠤᠯᠪᠣᠭᠳᠠᠬᠤ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠠᠵᠢᠯᠲᠠᠨ ᠢ ᠵᠢᠭᠠᠵᠤ ᠪᠣᠶ᠃    ︽ᠣᠶᠢᠷ᠎ᠠ ᠲᠥᠷᠥᠯ ᠰᠠᠳᠤᠨ︾᠎ ᠳᠤ ᠬᠠᠨᠢ ᠨᠦᠬᠦᠷ᠂ ᠡᠴᠢᠭᠡ ᠡᠬᠡ᠂ ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ᠂ ᠡᠪᠦᠭᠡ ᠡᠮᠡᠭᠡ᠂ ᠨᠠᠭᠠᠴᠤ ᠡᠪᠦᠭᠡ ᠡᠮᠡᠭᠡ᠂ ᠣᠮᠪᠣᠯᠣ᠂ ᠵᠢᠭᠡ ᠣᠮᠪᠣᠯᠣ ᠵᠡᠷᠭᠡ ᠶᠢ ᠪᠠᠭᠲᠠᠭᠠᠨ᠎ᠠ᠃    ᠳᠥᠷᠪᠡ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠪᠠ ᠲᠣᠭᠠᠴᠠᠭ᠎ᠠ ᠬᠢᠬᠦ    ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠨᠢ ᠬᠠᠮᠲᠤ ᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠪᠦᠬᠦ ᠭᠡᠷ ᠪᠦᠯᠢ ᠶᠢᠨ ᠣᠷᠣᠯᠭ᠎ᠠ ᠪᠠ ᠭᠡᠷ ᠪᠦᠯᠢ ᠶᠢᠨ ᠡᠳ᠋ ᠬᠥᠷᠥᠩᠭᠡ ᠶᠢ ᠵᠢᠭᠠᠵᠤ ᠪᠠᠶᠢᠨ᠎ᠠ᠃    ︵ᠨᠢᠭᠡ︶ ᠭᠡᠷ ᠪᠦᠯᠢ ᠶᠢᠨ ᠤᠷᠤᠯᠭ᠎ᠠ    ᠭᠡᠷ ᠪᠦᠯᠢ ᠶᠢᠨ ᠣᠷᠣᠯᠭ᠎ᠠ ᠭᠡᠳᠡᠭ ᠨᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠣᠯᠤᠭᠰᠠᠨ ᠪᠦᠬᠦ ᠪᠡᠯᠡᠨ ᠵᠣᠭᠤᠰ ᠵᠢᠴᠢ ᠪᠣᠳᠠᠲᠤ ᠡᠳ᠋ ᠤᠨ ᠣᠷᠣᠯᠭ᠎ᠠ ᠶᠢ ᠵᠢᠭᠠᠵᠤ ᠪᠤᠶ᠂ ᠡᠭᠦᠨ ᠳᠤ ᠭᠤᠤᠯᠳᠠᠭᠤ ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠵᠡᠷᠭᠡ ᠳᠥᠷᠪᠡᠨ ᠲᠠᠯ᠎ᠠ ᠪᠠᠭᠲᠠᠨ᠎ᠠ᠃ ᠭᠡᠷ ᠪᠦᠯᠢ ᠶᠢᠨ ᠣᠷᠣᠯᠭ᠎ᠠ ᠶᠢ ᠲᠣᠭᠠᠴᠠᠭ᠎ᠠ ᠬᠢᠬᠦ ᠦᠶ᠎ᠡ ᠳᠤ᠂ ᠲᠡᠭᠦᠨ ᠤ ᠦᠨᠡᠨ ᠪᠣᠳᠠᠲᠠᠶ ᠣᠷᠣᠯᠭ᠎ᠠ ᠶᠢ ᠬᠢᠨᠠᠨ ᠬᠠᠷᠭᠤᠭᠤᠯᠵᠤ ᠴᠢᠳᠠᠪᠠᠯ ᠴᠥᠮ ᠪᠣᠳᠠᠲᠠᠶ ᠵᠣᠭᠤᠰ ᠤᠨ ᠲᠤᠭ᠎ᠠ ᠪᠠᠷ ᠪᠠᠷᠢᠮᠵᠢᠶ᠎ᠠ ᠪᠣᠯᠭᠠᠨ᠎ᠠ︔ ᠬᠢᠨᠠᠨ ᠬᠠᠷᠭᠤᠭᠤᠯᠬᠤ ᠳᠤ ᠬᠦᠴᠢᠷᠲᠡᠶ ᠬᠥᠮᠦᠰ ᠬᠥᠳᠡᠯᠮᠦᠷᠢ ᠶᠢᠨ ᠬᠦᠴᠦᠨ ᠤ ᠢᠯᠡᠳᠬᠡᠮᠵᠢ ᠶᠢᠨ ᠠᠷᠭ᠎ᠠ ᠪᠠᠷ ᠭᠡᠷ ᠪᠦᠯᠢ ᠶᠢᠨ ᠣᠷᠣᠯᠭ᠎ᠠ ᠶᠢ ᠶᠡᠷᠦᠩᠬᠡᠶᠢᠯᠡᠨ ᠲᠥᠰᠦᠭᠡᠯᠡᠨ ᠪᠣᠳᠣᠨ᠎ᠠ᠃    ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠨᠠᠰᠤ ᠵᠢᠯ᠂ ᠵᠡᠮᠳᠡᠭ ᠤᠨ ᠬᠡᠮᠵᠢᠶ᠎ᠡ᠂ ᠬᠦᠨᠳᠦ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠵᠡᠷᠭᠡ ᠶᠡᠷᠦᠩᠬᠡᠶᠢᠯᠡᠭᠰᠡᠨ ᠬᠦᠴᠦᠨ ᠵᠥᠢᠯ ᠢ ᠦᠨᠳᠦᠰᠦᠯᠡᠨ ᠲᠤᠭᠲᠠᠬᠠᠨ᠎ᠠ ︵ᠬᠥᠳᠡᠯᠮᠦᠷᠢ ᠬᠦᠴᠦᠨ ᠤ ᠢᠯᠡᠳᠬᠡᠮᠵᠢ ᠶᠢ ᠲᠥᠰᠦᠭᠡᠯᠡᠨ ᠪᠤᠳᠣᠭᠰᠠᠨ ᠤ ᠳᠠᠷᠠᠭ᠎ᠠ᠃    1 ᠡᠩ ᠤᠨ ᠭᠡᠷ ᠪᠦᠯᠢ ᠶᠢᠨ ᠣᠷᠣᠯᠭ᠎ᠠ ᠳᠤ ᠲᠣᠭᠠᠴᠠᠭ᠎ᠠ ᠬᠢᠨ᠎ᠡ    ︵1︶ ᠴᠠᠯᠢᠩ ᠤᠨ ᠴᠢᠨ᠋ᠠᠷᠳᠠᠢ ᠤᠷᠤᠯᠭ᠎ᠠ    ᠴᠠᠯᠢᠩ ᠤᠨ ᠴᠢᠨᠠᠷᠲᠠᠶ ᠣᠷᠣᠯᠭ᠎ᠠ ᠭᠡᠳᠡᠭ ᠨᠢ ᠠᠵᠢᠯ ᠣᠯᠤᠭᠰᠠᠳ ᠤᠨ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠯᠤᠭᠰᠠᠨ ᠪᠦᠬᠦ ᠬᠥᠳᠡᠯᠮᠦᠷᠢ ᠶᠢᠨ ᠬᠥᠯᠥᠰᠥ ᠣᠯᠭᠤᠮᠵᠢ ᠪᠣᠯᠤᠨ ᠡᠯ᠎ᠡ ᠵᠦᠢᠯ ᠤᠨ ᠠᠰᠠᠷᠠᠮᠵᠢ ᠶᠢ ᠵᠢᠭᠠᠵᠤ ᠪᠠᠶᠢᠬᠤ ᠶᠢᠨ ᠬᠠᠮᠲᠤ ᠴᠢᠬᠤᠯᠠ ᠪᠦᠬᠦᠢ ᠠᠵᠢᠯ ᠣᠯᠭᠤᠬᠤ ᠥᠪᠡᠷ ᠤᠨ ᠥᠷᠲᠡᠭ ᠢ ᠬᠠᠰᠤᠵᠤ ᠭᠠᠷᠭᠠᠬᠤ ᠬᠡᠷᠡᠭᠲᠡᠶ᠂ ᠡᠭᠦᠨ ᠳᠤ ᠲᠤᠰᠢᠶᠠᠯ ᠡᠭᠦᠷᠭᠡᠯᠡᠭᠰᠡᠨ ᠪᠤᠶᠤ ᠬᠥᠯᠥᠰᠥᠯᠡᠭᠳᠡᠭᠰᠡᠨ ᠠᠴᠠ ᠪᠣᠯᠣᠭᠠᠳ ᠣᠯᠤᠭᠰᠠᠨ ᠴᠠᠯᠢᠩ᠂ ᠴᠠᠯᠢᠩ᠂ ᠱᠠᠩᠨᠠᠯ ᠤᠨ ᠮᠥᠩᠭᠦ᠂ ᠬᠥᠳᠡᠯᠮᠦᠷᠢ ᠶᠢᠨ ᠠᠰᠢᠭ ᠬᠤᠪᠢᠶᠠᠷᠢᠯᠠᠯᠲᠠ᠂ ᠨᠡᠮᠡᠭᠦᠷᠢ᠂ ᠨᠥᠬᠦᠪᠥᠷᠢ ᠵᠢᠴᠢ ᠲᠤᠰᠢᠶᠠᠯ ᠡᠭᠦᠷᠭᠡᠯᠡᠭᠰᠡᠨ ᠪᠤᠶᠤ ᠬᠥᠯᠥᠰᠥᠯᠡᠭᠳᠡᠬᠦ ᠳᠤ ᠬᠤᠯᠪᠣᠭᠳᠠᠬᠤ ᠪᠤᠰᠤᠳ ᠣᠯᠵᠠᠪᠤᠷᠢ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠶ᠃    ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ ᠵᠢᠯ ᠤᠨ ᠠᠵᠢᠯᠯᠠᠠᠭᠰᠠᠨ ᠭᠠᠵᠠᠷ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 7 ᠰᠠᠷ᠎ᠠ᠃    ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠡᠶᠢᠲᠡᠯᠡᠭᠰᠡᠨ ᠬᠠᠮᠤᠭ ᠤᠨ ᠰᠢᠨ᠎ᠡ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠵᠤ᠂ ᠬᠦᠴᠦ ᠶᠠᠪᠤᠵᠤ ᠪᠠᠶᠢᠭ᠎ᠠ ᠭᠠᠵᠠᠷ ᠣᠷᠣᠨ ᠢ ᠲᠣᠭᠲᠠᠭᠠᠬᠤ ᠳᠤ ᠪᠡᠷᠬᠡᠲᠡᠶ ᠪᠣᠯ ᠪᠠᠶᠢᠩᠭᠤ ᠰᠠᠭᠤᠭ᠎ᠠ ᠭᠠᠵᠠᠷ ᠤᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠪᠠᠷ ᠪᠣᠳᠣᠨ᠎ᠠ᠃    ︵2︶ ᠡᠵᠡᠩᠨᠡᠯᠲᠡ ᠶᠢᠨ ᠴᠡᠪᠡᠷ ᠤᠷᠤᠯᠭ᠎ᠠ    ᠡᠵᠡᠩᠨᠡᠯᠲᠡ ᠶᠢᠨ ᠴᠡᠪᠡᠷ ᠣᠷᠣᠯᠭ᠎ᠠ ᠨᠢ ᠦᠢᠯᠡᠳᠪᠦᠷᠢᠯᠡᠯ ᠡᠵᠡᠩᠨᠡᠯᠲᠡ ᠵᠢᠴᠢ ᠲᠥᠯᠥᠪᠦᠷᠢ ᠲᠠᠢ ᠦᠢᠯᠡᠴᠢᠯᠡᠭᠡᠨ ᠤ ᠠᠵᠢᠯᠯᠠᠭ᠎ᠠ ᠬᠢᠵᠦ ᠪᠠᠶᠢᠭ᠎ᠠ ᠪᠦᠬᠦ ᠡᠵᠡᠩᠨᠡᠯᠲᠡ ᠶᠢᠨ ᠣᠷᠣᠯᠭ᠎ᠠ ᠠᠴᠠ ᠡᠵᠡᠩᠨᠡᠯᠲᠡ ᠶᠢᠨ ᠵᠠᠷᠤᠳᠠᠯ᠂ ᠦᠢᠯᠡᠳᠪᠦᠷᠢᠯᠡᠯ ᠤᠨ ᠴᠢᠨᠠᠷᠲᠠᠶ ᠲᠣᠭᠲᠠᠮᠠᠯ ᠬᠥᠷᠥᠩᠭᠡ ᠶᠢᠨ ᠡᠯᠡᠭᠳᠡᠯ ᠪᠠ ᠦᠢᠯᠡᠳᠪᠦᠷᠢᠯᠡᠯ ᠤᠨ ᠭᠠᠶᠢᠯᠢ ᠶᠢ ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ ᠶᠢ ᠵᠢᠭᠠᠵᠤ ᠪᠤᠶ᠃ ᠡᠭᠦᠨ ᠳᠤ ᠲᠠᠷᠢᠬᠤ᠂ ᠲᠡᠵᠢᠭᠡᠨ ᠦᠷᠡᠵᠢᠭᠦᠯᠬᠦ᠂ ᠴᠤᠭᠯᠠᠭᠤᠯᠬᠤ ᠪᠠ ᠡᠳ᠋ᠰᠢᠭᠦᠯᠬᠦ ᠵᠡᠷᠭᠡ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠤᠨ ᠣᠷᠣᠯᠭ᠎ᠠ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠭᠠᠷ ᠦᠢᠯᠡᠳᠪᠦᠷᠢ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠷᠠᠯᠵᠢᠶ᠎ᠠ ᠶᠢᠨ ᠦᠢᠯᠡᠰ᠂ ᠢᠳᠡᠭᠡᠨ ᠤᠮᠳᠠᠭᠠᠨ ᠤ ᠦᠢᠯᠡᠰ᠂ ᠰᠣᠶᠣᠯ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ ᠤᠨ ᠦᠢᠯᠡᠰ ᠪᠠ ᠨᠡᠶᠢᠭᠡᠮ ᠤᠨ ᠦᠢᠯᠡᠴᠢᠯᠡᠭᠡᠨ ᠤ ᠦᠢᠯᠡᠰ ᠵᠡᠷᠭᠡ ᠶᠢᠨ ᠡᠵᠡᠩᠨᠡᠯᠲᠡ ᠪᠠ ᠲᠥᠯᠥᠪᠦᠷᠢ ᠲᠠᠢ ᠦᠢᠯᠡᠴᠢᠯᠡᠭᠡᠨ ᠤ ᠠᠵᠢᠯᠯᠠᠭ᠎ᠠ ᠡᠷᠬᠢᠯᠡᠭᠰᠡᠨ ᠣᠷᠣᠯᠭ᠎ᠠ ᠵᠡᠷᠭᠡ ᠪᠠᠭᠲᠠᠨ᠎ᠠ᠃    ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ ᠵᠢᠯ ᠤᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 60%᠃    ᠲᠠᠷᠢᠶᠠᠴᠢᠨ ᠮᠠᠯᠴᠢᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠭᠤᠷᠢᠭ ᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃    ᠲᠡᠵᠢᠭᠡᠨ ᠦᠷᠡᠵᠢᠭᠦᠯᠬᠦ ᠦᠢᠯᠡᠰ ᠤᠨ ᠵᠢᠯ ᠤᠨ ᠣᠷᠣᠯᠭ᠎ᠠ = ᠮᠠᠯ ᠠᠵᠤ ᠠᠬᠤᠶ᠂ ᠭᠡᠷ ᠤᠨ ᠵᠢᠭᠦᠷᠲᠡᠨ ᠤ ᠵᠢᠯ ᠤᠨ ᠣᠷᠣᠯᠭ᠎ᠠ ᠶᠢᠨ ᠲᠣᠭᠠᠴᠠᠭᠠᠨ ᠤ ᠪᠠᠷᠢᠮᠵᠢᠶ᠎ᠠ × ᠣᠲᠣ ᠶᠢᠨ ᠪᠠᠶᠢᠭ᠎ᠠ ᠲᠤᠭ᠎ᠠ ᠬᠡᠮᠵᠢᠶ᠎ᠡ᠃    ᠮᠠᠯ ᠤᠨ ᠭᠠᠷᠭᠠᠯᠲᠠ ᠶᠢᠨ ᠨᠣᠷᠮ᠎ᠠ ᠶᠢ ᠦᠨᠳᠦᠰᠦᠯᠡᠨ ᠲᠡᠵᠢᠭᠡᠨ ᠦᠷᠡᠵᠢᠭᠦᠯᠬᠦ ᠳᠤᠮᠳᠠᠬᠢ ᠡᠯ᠎ᠡ ᠵᠦᠢᠯ ᠤᠨ ᠣᠷᠣᠭᠤᠯᠤᠯᠲᠠ ᠶᠢ ᠬᠠᠰᠤᠭᠰᠠᠨ ᠤ ᠳᠠᠷᠠᠭ᠎ᠠ ᠲᠣᠭᠲᠠᠭᠠᠭᠰᠠᠨ ᠨᠢᠵᠡᠭᠡᠳ ᠦᠨ᠎ᠡ᠄ ᠦᠬᠡᠷ ᠮᠣᠷᠢ᠂ ᠯᠠᠭᠤᠰᠠ ᠵᠡᠷᠭᠡ ᠲᠣᠮᠣ ᠬᠡᠯᠪᠡᠷᠢ ᠶᠢᠨ ᠮᠠᠯ 1000 ᠲᠥᠭᠦᠷᠢᠭ᠂ ᠬᠤᠨᠢ 200 ᠲᠥᠭᠦᠷᠢᠭ᠂ ᠭᠠᠭ᠋ᠠᠢ 500 ᠲᠥᠭᠦᠷᠢᠭ᠂ ᠲᠠᠬᠢᠶ᠎ᠠ ᠨᠤᠭᠤᠰᠤᠨ ᠭᠠᠯᠠᠭᠤ ᠵᠡᠷᠭᠡ ᠭᠡᠷ ᠤᠨ ᠵᠢᠭᠦᠷᠲᠡᠨ 30 ᠲᠥᠭᠦᠷᠢᠭ ︵ᠦᠬᠡᠷ ᠡᠯᠵᠢᠭᠡ᠂ ᠯᠠᠭᠤᠰᠠ ᠵᠡᠷᠭᠡ ᠲᠣᠮᠣ ᠬᠡᠯᠪᠡᠷᠢ ᠶᠢᠨ ᠮᠠᠯ 30᠂ ᠭᠠᠭ᠋ᠠᠢ 5᠂ ᠬᠤᠨᠢ 10᠂ ᠲᠠᠬᠢᠶ᠎ᠠ ᠨᠤᠭᠤᠰᠤ ᠭᠠᠯᠠᠭᠤ ᠵᠡᠷᠭᠡ ᠭᠡᠷ ᠤᠨ ᠵᠢᠭᠦᠷᠲᠡᠨ ᠢ 50᠎ ᠠᠴᠠ ᠡᠬᠢᠯᠡᠵᠦ ᠪᠣᠳᠤᠨ᠎ᠠ︶᠃    ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ ᠡᠵᠡᠩᠨᠡᠭᠴᠢᠳ ᠢ ᠪᠣᠳᠠᠲᠠᠶ ᠴᠡᠪᠡᠷ ᠣᠷᠣᠯᠭ᠎ᠠ ᠪᠤᠶᠤ ᠪᠣᠳᠠᠲᠠᠶ ᠲᠤᠰᠢᠶᠠᠭᠰᠠᠨ ᠭᠠᠶᠢᠯᠢ ᠲᠠᠲᠠᠪᠤᠷᠢ ᠶᠢᠨ ᠰᠠᠭᠤᠷᠢ ᠲᠤᠭ᠎ᠠ ᠶᠢᠨ ᠶᠣᠰᠣᠭᠠᠷ ᠶᠡᠷᠦᠩᠬᠡᠶᠢᠯᠡᠨ ᠮᠠᠭᠠᠳᠯᠠᠨ ᠲᠣᠭᠲᠠᠭᠠᠨ᠎ᠠ᠃ ᠪᠤᠰᠤᠳ ᠪᠠᠶᠢᠳᠠᠯ ᠢ ᠲᠤᠬᠠᠶ ᠶᠢᠨ ᠭᠠᠵᠠᠷ ᠤᠨ ᠦᠨᠡᠯᠡᠨ ᠵᠢᠱᠢᠬᠦ ᠪᠠᠷᠢᠮᠵᠢᠶ᠎ᠠ ᠪᠠ ᠠᠷᠭ᠎ᠠ ᠶᠢᠨ ᠶᠣᠰᠣᠭᠠᠷ ᠲᠦᠯᠬᠢᠨ ᠪᠣᠳᠤᠨ᠎ᠠ᠃    ︵3︶ ᠡᠳ᠋ ᠬᠦᠷᠦᠩᠭᠡ ᠶᠢᠨ ᠴᠡᠪᠡᠷ ᠤᠷᠤᠯᠭ᠎ᠠ    ᠡᠳ᠋ ᠬᠥᠷᠥᠩᠭᠡ ᠶᠢᠨ ᠴᠡᠪᠡᠷ ᠣᠷᠣᠯᠭ᠎ᠠ ᠨᠢ ᠬᠥᠳᠡᠯᠬᠦ ᠬᠥᠷᠥᠩᠭᠡ ᠪᠠ ᠥᠯᠥ ᠬᠥᠳᠡᠯᠬᠦ ᠬᠥᠷᠥᠩᠭᠡ ᠶᠢ ᠵᠢᠭᠠᠵᠤ ᠭᠠᠷᠭᠠᠭᠠᠳ᠂ ᠡᠰᠡᠬᠦᠯ᠎ᠡ ᠬᠥᠳᠡᠯᠬᠦ ᠬᠥᠷᠥᠩᠭᠡ ᠪᠠ ᠥᠯᠥ ᠬᠥᠳᠡᠯᠬᠦ ᠬᠥᠷᠥᠩᠭᠡ ᠶᠢ ᠪᠤᠰᠤᠳ ᠪᠠᠶᠢᠭᠤᠯᠤᠮᠵᠢ᠂ ᠨᠢᠭᠡᠴᠢ ᠪᠤᠶᠤ ᠬᠤᠪᠢ ᠬᠥᠮᠦᠨ ᠳᠤ ᠲᠤᠰᠢᠶᠠᠨ ᠬᠡᠷᠡᠭᠯᠡᠭᠦᠯᠬᠦ ᠶᠢᠨ ᠬᠠᠮᠲᠤ ᠬᠠᠮᠢᠶ᠎ᠠ ᠪᠥᠬᠦᠶ ᠵᠠᠷᠤᠳᠠᠯ ᠢ ᠬᠠᠰᠤᠭᠰᠠᠨ ᠤ ᠳᠠᠷᠠᠭ᠎ᠠ ᠣᠯᠤᠭᠰᠠᠨ ᠣᠷᠣᠯᠭ᠎ᠠ᠂ ᠡᠭᠦᠨ ᠳᠤ ᠬᠠᠳᠠᠭᠠᠯᠠᠮᠵᠢ ᠶᠢᠨ ᠬᠦᠦ ᠮᠥᠩᠭᠦ᠂ ᠦᠨᠡᠲᠦ ᠲᠡᠮᠳᠡᠭᠲᠦ ᠶᠢᠨ ᠴᠡᠪᠡᠷ ᠠᠰᠢᠭ᠂ ᠬᠠᠳᠠᠭᠠᠯᠠᠮᠵᠢ ᠶᠢᠨ ᠴᠢᠨᠠᠷᠲᠠᠶ ᠳᠠᠭᠠᠳᠬᠠᠯ ᠤᠨ ᠪᠠᠯᠠ ᠣᠷᠣᠭᠤᠯᠤᠯᠲᠠ ᠵᠢᠴᠢ ᠪᠤᠰᠤᠳ ᠰᠲ᠋ᠣᠺ ᠤᠨ ᠬᠦᠦ ᠮᠥᠩᠭᠦ ᠪᠠ ᠠᠰᠢᠭ ᠣᠯᠵᠠᠪᠤᠷᠢ ᠵᠡᠷᠭᠡ ᠣᠷᠣᠯᠭ᠎ᠠ᠂ ᠬᠠᠮᠲᠤ ᠶᠢᠨ ᠡᠳ᠋ ᠬᠥᠷᠥᠩᠭᠡ ᠶᠢᠨ ᠣᠷᠣᠯᠭ᠎ᠠ ᠶᠢᠨ ᠠᠰᠢᠭ ᠬᠤᠪᠢᠶᠠᠷᠢᠯᠠᠯᠲᠠ ᠪᠠ ᠪᠤᠰᠤᠳ ᠬᠥᠳᠡᠯᠬᠦ ᠬᠥᠷᠥᠩᠭᠡ ᠶᠢᠨ ᠣᠷᠣᠯᠭ᠎ᠠ ᠵᠢᠴᠢ ᠰᠢᠯᠵᠢᠭᠦᠯᠦᠨ ᠲᠦᠷᠢᠶᠡᠰᠦᠯᠡᠭᠦᠯᠵᠦ ᠳᠠᠭᠠᠭᠠᠴᠢᠯᠠᠭᠤᠯᠬᠤ᠂ ᠬᠡᠷ ᠬᠥᠷᠥᠩᠭᠡ ᠶᠢ ᠲᠦᠷᠢᠶᠡᠰᠦᠯᠡᠭᠦᠯᠬᠦ ᠪᠤᠶᠤ ᠰᠢᠯᠵᠢᠭᠦᠯᠬᠦ ᠵᠢᠴᠢ ᠥᠯᠥ ᠬᠥᠳᠡᠯᠬᠦ ᠬᠥᠷᠥᠩᠭᠡ ᠶᠢᠨ ᠪᠤᠰᠤᠳ ᠣᠷᠣᠯᠭ᠎ᠠ ᠵᠡᠷᠭᠡ ᠪᠠᠭᠲᠠᠨ᠎ᠠ᠃    ᠭᠠᠵᠠᠷ ᠰᠢᠷᠤᠢ᠂ ᠨᠤᠳᠤᠭ ᠪᠡᠯᠴᠢᠭᠡᠷ᠂ ᠭᠡᠷ ᠪᠠᠶᠢᠰᠢᠩ ᠤᠨ ᠳᠦᠷᠢᠶᠡᠰᠦᠯᠡᠬᠦᠯᠬᠦ᠂ ᠨᠤᠷᠠᠭᠠᠨ ᠨᠡᠭᠦᠯᠭᠡᠬᠦ᠂ ᠲᠠᠲᠠᠪᠤᠷᠢᠯᠠᠨ ᠬᠡᠷᠡᠭᠯᠡᠭᠰᠡᠨ ᠵᠡᠷᠭᠡ ᠤᠷᠤᠯᠭ᠎ᠠ ᠶᠢ ᠬᠤᠶᠠᠷ ᠲᠠᠯ᠎ᠠ ᠪᠠᠷ ᠢᠶᠠᠨ ᠭᠡᠷ᠎ᠡ᠂ ᠵᠦᠪᠯᠡᠯᠴᠡᠭᠡᠷ ᠢᠶᠠᠷ ᠯᠠᠪᠯᠠᠯᠳᠠ ᠪᠤᠯᠭᠠᠨ ᠮᠠᠭᠠᠳᠯᠠᠨ ᠲᠤᠭᠳᠠᠭᠠᠨ᠎ᠠ︔ ᠭᠡᠷ᠎ᠡ᠂ ᠵᠦᠪᠯᠡᠯᠴᠡᠭᠡᠷ ᠢ ᠬᠠᠩᠭᠠᠵᠤ ᠳᠡᠶᠢᠯᠬᠦ ᠦᠭᠡᠢ ᠪᠠᠶᠢᠪᠠᠯ᠂ ᠲᠤᠬᠠᠢ ᠶᠢᠨ ᠭᠠᠵᠠᠷ ᠤᠨ ᠠᠳᠠᠯᠢ ᠲᠦᠷᠦᠯ ᠤᠨ ᠡᠳ᠋ ᠬᠦᠷᠦᠩᠭᠡ ᠶᠢᠨ ᠪᠤᠳᠠᠳᠤ ᠦᠨ᠎ᠡ ᠪᠠᠷ ᠯᠠᠪᠯᠠᠯᠳᠠ ᠪᠤᠯᠭᠠᠨ ᠮᠠᠭᠠᠳᠯᠠᠨ ᠲᠤᠭᠳᠠᠭᠠᠨ᠎ᠠ᠃    ᠬᠠᠳᠠᠭᠠᠯᠠᠮᠵᠢ ᠶᠢᠨ ᠬᠦᠦ ᠮᠥᠩᠭᠦ᠂ ᠦᠨᠡᠲᠦ ᠲᠡᠮᠳᠡᠭᠲᠦ ᠶᠢᠨ ᠠᠰᠢᠭ ᠲᠤᠰᠠ᠂ ᠪᠡᠯᠡ ᠣᠷᠣᠭᠤᠯᠤᠭᠰᠠᠨ ᠬᠤᠪᠢ ᠣᠷᠣᠭᠤᠯᠤᠭᠰᠠᠨ ᠬᠦᠦ ᠮᠥᠩᠭᠦ ᠶᠢᠨ ᠠᠰᠢᠭ ᠣᠯᠵᠠᠪᠤᠷᠢ ᠵᠡᠷᠭᠡ ᠶᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠭᠡᠷᠡᠴᠢ ᠪᠠᠷ ᠪᠣᠳᠣᠵᠤ᠂ ᠬᠠᠮᠲᠤ ᠶᠢᠨ ᠡᠳ᠋ ᠬᠥᠷᠥᠩᠭᠡ ᠶᠢᠨ ᠣᠷᠣᠯᠭ᠎ᠠ ᠶᠢᠨ ᠠᠰᠢᠭ ᠬᠤᠪᠢᠶᠠᠷᠢᠯᠠᠬᠤ ᠶᠢ ᠬᠠᠮᠲᠤ ᠶᠢᠨ ᠥᠭᠭᠦᠭᠰᠡᠨ ᠬᠤᠪᠢᠶᠠᠷᠢᠯᠠᠯᠲᠠ ᠶᠢᠨ ᠲᠡᠮᠳᠡᠭᠯᠡᠯ ᠢᠶᠠᠷ ᠪᠣᠳᠣᠵᠤ ᠮᠠᠭᠠᠳᠯᠠᠨ ᠲᠣᠭᠲᠠᠭᠠᠨ᠎ᠠ᠃    ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠭ᠎ᠠ ᠨᠢ ᠲᠡᠭᠦᠨ ᠤ ᠲᠤᠰᠬᠠᠶ ᠠᠰᠢᠭ ᠤᠨ ᠡᠷᠬᠡ ᠂ ᠲᠠᠸᠠᠷ ᠤᠨ ᠲᠡᠮᠳᠡᠭ ᠤᠨ ᠡᠷᠬᠡ᠂ ᠵᠣᠬᠢᠶᠠᠯ ᠪᠦᠲᠦᠭᠡᠯ ᠤᠨ ᠡᠷᠬᠡ ᠶᠢ ᠰᠢᠯᠵᠢᠭᠦᠯᠦᠨ ᠥᠭᠬᠦ ᠪᠠ ᠬᠡᠷᠡᠭᠯᠡᠬᠦ ᠭᠡᠷ᠎ᠡ ᠶᠢ ᠪᠠᠶᠢᠴᠠᠭᠠᠨ ᠦᠵᠡᠪᠡ︔ ᠳᠠᠭᠠᠳᠬᠠᠯ ᠤᠨ ᠠᠰᠢᠭ ᠣᠯᠵᠠᠪᠤᠷᠢ ᠶᠢ ᠳᠠᠭᠠᠳᠬᠠᠯ ᠤᠨ ᠭᠡᠷ᠎ᠡ ᠶᠢ ᠦᠨᠳᠦᠰᠦᠯᠡᠨ ᠪᠤᠳᠤᠨ᠎ᠠ︔ ᠶᠡᠭᠡ ᠬᠡᠮᠵᠢᠶᠡᠨ ᠤ ᠱᠠᠩᠨᠠᠯᠲᠤ ᠰᠤᠭᠤᠯᠤᠭ᠎ᠠ ᠶᠢᠨ ᠠᠰᠢᠭ ᠣᠯᠵᠠᠪᠤᠷᠢ ᠶᠢ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ ᠤᠨ ᠲᠤᠭ᠎ᠠ ᠪᠠᠷᠢᠮᠲᠠ ᠶᠢ ᠦᠨᠳᠦᠰᠦᠯᠡᠨ ᠣᠷᠣᠯᠭ᠎ᠠ ᠳᠤ ᠪᠤᠳᠤᠵᠤ ᠣᠷᠣᠭᠤᠯᠤᠨ᠎ᠠ᠃    ︵4︶ ᠰᠢᠯᠵᠢᠭᠦᠯᠤᠭ᠍ᠰᠡᠨ ᠴᠡᠪᠡᠷ ᠤᠷᠤᠯᠭ᠎ᠠ    ᠴᠡᠪᠡᠷ ᠣᠷᠣᠯᠭ᠎ᠠ ᠶᠢ ᠰᠢᠯᠵᠢᠭᠦᠯᠬᠦ ᠴᠢᠨᠠᠷᠲᠠᠢ ᠣᠷᠤᠯᠭ᠎ᠠ ᠶᠢᠨ ᠭᠡᠨᠡᠳᠲᠡ ᠶᠢᠨ ᠴᠢᠨᠠᠷᠲᠠᠢ ᠵᠠᠷᠤᠯᠭ᠎ᠠ ᠶᠢ ᠬᠠᠰᠤᠵᠤ ᠰᠢᠯᠵᠢᠭᠦᠯᠦᠭᠰᠡᠨ ᠤ ᠳᠠᠷᠠᠭᠠᠬᠢ ᠣᠷᠤᠯᠭ᠎ᠠ ᠶᠢ ᠰᠢᠯᠵᠢᠭᠦᠯᠦᠨ᠎ᠡ᠃ ᠡᠭᠦᠨ ᠳᠤ᠂ ᠰᠢᠯᠵᠢᠭᠦᠯᠬᠦ ᠴᠢᠨᠠᠷᠲᠠᠶ ᠣᠷᠣᠯᠭ᠎ᠠ ᠭᠡᠳᠡᠭ ᠨᠢ ᠤᠯᠤᠰ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠰᠠᠭᠤᠭᠠᠯᠢ ᠠᠷᠠᠳ ᠤᠨ ᠡᠯ᠎ᠡ ᠵᠦᠢᠯ ᠤᠨ ᠪᠠᠶᠢᠩᠭᠤ ᠶᠢᠨ ᠴᠢᠨᠠᠷᠲᠠᠶ ᠰᠢᠯᠵᠢᠭᠦᠯᠦᠨ ᠥᠭᠬᠦ ᠪᠠ ᠰᠠᠭᠤᠭᠠᠯᠢ ᠠᠷᠠᠳ ᠤᠨ ᠬᠤᠭᠤᠷᠣᠨᠳᠣᠬᠢ ᠪᠠᠶᠢᠩᠭᠤ ᠶᠢᠨ ᠴᠢᠨᠠᠷᠲᠠᠶ ᠣᠷᠣᠯᠭ᠎ᠠ ᠶᠢᠨ ᠰᠢᠯᠵᠢᠯᠲᠡ ᠶᠢ ᠵᠢᠭᠠᠵᠤ ᠪᠠᠶᠢᠨ᠎ᠠ ᠂ ᠡᠭᠦᠨ ᠳᠤ ᠠᠰᠠᠷᠠᠨ ᠲᠡᠵᠢᠭᠡᠬᠦ ᠵᠠᠷᠤᠳᠠᠯ᠂ ᠠᠵᠢᠯ ᠠᠴᠠ ᠪᠠᠨ ᠠᠮᠠᠷᠠᠭᠰᠠᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠨᠦᠭᠴᠢᠭᠰᠡᠳ ᠤᠨ ᠬᠡᠷ ᠪᠦᠯᠢ ᠶᠢᠨ ᠨᠥᠬᠦᠪᠥᠷᠢ ᠮᠥᠩᠭᠦ᠂ ᠲᠥᠯᠥᠪᠦᠷᠢ ᠶᠢᠨ ᠣᠷᠣᠯᠭ᠎ᠠ᠂ ᠬᠠᠨᠲᠢᠪ ᠬᠦᠷᠭᠡᠭᠰᠡᠨ ᠢ ᠬᠦᠯᠢᠶᠡᠨ ᠠᠪᠤᠭᠰᠠᠨ ︵ᠪᠡᠯᠡᠭ︶ ᠣᠷᠣᠯᠭ᠎ᠠ ᠵᠡᠷᠭᠡ ᠶᠢ ᠪᠠᠭᠲᠠᠭᠠᠨ᠎ᠠ︔ ᠰᠢᠯᠵᠢᠭᠦᠯᠦᠨ ᠨᠡᠭᠦᠯᠭᠡᠬᠦ ᠴᠢᠨᠠᠷᠲᠠᠶ ᠵᠠᠷᠤᠯᠭ᠎ᠠ ᠨᠢ ᠰᠠᠭᠤᠭᠠᠯᠢ ᠠᠷᠠᠳ ᠤᠨ ᠤᠯᠤᠰ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠲᠤ ᠪᠠᠶᠢᠩᠭᠤ ᠶᠢᠨ ᠴᠢᠨᠠᠷᠲᠠᠶ ᠰᠢᠯᠵᠢᠭᠦᠯᠦᠨ ᠥᠭᠬᠦ ᠵᠠᠷᠤᠯᠭ᠎ᠠ ᠶᠢ ᠵᠢᠭᠠᠵᠤ ᠪᠣᠶ᠂ ᠡᠭᠦᠨ ᠳᠤ ᠲᠤᠰᠢᠶᠠᠭᠰᠠᠨ ᠭᠠᠶᠢᠯᠢ ᠶᠢᠨ ᠮᠥᠩᠭᠦ᠂ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ᠂ ᠠᠰᠠᠷᠠᠨ ᠲᠡᠵᠢᠭᠡᠬᠦ ᠵᠠᠷᠤᠯᠭ᠎ᠠ ᠵᠢᠴᠢ ᠪᠤᠰᠤᠳ ᠪᠠᠶᠢᠩᠭᠤ ᠶᠢᠨ ᠴᠢᠨᠠᠷᠲᠠᠶ ᠰᠢᠯᠵᠢᠭᠦᠯᠦᠨ ᠥᠭᠬᠦ ᠵᠠᠷᠤᠯᠭ᠎ᠠ ᠵᠡᠷᠭᠡ ᠶᠢ ᠪᠠᠭᠲᠠᠭᠠᠨ᠎ᠠ᠃    ᠨᠠᠰᠤᠵᠢᠯ ᠤᠨ ᠳᠠᠭᠠᠳᠬᠠᠯ᠂ ᠠᠵᠢᠯ ᠠᠴᠠ ᠪᠠᠨ ᠠᠮᠠᠷᠠᠭᠰᠠᠨ ᠮᠥᠩᠭᠦ᠂ ᠨᠦᠭᠴᠢᠭᠰᠡᠳ ᠤᠨ ᠭᠡᠷ ᠪᠦᠯᠢ ᠶᠢᠨ ᠨᠥᠬᠦᠪᠥᠷᠢ ᠮᠥᠩᠭᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ᠂ ᠤᠯᠤᠰ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ ᠵᠡᠷᠭᠡ ᠶᠢ ᠪᠣᠳᠠᠲᠠᠶ ᠠᠪᠤᠭᠰᠠᠨ ᠲᠤᠭ᠎ᠠ ᠪᠠᠷ ᠪᠣᠳᠣᠨ᠎ᠠ᠃    ᠠᠰᠠᠷᠠᠨ ᠲᠡᠵᠢᠭᠡᠬᠦ ᠵᠠᠷᠤᠳᠠᠯ᠂ ᠳᠡᠳᠬᠦᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ ᠤᠨ ᠲᠣᠭᠠᠴᠠᠭ᠎ᠠ    A ᠦᠷ᠎ᠡ ᠬᠡᠦᠬᠡᠳ ᠨᠢ ᠲᠠᠷᠢᠶᠠᠯᠠᠬᠤ ᠮᠠᠯᠵᠢᠬᠤ ᠣᠷᠣᠨ ᠳᠤ ᠰᠠᠭᠤᠵᠤ᠂ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠵᠦ᠂ ᠮᠠᠯ ᠠᠵᠤ ᠠᠬᠤᠶ ᠲᠡᠵᠢᠭᠡᠨ ᠦᠷᠡᠵᠢᠭᠦᠯᠦᠭᠰᠡᠨ ᠦᠭᠡᠶ ᠪᠣᠯ᠂ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ ᠣᠨ ᠤ ᠲᠤᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶ᠎ᠠ ᠲᠤᠭ᠎ᠠ × 5%︔    B ᠦᠷ᠎ᠡ ᠬᠡᠤᠬᠡᠳ ᠨᠢ ᠲᠤᠨᠨᠳᠠᠪᠤᠷᠢᠳᠠᠢ ᠤᠷᠤᠯᠭ᠎ᠠ ᠦᠬᠡᠢ ᠪᠠᠷ ᠬᠤᠳᠠ ᠪᠠᠯᠭᠠᠰᠤᠨ ᠳᠤ ᠬᠦᠴᠦ ᠶᠠᠪᠤᠪᠠᠯ᠂ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠦᠮᠦᠨ ᠤ ᠬᠦᠳᠡᠯᠮᠤᠷᠢ ᠬᠦᠴᠦᠨ ᠤ ᠢᠯᠡᠳᠬᠡᠮᠵᠢ × 7 ᠰᠠᠷ᠎ᠠ ᠶᠢᠨ ᠲᠤᠰ ᠭᠠᠵᠠᠷ ᠤᠷᠤᠨ ᠤ ᠰᠠᠷ᠎ᠠ ᠶᠢᠨ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ × 7 ᠰᠠᠷ᠎ᠠ ᠬᠡᠳᠡᠭ ᠨᠢ 5%︔    C ᠦᠷ᠎ᠡ ᠬᠡᠤᠬᠡᠳ ᠨᠢ ᠲᠡᠵᠢᠬᠡᠨ ᠦᠷᠡᠵᠢᠭᠦᠯᠬᠦ ᠦᠢᠯᠡᠰ ᠤᠨ ᠡᠵᠡᠩᠨᠡᠯᠳᠡ ᠬᠢᠭᠰᠡᠨ ᠪᠠᠶᠢᠪᠠᠯ᠂ ᠬᠡᠷ ᠪᠦᠯᠢ ᠶᠢᠨ ᠲᠡᠵᠢᠬᠡᠬᠦ ᠦᠢᠯᠡᠰ ᠤᠨ ᠵᠢᠯ ᠤᠨ ᠴᠡᠪᠡᠷ ᠤᠷᠤᠯᠭ᠎ᠠ ᠶᠢᠨ 5%᠎ ᠪᠠᠷ ᠡᠴᠢᠭᠡ ᠡᠬᠡ ᠳᠤ ᠪᠠᠨ ᠵᠢᠯ ᠤᠨ ᠠᠰᠠᠷᠠᠨ ᠲᠡᠵᠢᠬᠡᠬᠦ ᠰᠦᠢᠳᠬᠡᠯ ᠦᠭᠭᠦᠨ᠎ᠡ︔    D ᠦᠷ᠎ᠡ ᠬᠡᠦᠬᠡᠳ ᠨᠢ ᠲᠠᠷᠢᠶᠠᠯᠠᠬᠤ ᠮᠠᠯᠵᠢᠬᠤ ᠣᠷᠣᠨ ᠳᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠪᠤᠶᠤ ᠬᠤᠷᠰᠢᠶ᠎ᠠ ᠡᠵᠡᠩᠨᠡᠬᠦ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠯᠠᠭ᠎ᠠ ᠬᠢᠭᠰᠡᠨ ᠪᠣᠯ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ ᠣᠨ ᠤ ᠲᠤᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶᠠᠲᠤ ᠲᠤᠭ᠎ᠠ × 10%᠃ ᠦᠷ᠎ᠡ ᠬᠡᠦᠬᠡᠳ ᠨᠢ ᠬᠤᠲᠠ ᠪᠠᠯᠭᠠᠰᠤᠨ ᠳᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠪᠤᠶᠤ ᠬᠤᠷᠰᠢᠶ᠎ᠠ ᠠᠴᠠ ᠡᠵᠡᠩᠨᠡᠭᠰᠡᠨ ᠪᠣᠯ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠨᠢᠭᠡ ᠣᠨ ᠤ ᠲᠤᠰ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ × 12 ᠰᠠᠷ᠎ᠠ ᠪᠣᠯᠤᠨ᠎ᠠ︔    E ᠦᠷ᠎ᠡ ᠬᠡᠦᠬᠡᠳ ᠨᠢ ᠭᠡᠷ ᠪᠦᠯᠢ ᠶᠢᠨ ᠵᠢᠵᠢᠭ ᠮᠠᠰᠢᠨ ᠲᠡᠷᠭᠡ ︵ᠵᠡᠮᠳᠡᠭᠴᠦᠳ ᠢ ᠣᠷᠣᠯᠠᠨ ᠠᠯᠬᠤᠬᠤ ᠲᠡᠷᠭᠡ ᠠᠴᠠ ᠭᠠᠳᠠᠨ᠎ᠠ︶ ᠪᠤᠶᠤ ᠮᠠᠰᠢᠨ ᠲᠡᠷᠭᠡᠨ ᠤ ᠵᠥᠭᠡᠭᠡᠪᠦᠷᠢ ᠶᠢᠨ ᠲᠡᠷᠭᠡ ᠬᠥᠰᠬᠡ ᠶᠢ ᠪᠣᠯ 1000-2000 ᠲᠥᠭᠦᠷᠢᠭ ᠤᠨ ᠪᠠᠷᠢᠮᠵᠢᠶ᠎ᠠ ᠪᠠᠷ ᠡᠴᠢᠭᠡ ᠡᠬᠡ ᠳᠤ ᠪᠠᠨ ᠥᠭᠬᠦ ᠣᠨ ᠤ ᠠᠰᠠᠷᠠᠨ ᠲᠡᠵᠢᠭᠡᠬᠦ ᠵᠠᠷᠤᠳᠠᠯ ᠢ ᠨᠢ ᠪᠣᠳᠤᠨ᠎ᠠ︔    F ᠥᠷ᠎ᠡ ᠬᠡᠥᠬᠡᠳ ᠨᠢ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠪᠤᠶᠤ ᠠᠵᠦ ᠠᠬᠤᠶᠢᠯᠠᠯ ᠤᠨ ᠵᠢᠩᠬᠢᠨᠢ ᠠᠵᠢᠯᠳᠠᠨ ᠠᠵᠢᠯᠴᠢᠨ ᠪᠣᠯ᠂ ᠡᠴᠢᠭᠡ ᠡᠬᠡ ᠶᠢᠨ ᠢᠶᠠᠨ ᠨᠢᠭᠡ ᠲᠠᠯ᠎ᠠ ᠳᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠵᠢᠯ ᠤᠨ ᠴᠠᠯᠢᠩ ᠤᠨ ᠶᠠᠷᠤᠩᠬᠡᠢ ᠳᠤᠭ᠎ᠠ 10%᠃ ᠵᠢᠯ ᠤᠨ ᠴᠠᠯᠢᠩ ᠤᠨ ᠶᠡᠷᠦᠩᠬᠡᠢ ᠲᠤᠭ᠎ᠠ ᠶᠢ ᠪᠤᠳᠠᠳᠠᠢ ᠠᠪᠤᠭᠰᠠᠨ ᠲᠤᠭ᠎ᠠ ᠪᠠᠷ ᠬᠢᠨᠠᠨ ᠲᠤᠭᠳᠠᠭᠠᠨ᠎ᠠ︔    G ᠳᠤᠰᠬᠤᠨ ᠤ ᠬᠤᠶᠠᠷ ᠵᠦᠪᠯᠡᠯ ᠤᠨ ᠴᠠᠯᠢᠩ ᠬᠦᠯᠦᠰᠦ ᠲᠠᠢ ᠬᠦᠮᠦᠰ᠂ ᠳᠤᠰᠬᠤᠨ ᠤ ᠴᠠᠬᠢᠯᠭᠠᠨ ᠤ ᠠᠵᠢᠯᠴᠢᠨ᠂ ᠨᠡᠶᠢᠬᠡᠮ ᠳᠤᠭᠤᠷᠢᠭ ᠤᠨ ᠠᠵᠢᠯᠳᠠᠨ ᠪᠠ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠷᠳᠤ ᠬᠤᠭᠤᠴᠠᠭ᠎ᠠ ᠪᠠᠷ ᠤᠷᠢᠨ ᠬᠡᠷᠡᠭᠯᠡᠵᠦ ᠪᠠᠶᠢᠭ᠎ᠠ ᠬᠦᠮᠦᠰ ᠤᠨ ᠵᠢᠯ ᠤᠨ ᠠᠴᠢᠯᠠᠨ ᠲᠡᠵᠢᠭᠡᠬᠦ ᠵᠠᠷᠤᠳᠠᠯ ᠵᠠᠷᠤᠳᠠᠯ = ᠵᠢᠯ ᠤᠨ ᠴᠠᠯᠢᠩ ᠤᠨ ᠪᠦᠬᠦ ᠲᠣᠭᠠᠨ ᠤ 5% ᠪᠠᠶᠢᠵᠤ᠂ ᠵᠢᠯ ᠤᠨ ᠴᠠᠯᠢᠩ ᠤᠨ ᠶᠡᠷᠦᠩᠬᠡᠢ ᠬᠡᠮᠵᠢᠶ᠎ᠡ ᠶᠢ ᠪᠤᠳᠠᠳᠠᠢ ᠠᠪᠤᠭᠰᠠᠨ ᠲᠤᠭ᠎ᠠ ᠪᠠᠷ ᠪᠤᠳᠤᠳᠠᠭ︔    H ᠠᠳᠠᠯᠢ ᠨᠢᠭᠡᠨ ᠦᠷ᠎ᠡ ᠬᠡᠦᠬᠡᠳ ᠨᠢ ᠳᠡᠭᠡᠷ᠎ᠡ ᠳᠤᠷᠠᠳᠤᠭᠰᠠᠨ ᠣᠷᠣᠯᠭ᠎ᠠ ᠶᠢᠨ ᠲᠥᠷᠥᠯ ᠵᠦᠢᠯ ᠳᠠᠪᠬᠤᠷᠳᠠᠬᠤ ᠦᠶ᠎ᠡ ᠳᠤ ᠣᠷᠣᠯᠭ᠎ᠠ ᠪᠣᠯᠣᠨ ᠠᠰᠠᠷᠠᠨ ᠲᠡᠵᠢᠭᠡᠬᠦ ᠵᠠᠷᠤᠳᠠᠯ ᠢ ᠨᠡᠶᠢᠯᠡᠭᠦᠯᠥᠨ ᠪᠣᠳᠣᠬᠤ ᠬᠡᠷᠡᠭᠲᠡᠢ᠂ ᠦᠷ᠎ᠡ ᠬᠡᠦᠬᠡᠳ ᠤᠨ ᠬᠢᠨᠢ ᠪᠤᠰᠤᠳ ᠣᠷᠣᠯᠭ᠎ᠠ ᠶᠢ 2%᠎ ᠢᠶᠠᠷ ᠲᠣᠭᠠᠴᠠᠨ ᠪᠣᠳᠣᠵᠤ ᠠᠰᠠᠷᠠᠨ ᠲᠡᠵᠢᠭᠡᠬᠦ ᠵᠠᠷᠤᠳᠠᠯ ᠳᠤ ᠪᠣᠳᠣᠵᠤ ᠣᠷᠣᠭᠤᠯᠵᠤ ᠪᠣᠯᠣᠨ᠎ᠠ︔    I ᠲᠡᠳᠬᠦᠨ ᠲᠡᠵᠢᠭᠡᠬᠦ ᠵᠠᠷᠤᠳᠠᠯ ᠢ ᠪᠣᠳᠠᠲᠠᠶ ᠥᠭᠭᠦᠭᠰᠡᠨ ᠪᠠᠶᠢᠳᠠᠯ ᠢᠶᠠᠷ ᠲᠣᠭᠠᠴᠠᠭ᠎ᠠ ᠬᠢᠨ᠎ᠡ︔    J ᠤᠷᠤᠭ ᠰᠠᠯᠤᠭᠰᠠᠨ ᠭᠡᠷ ᠪᠦᠯᠢ ᠶᠢᠨ ᠦᠷ᠎ᠡ ᠬᠡᠦᠬᠡᠳ ᠤᠨ ᠠᠰᠠᠷᠠᠨ ᠲᠡᠵᠢᠭᠡᠬᠦ ᠰᠦᠢᠳᠬᠡᠯ ᠤᠨ ᠲᠣᠭᠠᠴᠠᠭ᠎ᠠ ᠶᠢ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠳᠣᠷᠬᠠᠢ ᠲᠣᠭᠲᠠᠭᠠᠭᠰᠠᠨ ᠪᠠᠶᠢᠪᠠᠯ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠶᠣᠰᠣᠭᠠᠷ ᠭᠦᠢᠴᠡᠳᠬᠡᠵᠦ᠂ ᠬᠠᠤᠯᠢ ᠴᠠᠭᠠᠵᠠ ᠶᠢᠨ ᠪᠢᠴᠢᠭ ᠬᠠᠷ᠎ᠠ ᠦᠭᠡᠢ ᠪᠣᠯ ᠠᠰᠠᠷᠠᠨ ᠲᠡᠵᠢᠭᠡᠬᠦ ᠵᠠᠷᠤᠳᠠᠯ ᠢ ᠪᠣᠳᠠᠲᠤ ᠪᠠᠶᠢᠳᠠᠯ ᠢᠶᠠᠷ ᠥᠭᠭᠦᠨ᠎ᠡ︔    K ᠦᠷ᠎ᠡ ᠬᠡᠦᠬᠡᠳ ︵ᠡᠴᠢᠭᠡ ᠡᠬᠡ︶᠎ ᠲᠤ ᠳᠣᠣᠷᠠᠬᠢ ᠪᠠᠶᠢᠳᠠᠯ ᠲᠠᠢ ᠪᠣᠯ ᠠᠰᠠᠷᠠᠨ ᠲᠡᠵᠢᠭᠡᠬᠦ ᠵᠠᠷᠤᠳᠠᠯ ᠢ ᠪᠣᠳᠣᠬᠤ ᠦᠭᠡᠢ᠄    ᠦᠷ᠎ᠡ ᠬᠡᠤᠬᠡᠳ ︵ᠡᠴᠢᠬᠡ᠂ ᠡᠬᠡ︶ ᠣᠷᠳᠣ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠣᠳᠣᠬᠠᠨ ᠳᠤ ᠣᠨᠴᠠ ᠬᠦᠨᠳᠦ ᠡᠪᠡᠳᠴᠢᠨ ᠳᠤ ᠨᠡᠷᠪᠡᠭᠳᠡᠭᠰᠡᠨ᠂ ᠬᠦᠨᠳᠦ ᠵᠡᠮᠳᠡᠭ ᠬᠥᠮᠦᠨ︔ ᠣᠳᠣᠬᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠣᠯᠭᠤᠮᠵᠢ ᠬᠦᠷᠲᠡᠵᠦ ᠪᠠᠶᠢᠭ᠎ᠠ︔ ᠴᠡᠷᠢᠭ ᠤᠨ ᠠᠯᠪᠠ ᠬᠠᠭᠠᠵᠤ ᠪᠠᠶᠢᠭ᠎ᠠ ᠠᠯᠪᠠᠨ ᠴᠡᠷᠢᠭ ︵ᠣᠹᠢᠼᠧᠷ᠂ ᠪᠠᠭ᠎ᠠ ᠣᠹᠢᠼᠧᠷ ᠪᠠᠭᠲᠠᠬᠤ ᠥᠬᠡᠶ︶︔ ᠵᠠᠯᠭᠠᠭ᠎ᠠ ᠪᠠᠷ 3 ᠵᠢᠯ ᠠᠴᠠ ᠳᠡᠭᠡᠭᠰᠢ ︵3 ᠵᠢᠯ ᠢ ᠪᠠᠭᠲᠠᠭᠠᠨ᠎ᠠ︶ ᠭᠡᠷ ᠪᠦᠯᠢ ᠠᠴᠠ ᠪᠠᠨ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠵᠤ ᠪᠠᠶᠢᠭ᠎ᠠ ᠱᠠᠰᠢᠨ ᠰᠤᠷᠲᠠᠬᠤᠨ ᠤ ᠪᠠᠭᠰᠢ ᠠᠵᠢᠯᠲᠠᠨ︔ ᠭᠢᠨᠳᠠᠨ ᠳᠤ ᠡᠷᠡᠭᠦᠦ ᠶᠢᠨ ᠰᠢᠢᠳᠬᠡᠯ ᠭᠦᠢᠴᠡᠳᠭᠡᠵᠦ ᠪᠠᠶᠢᠭ᠎ᠠ ᠵᠡᠷᠭᠡ ᠬᠥᠮᠥᠰ ᠪᠠᠶᠢᠭ᠎ᠠ ᠪᠠᠶᠢᠳᠠᠯ︔ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ︔    ᠠᠬ᠎ᠠ ᠳᠡᠭᠦᠦ ᠡᠭᠡᠴᠢ ᠥᠬᠢᠨ ᠳᠡᠭᠦᠦ ᠪᠤᠶᠤ 60 ᠪᠦᠬᠦᠯᠢ ᠨᠠᠰᠤ ︵ᠪᠠᠭᠲᠠᠨ᠎ᠠ︶ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠠᠰᠠᠷᠠᠨ ᠲᠡᠵᠢᠭᠡᠬᠦ ᠳᠤ ᠲᠥᠰᠢᠭᠯᠡᠵᠦ ᠪᠠᠶᠢᠭ᠎ᠠ ᠠᠵᠢᠯ ᠦᠭᠡᠶ ᠬᠦᠨᠳᠦ ᠵᠡᠮᠳᠡᠭᠴᠦᠳ ᠤᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠦᠨᠡᠯᠡᠨ ᠵᠢᠱᠢᠬᠦ ᠳᠤ ᠠᠬ᠎ᠠ ᠳᠡᠭᠦᠦ ᠡᠭᠡᠴᠢ ᠥᠬᠢᠨ ᠳᠡᠭᠦᠦ ᠪᠤᠶᠤ 60 ᠪᠦᠬᠦᠯᠢ ᠨᠠᠰᠤ ︵ᠪᠠᠭᠲᠠᠨ᠎ᠠ︶ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠥᠭᠬᠦ ᠠᠰᠠᠷᠠᠨ ᠲᠡᠵᠢᠭᠡᠬᠦ ᠵᠠᠷᠤᠳᠠᠯ ᠢ ᠪᠠᠶᠢᠳᠠᠯ ᠢ ᠨᠢ ᠦᠵᠡᠵᠦ ᠪᠠᠶᠢᠭᠠᠳ ᠵᠣᠬᠢᠬᠤ ᠬᠡᠮᠵᠢᠶ᠎ᠡ ᠪᠠᠷ ᠬᠡᠯᠲᠦᠷᠢᠭᠦᠯᠵᠦ ᠪᠣᠯᠤᠨ᠎ᠠ᠃    2 ᠣᠨᠴᠠ ᠬᠦᠴᠢᠷᠳᠡᠯᠲᠡᠢ ᠭᠡᠷ ᠪᠦᠯᠢ ᠶᠢᠨ ᠣᠷᠣᠯᠭ᠎ᠠ ᠶᠢ ᠰᠠᠭᠤᠯᠭᠠᠨ ᠲᠣᠭᠠᠴᠠᠭ᠎ᠠ ᠬᠢᠬᠦ    ᠬᠦᠨᠳᠦ ᠵᠡᠮᠳᠡᠭ᠂ ᠬᠦᠨᠳᠦ ᠡᠪᠡᠳᠴᠢᠨ ᠠᠴᠠ ᠪᠣᠯᠵᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠭᠡᠷ ᠪᠦᠯᠢ᠂ ᠭᠡᠷ ᠪᠥᠯᠢ ᠳᠤᠨᠢ ᠨᠠᠰᠤᠨ ᠳᠤ ᠦᠯᠦ ᠬᠦᠷᠦᠭᠰᠡᠳ ᠪᠠᠶᠢᠬᠤ ᠬᠠᠨᠢ ᠨᠥᠬᠦᠷ ᠢᠶᠠᠨ ᠠᠯᠳᠠᠭᠰᠠᠨ ᠥᠨᠥᠴᠢᠨ ᠭᠡᠷ ᠪᠦᠯᠢ᠂ ᠨᠢᠭᠡ ᠡᠷᠦᠬᠡ ᠳᠤ ᠣᠯᠠᠨ ᠵᠡᠮᠳᠡᠭ᠂ ᠳᠠᠪᠬᠤᠴᠠᠮᠠᠯ ᠵᠡᠮᠳᠡᠭ ᠭᠡᠷ ᠪᠦᠯᠢ᠂ 65 ᠪᠦᠬᠦᠯᠢ ᠨᠠᠰᠤ ︵ᠪᠠᠭᠲᠠᠨ᠎ᠠ︶᠎ ᠠᠴᠠ ᠳᠡᠭᠡᠭᠰᠢᠬᠢ ᠬᠠᠨᠢ ᠨᠥᠬᠦᠷ ᠢᠶᠠᠨ ᠠᠯᠳᠠᠭᠰᠠᠨ ᠭᠡᠷ ᠪᠦᠯᠢ᠂ 70 ᠪᠦᠬᠦᠯᠢ ᠨᠠᠰᠤ ︵ᠪᠠᠭᠲᠠᠨ᠎ᠠ︶᠎ ᠠᠴᠠ ᠳᠡᠭᠡᠭᠰᠢᠬᠢ ᠨᠠᠰᠤᠲᠠᠶᠢᠴᠤᠳ ᠤᠨ ᠭᠡᠷ ᠪᠦᠯᠢ ᠵᠡᠷᠭᠡ ᠣᠨᠴᠠᠭᠠᠢ ᠬᠦᠴᠢᠷᠳᠡᠯᠲᠡᠶ ᠭᠡᠷ ᠪᠦᠯᠢ ᠳᠤ ᠣᠷᠣᠯᠭ᠎ᠠ ᠶᠢ ᠨᠢ ᠰᠠᠭᠤᠯᠭᠠᠨ ᠲᠣᠭᠠᠴᠠᠭ᠎ᠠ ᠬᠢᠵᠦ᠂ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ︵1︶ ᠤᠷᠲᠤ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠬᠦᠨᠳᠦ ᠡᠪᠡᠳᠴᠢᠨ ᠲᠠᠢ ᠪᠤᠶᠤ ᠬᠦᠨᠳᠦ ᠵᠡᠮᠳᠡᠭ ᠠᠴᠠ ᠪᠣᠯᠵᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠵᠤ᠂ ᠭᠡᠷ ᠪᠦᠯᠢ ᠶᠢᠨ ᠬᠢᠨ ᠤ ᠬᠠᠷᠠᠭᠠᠯᠵᠠᠬᠤ ᠴᠢᠬᠤᠯᠠᠲᠠᠢ ᠣᠨᠴᠠ ᠬᠦᠴᠢᠷᠳᠡᠯᠲᠡᠢ ᠭᠡᠷ ᠪᠦᠯᠢ ︵ᠭᠡᠷ ᠪᠦᠯᠢ ᠶᠢᠨ ᠪᠦᠷᠢᠯᠳᠦᠬᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢᠨ ᠨᠣᠮᠧᠷ ᠨᠢ E1᠂ E2᠂ E3᠂ E4᠂ E5᠎ ᠶᠢᠨ ᠬᠦᠨᠳᠦ ᠵᠡᠮᠳᠡᠭ ᠬᠥᠮᠥᠨ ᠪᠤᠶᠤ ᠢᠯᠡᠳᠬᠡᠮᠵᠢ ᠶᠢᠨ ᠨᠣᠮᠧᠷ ᠨᠢ F1᠂ F2᠂ F3᠂ F4᠂ F5᠂ F5᠎ ᠤᠨ ᠬᠦᠨᠳᠦ ᠡᠪᠡᠳᠴᠢᠨ ᠲᠠᠢ ᠬᠥᠮᠥᠰ ᠪᠣᠯᠣᠨ᠎ᠠ᠃︶᠄    ᠲᠠᠷᠢᠶᠠᠯᠠᠬᠤ ᠮᠠᠯᠵᠢᠬᠤ ᠣᠷᠣᠨ ᠤ ᠭᠡᠷ ᠪᠦᠯᠢ ᠶᠢᠨ ᠵᠢᠯ ᠤᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ ᠮᠥᠩᠭᠦ ᠶᠢᠨ ᠲᠤᠭ᠎ᠠ = ᠡᠮᠦᠨ᠎ᠡ ᠨᠢᠭᠡ ᠵᠢᠯ ᠤᠨ ᠲᠣᠰ ᠭᠠᠵᠠᠷ ᠣᠷᠣᠨ ᠤ ᠲᠠᠷᠢᠶᠠᠴᠢᠨ ᠮᠠᠯᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶ᠎ᠠ ᠲᠤᠭ᠎ᠠ × 0.4 ︵ᠭᠡᠷ ᠪᠦᠯᠢ ᠶᠢᠨ ᠰᠠᠭᠤᠯᠭᠠᠨ ᠬᠠᠰᠤᠬᠤ ᠢᠯᠡᠳᠬᠡᠮᠵᠢ᠂ ᠳᠣᠷᠣᠭᠰᠢ ᠠᠳᠠᠯᠢ︶ × ᠭᠡᠷ ᠪᠦᠯᠢ ᠶᠢᠨ ᠬᠦᠨᠳᠦ ᠡᠪᠡᠳᠴᠢᠨ ᠪᠤᠶᠤ ᠬᠦᠨᠳᠦ ᠵᠡᠮᠳᠡᠭ ᠬᠥᠮᠥᠨ ᠤ ᠲᠤᠭ᠎ᠠ︔    ᠬᠤᠲᠠ ᠪᠠᠯᠭᠠᠰᠤᠨ ᠤ ᠭᠡᠷ ᠪᠦᠯᠢ ︵ᠬᠤᠲᠠ ᠪᠠᠯᠭᠠᠰᠤᠨ ᠳᠤ ᠨᠡᠭᠦᠨ ᠰᠠᠭᠤᠷᠢᠰᠢᠭᠰᠠᠨ ᠬᠥᠳᠡᠭᠡ ᠲᠣᠰᠬᠤᠨ ᠤ ᠰᠠᠭᠤᠭᠠᠯᠢ ᠠᠷᠠᠳ ᠢ ᠪᠠᠭᠲᠠᠭᠠᠨ᠎ᠠ︶᠎ ᠶᠢᠨ ᠰᠠᠷ᠎ᠠ ᠶᠢᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ ᠮᠥᠩᠭᠦ ᠶᠢᠨ ᠲᠤᠭ᠎ᠠ = ᠡᠮᠦᠨ᠎ᠡ ᠵᠢᠯ ᠤᠨ ᠲᠣᠰ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 0.4 × ᠭᠡᠷ ᠪᠦᠯᠢ ᠶᠢᠨ ᠪᠦᠷᠢᠯᠳᠦᠬᠦᠨ ᠤ ᠬᠦᠨᠳᠦ ᠡᠪᠡᠳᠴᠢᠨ ᠪᠤᠶᠤ ᠬᠦᠨᠳᠦ ᠵᠡᠮᠳᠡᠭ ᠬᠦᠮᠦᠨ ᠤ ᠲᠤᠭ᠎ᠠ᠃    ︵2︶ ᠭᠡᠷ ᠪᠦᠯᠢ ᠶᠢᠨ ᠭᠡᠰᠢᠭᠦᠨ ᠳᠤᠨᠢ ᠨᠠᠰᠤᠨ ᠳᠤ ᠥᠯᠥ ᠬᠦᠷᠦᠭᠰᠡᠳ ᠪᠠᠶᠢᠬᠤ ᠬᠠᠨᠢ ᠨᠥᠬᠦᠷ ᠢᠶᠠᠨ ᠠᠯᠳᠠᠭᠰᠠᠨ ᠥᠨᠥᠴᠢᠨ ᠥᠷᠥᠭᠡᠰᠦᠨ ᠭᠡᠷ ᠪᠦᠯᠢ᠂ ᠨᠢᠭᠡ ᠡᠷᠦᠬᠡ ᠳᠤ ᠤᠯᠠᠨ ᠵᠡᠮᠳᠡᠭ ᠬᠦᠮᠥᠨ ᠲᠠᠢ ᠭᠡᠷ ᠪᠥᠯᠢ ᠪᠠ 65 ᠪᠦᠬᠦᠯᠢ ᠨᠠᠰᠤ ︵ᠪᠠᠭᠲᠠᠨ᠎ᠠ︶᠎ ᠠᠴᠠ ᠳᠡᠭᠡᠭᠰᠢᠬᠢ ᠬᠠᠨᠢ ᠨᠥᠬᠦᠷ ᠢᠶᠠᠨ ᠠᠯᠳᠠᠭᠰᠠᠨ ᠭᠡᠷ ᠪᠦᠯᠢ᠂ 70 ᠪᠦᠬᠦᠯᠢ ᠨᠠᠰᠤ ︵ᠪᠠᠭᠲᠠᠨ᠎ᠠ︶︶ ᠳᠡᠭᠡᠷᠡᠬᠢ ᠨᠠᠰᠤᠲᠠᠶᠢᠴᠤᠳ ᠤᠨ ᠭᠡᠷ ᠪᠦᠯᠢ᠄    ᠲᠠᠷᠢᠶᠠᠯᠠᠬᠤ ᠮᠠᠯᠵᠢᠬᠤ ᠣᠷᠣᠨ ᠤ ᠭᠡᠷ ᠪᠦᠯᠢ ᠶᠢᠨ ᠵᠢᠯ ᠤᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ ᠮᠥᠩᠭᠦ ᠶᠢᠨ ᠲᠤᠭ᠎ᠠ = ᠡᠮᠦᠨ᠎ᠡ ᠨᠢᠭᠡ ᠵᠢᠯ ᠤᠨ ᠲᠣᠰ ᠭᠠᠵᠠᠷ ᠣᠷᠣᠨ ᠤ ᠲᠠᠷᠢᠶᠠᠴᠢᠨ ᠮᠠᠯᠴᠢᠨ ᠤ ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠪᠠᠷᠢᠮᠵᠢᠶ᠎ᠠ ᠲᠤᠭ᠎ᠠ × 0.2︔    ᠬᠤᠲᠠ ᠪᠠᠯᠭᠠᠰᠤᠨ ᠤ ᠭᠡᠷ ᠪᠦᠯᠢ ︵ᠬᠤᠲᠠ ᠪᠠᠯᠭᠠᠰᠤᠨ ᠳᠤ ᠨᠡᠭᠦᠨ ᠰᠠᠭᠤᠷᠢᠰᠢᠭᠰᠠᠨ ᠬᠥᠳᠡᠭᠡ ᠲᠣᠰᠬᠤᠨ ᠤ ᠰᠠᠭᠤᠭᠠᠯᠢ ᠠᠷᠠᠳ ᠢ ᠪᠠᠭᠲᠠᠭᠠᠨ᠎ᠠ︶᠎ ᠶᠢᠨ ᠰᠠᠷ᠎ᠠ ᠶᠢᠨ ᠣᠷᠣᠯᠭ᠎ᠠ ᠶᠢ ᠲᠣᠭᠠᠴᠠᠭ᠎ᠠ ᠬᠢᠭᠡᠳ ᠬᠠᠰᠤᠭᠰᠠᠨ ᠮᠥᠩᠭᠦ ᠶᠢᠨ ᠲᠤᠭ᠎ᠠ = ᠡᠮᠦᠨ᠎ᠡ ᠨᠢᠭᠡ ᠵᠢᠯ ᠤᠨ ᠲᠣᠰ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 0.2᠃    ᠳᠡᠭᠡᠷ᠎ᠡ ᠳᠤᠷᠠᠳᠤᠭᠰᠠᠨ ︵1︶ ᠬᠢᠭᠡᠳ ︵2︶᠎ ᠳᠤ ᠳᠠᠪᠬᠤᠴᠠᠭᠰᠠᠨ ᠪᠠᠶᠢᠪᠠᠯ᠂ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠳᠠᠪᠲᠠᠵᠤ ᠬᠠᠰᠤᠨ᠎ᠠ︔ ︵2︶᠎ ᠳᠠᠬᠢ ᠬᠡᠳᠦᠨ ᠵᠦᠢᠯ ᠤᠨ ᠪᠠᠶᠢᠳᠠᠯ ᠳᠠᠪᠬᠤᠴᠠᠵᠤ ᠪᠠᠶᠢᠭ᠎ᠠ ᠭᠡᠷ ᠪᠦᠯᠢ ᠪᠣᠯ ᠵᠥᠪᠬᠡᠨ 1 ᠤᠳᠠᠭ᠎ᠠ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠤᠨ᠎ᠠ᠃    ᠣᠯᠠᠨ ᠳᠠᠪᠬᠤᠷ ᠵᠡᠮᠳᠡᠭ ᠬᠥᠮᠦᠰ ᠢ ᠤᠷᠢᠳᠠᠪᠠᠷ ᠣᠯᠠᠨ ᠳᠠᠪᠬᠤᠷ ᠵᠡᠮᠳᠡᠭ ᠤᠨ ᠳᠤᠮᠳᠠᠬᠢ ᠵᠡᠮᠳᠡᠭ ᠤᠨ ᠬᠡᠮᠵᠢᠶ᠎ᠡ ᠪᠠᠷ ᠨᠡᠯᠢᠶᠡᠳ ᠬᠦᠨᠳᠦ ᠬᠢᠨᠠᠨ ᠲᠣᠭᠲᠠᠭᠠᠭᠰᠠᠨ ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢᠨ ᠲᠤᠭ᠎ᠠ ᠪᠠᠷ ᠲᠣᠭᠠᠴᠠᠭ᠎ᠠ ᠬᠢᠭᠰᠡᠨ ᠣᠷᠣᠯᠭ᠎ᠠ ᠶᠢ ᠬᠢᠨᠠᠨ ᠲᠣᠭᠲᠠᠭᠠᠵᠤ᠂ ᠳᠠᠬᠢᠭᠠᠳ ᠭᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠰᠠᠭᠤᠯᠭᠠᠨ ᠬᠠᠰᠤᠨ᠎ᠠ᠃    3 ᠭᠡᠷ ᠪᠦᠯᠢ ᠶᠢᠨ ᠬᠠᠲᠠᠭᠤ ᠵᠠᠷᠤᠯᠭ᠎ᠠ ᠶᠢ ᠬᠠᠰᠤᠨ ᠲᠣᠭᠠᠴᠠᠭ᠎ᠠ ᠬᠢᠨ᠎ᠡ    ︵1︶ ᠡᠪᠡᠳᠴᠢᠨ ᠤ ᠵᠠᠷᠤᠯᠭ᠎ᠠ ᠶᠢᠨ ᠬᠠᠰᠤᠯᠲᠠ    ᠲᠦᠷᠦᠭᠦᠤ ᠵᠢᠯ ᠠᠴᠠ ᠨᠠᠭᠠᠰᠢ᠂ ᠬᠦᠨᠳᠦ ᠶᠡᠭᠡ ᠣᠨᠴᠠ ᠶᠡᠭᠡ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠵᠦ ᠡᠮᠨᠡᠯᠭᠡ ᠳᠤ ᠰᠠᠭᠤᠵᠤ ᠡᠮᠨᠡᠭᠦᠯᠥᠭᠰᠡᠨ᠂ ᠡᠯ᠎ᠡ ᠵᠦᠢᠯ ᠤᠨ ᠳᠠᠩᠰᠠ ᠲᠠᠶᠢᠯᠬᠤ ᠪᠠ ᠠᠪᠤᠷᠠᠨ ᠲᠤᠰᠠᠯᠠᠭᠰᠠᠨ ᠤ ᠳᠠᠷᠠᠭᠠᠬᠢ ᠬᠤᠪᠢ ᠬᠥᠮᠦᠨ ᠤ ᠥᠪᠡᠰᠦᠪᠡᠨ ᠭᠠᠷᠭᠠᠬᠤ ᠬᠡᠰᠡᠭ ᠤᠨ ᠡᠮ ᠡᠮᠨᠡᠯᠭᠡ ᠶᠢᠨ ᠵᠠᠷᠤᠳᠠᠯ ᠢ ᠬᠠᠰᠤᠵᠤ᠂ ᠬᠠᠮᠤᠭ ᠤᠨ ᠳᠡᠭᠡᠳᠦ ᠬᠢᠵᠠᠭᠠᠷ ᠢ 10000 ᠲᠥᠭᠦᠷᠢᠭ ᠬᠠᠰᠤᠨ᠎ᠠ︔    ᠳᠡᠭᠡᠷ᠎ᠡ ᠵᠢᠯ ᠠᠴᠠ ᠨᠠᠭᠠᠰᠢ ᠠᠳᠠᠯᠢ ᠨᠢᠭᠡ ᠭᠡᠷ ᠪᠦᠯᠢ ᠶᠢᠨ ᠪᠦᠷᠢᠯᠳᠦᠬᠦᠨ ᠨᠡᠷ ᠪᠤᠰᠤᠳ ᠡᠪᠡᠳᠴᠢᠨ ᠳᠤ ᠨᠡᠷᠪᠡᠭᠳᠡᠵᠦ ᠡᠮᠨᠡᠯᠭᠡ ᠳᠤ ᠰᠠᠭᠤᠵᠤ ᠡᠮᠨᠡᠭᠦᠯᠦᠭᠰᠡᠨ᠂ ᠬᠤᠪᠢ ᠬᠥᠮᠦᠨ ᠤ ᠥᠪᠡᠷ ᠢᠶᠠᠨ ᠲᠤᠰᠢᠶᠠᠭᠰᠠᠨ ᠬᠡᠰᠡᠭ 10000 ᠲᠥᠭᠦᠷᠢᠭ ︵ᠪᠠᠭᠲᠠᠨ᠎ᠠ︶᠎ ᠠᠴᠠ ᠳᠡᠭᠡᠭᠰᠢᠬᠢ ᠭᠡᠷ ᠪᠦᠯᠢ 10000 ᠲᠥᠭᠦᠷᠢᠭ ᠠᠴᠠ ᠳᠡᠭᠡᠭᠰᠢᠬᠢ ᠬᠡᠰᠡᠭ ᠢ ᠬᠠᠰᠤᠵᠤ᠂ ᠬᠠᠰᠤᠬᠤ ᠳᠡᠭᠡᠷ᠎ᠡ ᠲᠠᠯ᠎ᠠ ᠶᠢᠨ ᠬᠢᠵᠠᠭᠠᠷ ᠨᠢ 10000 ᠲᠥᠭᠦᠷᠢᠭ︔    ᠣᠨᠴᠠᠭᠠᠶ ᠰᠢᠯᠲᠠᠭᠠᠨ ᠠᠴᠠ ᠪᠣᠯᠵᠤ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠡᠮᠨᠡᠯᠭᠡ ᠳᠤ ᠰᠠᠭᠤᠭᠰᠠᠨ ᠥᠬᠡᠶ ᠡᠮᠴᠢᠯᠡᠭᠡᠨ ᠤ ᠵᠠᠷᠤᠳᠠᠯ ᠵᠢᠴᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ 30%᠎ ᠪᠠᠷ ᠭᠡᠷ ᠪᠦᠯᠢ ᠶᠢᠨ ᠵᠠᠷᠤᠯᠭ᠎ᠠ ᠪᠠᠷ ᠪᠤᠳᠤᠵᠤ ᠬᠠᠰᠤᠨ᠎ᠠ︔    ᠲᠡᠷᠭᠡᠨ ᠤ ᠠᠳᠡᠯ ᠬᠡᠷᠡᠭ ︵ᠬᠠᠷᠢᠭᠤᠴᠠᠯᠭ᠎ᠠ ᠲᠠᠢ ᠬᠥᠮᠦᠨ ᠲᠠᠢ ᠪᠥᠭᠡᠳ ᠲᠥᠯᠥᠪᠦᠷᠢ ᠥᠭᠬᠦ︶᠂ ᠬᠤᠣᠷ ᠲᠠᠲᠠᠬᠤ᠂ ᠦᠪᠡᠷ ᠢ ᠪᠠᠨ ᠬᠤᠬᠢᠷᠠᠭᠤᠯᠤᠭᠰᠠᠨ ᠵᠡᠷᠭᠡ ᠪᠠᠶᠢᠳᠠᠯ ᠳᠤ᠂ ᠬᠤᠲᠠ ᠬᠥᠳᠡᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠳᠠᠩᠰᠠ ᠲᠠᠶᠢᠯᠤᠭᠰᠠᠨ ᠦᠭᠡᠢ ᠡᠮ ᠡᠮᠨᠡᠯᠭᠡ ᠶᠢᠨ ᠵᠠᠷᠤᠳᠠᠯ ᠢ ᠭᠡᠷ ᠪᠦᠯᠢ ᠶᠢᠨ ᠰᠠᠭᠤᠯᠭᠠᠨ ᠬᠠᠰᠤᠬᠤ ᠬᠡᠪᠴᠢᠶᠡᠨ ᠳᠤ ᠣᠷᠣᠭᠤᠯᠬᠤ ᠦᠭᠡᠢ᠃    ︵2︶ ᠵᠡᠮᠳᠡᠭ ᠠᠴᠠ ᠪᠤᠯᠤᠭᠰᠠᠨ ᠵᠠᠷᠤᠯᠭ᠎ᠠ ᠶᠢ ᠬᠠᠰᠤᠬᠤ    ᠵᠡᠮᠳᠡᠭᠴᠦᠳ ᠢ ᠡᠷᠡᠭᠦᠯᠵᠢᠭᠦᠯᠬᠦ ᠡᠮᠴᠢᠯᠡᠭᠡ ᠵᠢᠴᠢ ᠴᠢᠬᠤᠯᠠ ᠪᠦᠬᠦᠢ ᠲᠤᠰᠠᠯᠠᠬᠤ ᠪᠠᠭᠠᠵᠢ ᠬᠡᠷᠡᠭᠰᠡᠯ ᠬᠤᠳᠠᠯᠳᠤᠨ ᠠᠪᠬᠤ ᠳᠤ ᠲᠣᠬᠢᠷᠠᠭᠤᠯᠤᠭᠰᠠᠨ ᠵᠠᠷᠤᠳᠠᠯ ︵ᠣᠶᠤᠨ ᠮᠡᠳᠡᠷᠡᠯ᠂ ᠣᠶᠤᠨ ᠴᠢᠳᠠᠪᠤᠷᠢ ᠵᠡᠮᠳᠡᠭ ᠵᠢᠴᠢ ᠥᠶ᠎ᠡ ᠮᠥᠴᠢ ᠬᠥᠨᠳᠥ ᠵᠡᠮᠳᠡᠭ᠂ ᠬᠠᠷᠠᠭ᠎ᠠ ᠬᠥᠨᠳᠥ ᠵᠡᠮᠳᠡᠭ ᠬᠥᠮᠦᠨ ᠤ ᠴᠢᠬᠤᠯᠠ ᠪᠦᠬᠦᠢ ᠰᠤᠪᠢᠯᠠᠯᠲᠠ ᠶᠢᠨ ᠵᠠᠷᠤᠳᠠᠯ ᠪᠠᠭᠲᠠᠨ᠎ᠠ︶ ᠂ ᠬᠤᠪᠢ ᠬᠥᠮᠦᠨ ᠤ ᠪᠣᠳᠠᠲᠠᠶ ᠵᠠᠷᠤᠯᠭ᠎ᠠ ᠶᠢᠨ ᠶᠡᠷᠦᠩᠬᠡᠶ ᠵᠠᠷᠤᠳᠠᠯ ᠨᠢ 3000 ᠲᠥᠭᠦᠷᠢᠭ ᠠᠴᠠ ᠬᠡᠲᠦᠷᠡᠭᠰᠡᠨ ᠪᠠᠶᠢᠪᠠᠯ 3000 ᠲᠥᠭᠦᠷᠢᠭ ᠢᠶᠠᠷ ᠪᠣᠳᠣᠨ᠎ᠠ᠃    ︵3︶ ᠰᠤᠷᠤᠯᠭ᠎ᠠ ᠶᠢᠨ ᠵᠠᠷᠤᠳᠠᠯ ᠢ ᠬᠠᠰᠤᠬᠤ    ᠨᠢᠭᠡ ᠭᠡᠷ ᠪᠦᠯᠢ ᠳᠤ ᠬᠤᠶᠠᠷ ᠵᠢᠴᠢ ᠠᠴᠠ ᠳᠡᠭᠡᠭᠰᠢᠬᠢ ᠤᠶᠤᠲᠠᠨ ᠲᠠᠢ ᠪᠠᠶᠢᠪᠠᠯ᠂ ᠡᠷᠦᠬᠡ ᠪᠦᠷᠢ 6000 ᠲᠥᠭᠦᠷᠢᠭ ᠬᠠᠰᠤᠨ᠎ᠠ᠃    ᠨᠢᠭᠡ ᠭᠡᠷ ᠪᠦᠯᠢ ᠳᠤ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠰᠤᠷᠤᠯᠴᠠᠵᠤ ᠪᠠᠶᠢᠭ᠎ᠠ ᠰᠤᠷᠤᠭᠴᠢ ᠬᠤᠶᠠᠷ ᠪᠠᠶᠢᠪᠠᠯ ᠡᠷᠦᠬᠡ ᠪᠦᠷᠢ 3 000 ᠲᠥᠭᠦᠷᠢᠭ ᠬᠠᠰᠤᠨ᠎ᠠ᠃    ᠠᠳᠠᠯᠢ ᠨᠢᠭᠡᠨ ᠭᠡᠷ ᠪᠦᠯᠢ ᠳᠤ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠠ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠲᠤᠰ ᠪᠥᠷᠢ ᠨᠢᠭᠡ ᠪᠣᠯ ᠡᠷᠦᠬᠡ ᠪᠦᠷᠢ 3000 ᠲᠥᠭᠦᠷᠢᠭ ᠬᠠᠰᠤᠨ᠎ᠠ᠃    ᠬᠠᠨᠢ ᠨᠥᠬᠦᠷ ᠢᠶᠠᠨ ᠠᠯᠳᠠᠭᠰᠠᠨ ᠭᠡᠷ ᠪᠦᠯᠢ ᠳᠤ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠰᠤᠷᠤᠯᠴᠠᠵᠤ ᠪᠠᠶᠢᠭ᠎ᠠ ᠨᠢᠭᠡ ᠰᠤᠷᠤᠭᠴᠢ ᠲᠠᠢ ᠪᠤᠶᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠨᠢᠭᠡ ᠰᠤᠷᠤᠭᠴᠢ ᠲᠠᠢ ᠪᠣᠯ ᠡᠷᠦᠬᠡ ᠪᠦᠷᠢ 3000 ᠲᠥᠭᠦᠷᠢᠭ ᠬᠠᠰᠤᠨ᠎ᠠ᠃    4 ᠬᠡᠷ ᠪᠦᠯᠢ ᠶᠢᠨ ᠣᠷᠣᠯᠭ᠎ᠠ ᠶᠢᠨ ᠲᠥᠷᠥᠯ ᠵᠦᠢᠯ ᠳᠤ ᠪᠤᠳᠤᠵᠤ ᠣᠷᠣᠭᠤᠯᠬᠤ ᠥᠬᠡᠶ ᠵᠥᠢᠯᠡᠰ    ︵1︶ ᠠᠰᠠᠷᠠᠨ ᠬᠠᠷᠠᠭᠠᠯᠵᠠᠬᠤ ᠡᠲᠡᠭᠡᠳ ᠤᠨ ᠤᠯᠤᠰ ᠤᠨ ᠲᠣᠭᠲᠠᠭᠠᠯ ᠶᠣᠰᠣᠭᠠᠷ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠬᠤ ᠬᠥᠷᠲᠡᠭᠡᠮᠵᠢ︔    ︵2︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ ᠤᠨ ᠣᠯᠤᠭᠰᠠᠨ ᠨᠢᠭᠡ ᠤᠳᠠᠭᠠᠨ ᠤ ᠴᠢᠨᠠᠷᠲᠠᠶ ᠱᠠᠩᠨᠠᠯ ᠤᠨ ᠮᠥᠩᠭᠦ︔ ᠮᠤᠵᠢ ᠬᠤᠲᠠ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ ᠶᠢᠨ ᠠᠵᠢᠯ ᠠᠴᠠ ᠪᠠᠭᠤᠭᠰᠠᠨ ᠤ ᠳᠠᠷᠠᠭ᠎ᠠ ᠬᠦᠷᠲᠡᠭᠰᠡᠨ ᠢᠷᠠᠭᠤ ᠠᠯᠳᠠᠷ ᠤᠨ ᠣᠯᠭᠤᠮᠵᠢ ᠮᠥᠩᠭᠦ︔    ︵3︶ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠬᠦᠴᠢᠷᠳᠡᠯ ᠤᠨ ᠨᠥᠬᠦᠪᠥᠷᠢ ᠮᠥᠩᠭᠦ︔    ︵4︶ ᠡᠯ᠎ᠡ ᠱᠠᠲᠤᠨ ᠤ ᠵᠠᠰᠠᠭ ᠤᠨ ᠣᠷᠳᠣᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠯᠭᠤᠭᠰᠠᠨ ᠲᠦᠷ ᠴᠠᠭ ᠤᠨ ᠴᠢᠨᠠᠷᠲᠠᠢ ᠠᠪᠤᠷᠠᠨ ᠲᠤᠰᠠᠯᠠᠬᠤ ᠵᠣᠭᠤᠰ ᠮᠥᠩᠭᠦ ᠡᠳ᠋ ᠪᠣᠳᠠᠰ︔    ︵5︶ ᠠᠰᠠᠷᠠᠮᠵᠢ ᠶᠢᠨ ᠮᠥᠩᠭᠦ᠂ ᠣᠷᠣᠰᠢᠭᠤᠯᠭ᠎ᠠ ᠶᠢᠨ ᠵᠠᠷᠤᠳᠠᠯ︔    ︵6︶ ᠬᠥᠮᠦᠨ ᠤ ᠪᠡᠶ᠎ᠡ ᠶᠢᠨ ᠬᠤᠬᠢᠷᠠᠯ ᠤᠨ ᠲᠥᠯᠥᠪᠦᠷᠢ ᠮᠥᠩᠭᠦ ᠳᠠᠬᠢ ᠡᠮᠴᠢᠯᠡᠭᠡᠨ ᠤ ᠵᠠᠷᠤᠳᠠᠯ᠂ ᠰᠤᠪᠢᠯᠠᠯᠲᠠ ᠶᠢᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂ ᠬᠤᠨᠣᠭᠯᠠᠬᠤ ᠵᠠᠷᠤᠳᠠᠯ᠂ ᠡᠮᠨᠡᠯᠭᠡ ᠳᠤ ᠰᠠᠭᠤᠬᠤ ᠬᠤᠭᠤᠯᠠᠨ ᠤ ᠨᠥᠬᠦᠪᠥᠷᠢ ᠵᠠᠷᠤᠳᠠᠯ᠂ ᠰᠢᠮ᠎ᠡ ᠲᠡᠵᠢᠭᠡᠯ ᠤᠨ ᠵᠠᠷᠤᠳᠠᠯ᠂ ᠵᠡᠮᠳᠡᠭ ᠤᠨ ᠲᠤᠰᠠᠯᠠᠬᠤ ᠪᠠᠭᠠᠵᠢ ᠬᠡᠷᠡᠭᠰᠡᠯ ᠤᠨ ᠵᠠᠷᠤᠳᠠᠯ᠂ ᠡᠷᠡᠭᠦᠯᠵᠢᠯ ᠤᠨ ᠵᠠᠷᠤᠳᠠᠯ᠂ ᠬᠤᠶᠢᠨᠠᠬᠢ ᠡᠮᠴᠢᠯᠡᠭᠡᠨ ᠤ ᠵᠠᠷᠤᠳᠠᠯ︔    ︵7︶ ᠠᠵᠢᠯ ᠠᠴᠠ ᠪᠣᠯᠵᠥ ᠰᠢᠷᠬᠠᠲᠤᠭᠰᠠᠨ ᠠᠵᠢᠯᠲᠠᠨ ᠠᠵᠢᠯᠴᠢᠨ ᠤ ᠰᠠᠷ᠎ᠠ ᠪᠦᠷᠢ ᠶᠢᠨ ᠠᠵᠢᠯ ᠢᠶᠠᠨ ᠵᠣᠭᠰᠤᠭᠰᠠᠨ ᠥᠯᠡᠳᠡᠪᠥᠷᠢ ᠴᠠᠯᠢᠩ᠂ ᠭᠡᠮᠲᠥᠯ ᠤᠨ ᠨᠥᠬᠦᠪᠥᠷᠢ᠂ ᠠᠵᠢᠯ ᠠᠴᠠ ᠪᠣᠯᠵᠤ ᠨᠠᠰᠤ ᠪᠠᠷᠠᠭᠰᠠᠨ ᠠᠵᠢᠯᠲᠠᠨ ᠠᠵᠢᠯᠴᠢᠨ ᠤ ᠠᠰᠠᠷᠠᠨ ᠲᠡᠵᠢᠭᠡᠬᠦ ᠲᠥᠷᠥᠯ ᠰᠠᠳᠤᠨ ᠤ ᠠᠰᠠᠷᠠᠮᠵᠢ ᠶᠢᠨ ᠮᠥᠩᠭᠦ ᠠᠴᠠ ᠭᠠᠳᠠᠨᠠᠬᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠥᠩᠭᠦ︔    ︵8︶ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠶᠢᠨ ᠳᠣᠲᠣᠷᠠᠬᠢ ᠬᠤᠪᠢ ᠬᠥᠮᠦᠨ ᠤ ᠲᠠᠩᠰᠠᠨ ᠡᠷᠦᠬᠡ ᠶᠢᠨ ᠡᠮ ᠡᠮᠨᠡᠯᠭᠡ ᠶᠢᠨ ᠳᠠᠭᠠᠳᠬᠠᠯ ᠤᠨ ᠮᠥᠩᠭᠦ᠂ ᠡᠮᠨᠡᠯᠭᠡ ᠳᠤ ᠰᠠᠭᠤᠭᠰᠠᠨ ᠵᠢᠴᠢ ᠡᠭᠦᠳᠡᠨ ᠡᠮᠨᠡᠯᠭᠡ ᠳᠤ ᠳᠠᠩᠰᠠ ᠲᠠᠶᠢᠯᠤᠭᠰᠠᠨ ᠡᠮ ᠡᠮᠨᠡᠯᠭᠡ ᠶᠢᠨ ᠵᠠᠷᠤᠳᠠᠯ᠂ ᠡᠮ ᠡᠮᠨᠡᠯᠭᠡ ᠶᠢᠨ ᠨᠥᠬᠦᠪᠥᠷᠢ ᠮᠥᠩᠭᠦ︔    ︵9︶ ᠲᠥᠯᠥᠪᠯᠡᠭᠡᠲᠦ ᠦᠷᠡᠵᠢᠯ ᠤᠨ ᠱᠠᠩᠨᠠᠯ ᠪᠠ ᠲᠡᠳᠬᠦᠮᠵᠢ ᠶᠢᠨ ᠮᠥᠩᠭᠦ︔    ︵10︶ ᠥᠨᠳᠥᠷ ᠨᠠᠰᠤᠨ ᠤ ᠨᠡᠮᠡᠭᠦᠷᠢ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ᠂ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ︔    ︵11︶ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ︔    ︵12︶ ᠪᠣᠰᠣᠳ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠭᠡᠷ ᠪᠦᠯᠢ ᠶᠢᠨ ᠣᠷᠣᠯᠭ᠎ᠠ ᠶᠢᠨ ᠲᠥᠷᠥᠯ ᠵᠦᠢᠯ ᠳᠤ ᠪᠣᠳᠣᠵᠤ ᠣᠷᠣᠭᠤᠯᠬᠤ ᠦᠭᠡᠢ ᠵᠥᠢᠯᠡᠰ᠃    ︵ᠬᠤᠶᠠᠷ︶ ᠭᠡᠷ ᠪᠦᠯᠢ ᠶᠢᠨ ᠡᠳ᠋ ᠬᠦᠷᠥᠩᠭᠡ    ᠭᠡᠷ ᠪᠦᠯᠢ ᠶᠢᠨ ᠡᠳ᠋ ᠬᠥᠷᠥᠩᠭᠡ ᠭᠡᠳᠡᠭ ᠨᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠵᠡᠮᠰᠢᠵᠦ ᠪᠠᠶᠢᠭ᠎ᠠ ᠪᠦᠬᠦ ᠬᠥᠳᠡᠯᠬᠦ ᠬᠥᠷᠥᠩᠭᠡ ᠪᠠ ᠦᠯᠦ ᠬᠥᠳᠡᠯᠬᠦ ᠬᠥᠷᠥᠩᠭᠡ ᠶᠢ ᠵᠢᠭᠠᠵᠤ ᠪᠠᠶᠢᠨ᠎ᠠ᠃ ᠬᠥᠳᠡᠯᠬᠦ ᠬᠥᠷᠥᠩᠭᠡ ᠳᠤ ᠭᠤᠣᠯᠳᠠᠭᠤ ᠪᠠᠩᠬᠢ ᠶᠢᠨ ᠬᠠᠳᠠᠭᠠᠯᠠᠮᠵᠢ᠂ ᠲᠡᠮᠳᠡᠭᠲᠦ᠂ ᠰᠠᠭᠤᠷᠢ ᠮᠥᠩᠭᠦ᠂ ᠬᠤᠳᠠᠯᠳᠤᠭᠠᠨ ᠤ ᠳᠠᠭᠠᠳᠬᠠᠯ᠂ ᠠᠪᠴᠠᠭᠠᠨ ᠤ ᠡᠷᠬᠡ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠢᠴᠢ ᠲᠡᠷᠭᠡ ᠬᠥᠰᠬᠡ ᠵᠡᠷᠭᠡ ᠪᠠᠭᠲᠠᠨ᠎ᠠ᠃ ᠥᠯᠥ ᠬᠥᠳᠡᠯᠬᠦ ᠬᠥᠷᠥᠩᠭᠡ ᠳᠤ ᠭᠤᠤᠯᠳᠠᠭᠤ ᠭᠡᠷ ᠪᠠᠶᠢᠰᠢᠩ᠂ ᠣᠶ ᠮᠣᠳᠣ ᠵᠡᠷᠭᠡ ᠲᠣᠭᠲᠠᠮᠠᠯ ᠪᠣᠳᠠᠰ ᠢ ᠪᠠᠭᠲᠠᠭᠠᠨ᠎ᠠ᠃ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠢᠶᠠᠨ ᠠᠷᠭᠠᠴᠠᠭᠠᠬᠤ ᠳᠤ ᠡᠷᠬᠡᠪᠰᠢ ᠱᠠᠭᠠᠷᠳᠠᠭᠳᠠᠬᠤ ᠡᠳ᠋ ᠬᠥᠷᠥᠩᠭᠡ ᠶᠢ ᠪᠣᠯ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠢ ᠬᠢᠨᠠᠨ ᠲᠣᠭᠲᠠᠭᠠᠬᠤ ᠥᠶ᠎ᠡ ᠳᠤ ᠬᠡᠯᠲᠦᠷᠢᠭᠦᠯᠵᠦ ᠪᠣᠯᠤᠨ᠎ᠠ᠃    ᠭᠡᠷ ᠪᠦᠯᠢ ᠶᠢᠨ ᠡᠳ᠋ ᠬᠥᠷᠥᠩᠭᠡ ᠶᠢ ᠬᠢᠨᠠᠨ ᠲᠣᠭᠲᠠᠭᠠᠬᠤ ᠳᠤ᠂ ᠡᠷᠡᠮᠡᠯᠵᠡᠯᠡᠭᠰᠡᠨ ᠭᠡᠷ ᠪᠦᠯᠢ ᠳᠤ ︽ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠪᠠ ︽ᠦᠨᠡᠨ ᠪᠣᠳᠠᠲᠠᠶ ᠪᠠᠷ ᠮᠡᠳᠡᠭᠦᠯᠬᠦ ᠠᠮᠠᠯᠠᠯᠲᠠ ᠶᠢᠨ ᠪᠢᠴᠢᠭ︾᠎ ᠲᠤ ᠭᠠᠷ ᠤᠨ ᠦᠰᠦᠭ ᠵᠢᠷᠤᠭᠰᠠᠨ ᠤᠷᠢᠲᠠᠯ ᠳᠣᠤᠷ᠎ᠠ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠳᠠᠭᠠᠨ ᠡᠳ᠋ᠯᠡᠬᠦ ᠪᠠᠷ ᠬᠢᠨᠠᠨ ᠪᠠᠶᠢᠴᠠᠭᠠᠬᠤ ᠠᠷᠭ᠎ᠠ ᠪᠣᠯᠭᠠᠨ᠎ᠠ᠃    ᠵᠠᠷᠴᠢᠮ ᠳᠡᠭᠡᠷ᠎ᠡ ᠪᠠᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄    1 ᠡᠷᠡᠮᠡᠯᠵᠡᠯᠡᠭᠰᠡᠨ ᠭᠡᠷ ᠪᠦᠯᠢ ᠶᠢᠨ ᠦᠨᠡᠲᠦ ᠲᠡᠮᠳᠡᠭᠲᠦ᠂ ᠰᠲ᠋ᠣᠺ᠂ ᠪᠠᠩᠬᠢ ᠶᠢᠨ ᠬᠠᠳᠠᠭᠠᠯᠠᠮᠵᠢ ᠵᠡᠷᠭᠡ ᠬᠥᠮᠥᠨ ᠪᠦᠷᠢ ᠶᠢᠨ ᠳᠤᠮᠳᠠᠴᠢ ᠮᠥᠩᠭᠦᠨ ᠭᠦᠢᠯᠭᠡᠭᠡᠨ ᠤ ᠡᠳ᠋ ᠬᠥᠷᠥᠩᠭᠡ ᠨᠢ ᠲᠤᠰ ᠭᠠᠵᠠᠷ ᠣᠷᠣᠨ ᠤ 24 ᠰᠠᠷ᠎ᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠦᠭᠡᠢ ᠮᠥᠷᠲᠡᠭᠡᠨ ᠵᠦᠢ ᠵᠣᠬᠢᠰᠲᠠᠢ ᠵᠠᠶᠢᠯᠠᠰᠢ ᠦᠭᠡᠢ ᠵᠠᠷᠤᠯᠭ᠎ᠠ ᠶᠢᠨ ᠭᠡᠷᠡᠴᠢ ᠲᠠᠢ ᠭᠡᠷ ᠪᠦᠯᠢ︔    2 ᠬᠤᠲᠠ ᠪᠠᠯᠭᠠᠰᠤ ᠶᠢᠨ ᠭᠡᠷ ᠪᠦᠯᠢ ᠨᠢ ᠵᠥᠪᠬᠡᠨ ᠨᠢᠭᠡ ᠯᠡ ᠣᠷᠣᠨ ᠰᠠᠭᠤᠴᠠ ᠲᠠᠢ ᠪᠥᠭᠡᠳ ᠭᠠᠭᠴᠠ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠶᠢ 100 ᠲᠦᠪᠰᠢᠨ ᠠᠴᠠ ᠬᠡᠲᠦᠷᠡᠭᠦᠯᠵᠦ ᠪᠣᠯᠬᠤ ᠦᠭᠡᠢ︔ ᠬᠥᠳᠡᠭᠡ ᠲᠣᠰᠬᠤᠨ ᠤ ᠭᠡᠷ ᠪᠦᠯᠢ ᠨᠢ ᠵᠥᠪᠬᠡᠨ 1 ᠣᠷᠣᠨ ᠰᠠᠭᠤᠴᠠ ᠲᠠᠢ ᠪᠥᠭᠡᠳ ᠭᠡᠷ ᠪᠠᠶᠢᠰᠢᠩ ᠢᠶᠠᠨ ᠲᠦᠷᠢᠶᠡᠰᠦᠯᠡᠭᠦᠯᠦᠭᠰᠡᠨ ᠦᠭᠡᠢ︔ ᠭᠡᠷ ᠪᠦᠯᠢ ᠨᠢ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ ᠦᠭᠡᠢ ︵ᠵᠥᠪᠬᠡᠨ ᠣᠷᠣᠰᠢᠨ ᠰᠠᠭᠤᠬᠤ ᠳᠤ ᠬᠡᠷᠡᠭᠯᠡᠭᠰᠡᠨ ᠪᠣᠯ ᠡᠭᠦᠨ ᠳᠤ ᠪᠠᠭᠲᠠᠬᠤ ᠦᠭᠡᠢ︶︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠤᠭᠤᠴᠠᠭᠠᠨ ᠳᠤ ᠲᠤᠬᠠᠢ ᠶᠢᠨ ᠭᠠᠵᠠᠷ ᠤᠨ ᠪᠠᠷᠢᠮᠵᠢᠶ᠎ᠠ ᠠᠴᠠ ᠬᠡᠲᠦᠷᠡᠭᠰᠡᠨ ᠦᠭᠡᠢ︔    3 ᠬᠡᠷ ᠪᠦᠯᠢ ᠶᠢᠨ ᠡᠵᠡᠩᠨᠡᠯᠲᠡ ᠶᠢᠨ ᠴᠢᠨᠠᠷᠲᠠᠶ ᠲᠡᠷᠭᠡ ᠬᠥᠰᠬᠡ᠂ ᠬᠡᠷᠡᠭᠯᠡᠭᠡᠨ ᠤ ᠬᠡᠯᠪᠡᠷᠢ ᠶᠢᠨ ᠮᠠᠰᠢᠨ ᠲᠡᠷᠭᠡ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠬᠡᠷᠡᠭᠰᠡᠯ ᠪᠠᠶᠢᠬᠤ ᠥᠬᠡᠶ ᠮᠥᠷᠲᠡᠭᠡᠨ ᠬᠡᠷ ᠪᠦᠯᠢ ᠶᠢᠨ ᠪᠤᠰᠤ ᠪᠦᠷᠢᠯᠳᠦᠬᠦᠨ ᠮᠠᠰᠢᠨ ᠲᠡᠷᠭᠡ ᠶᠢ ᠣᠷᠳᠣ ᠬᠤᠭᠤᠴᠠᠭ᠎ᠠ ᠪᠠᠷ ᠬᠡᠷᠡᠭᠯᠡᠭᠰᠡᠨ ᠥᠬᠡᠶ ︵ᠵᠡᠮᠳᠡᠭᠴᠦᠳ ᠢ ᠣᠷᠣᠯᠠᠬᠤ ᠲᠡᠷᠭᠡ᠂ ᠠᠮᠢᠳᠤᠷᠠᠯ ᠳᠤ ᠬᠡᠷᠡᠭᠯᠡᠬᠦ ᠮᠣᠲ᠋ᠣᠷ ᠪᠠ ᠭᠤᠷᠪᠠᠨ ᠬᠦᠷᠳᠦᠲᠦ ᠲᠡᠷᠭᠡ᠂ ᠴᠠᠬᠢᠯᠭᠠᠨ ᠬᠤᠷᠢᠶᠠᠭᠤᠷ ᠳᠠᠩ ᠲᠡᠷᠭᠡ ᠪᠠᠭᠲᠠᠬᠤ ᠥᠬᠡᠶ︶᠃    ︵ᠭᠤᠷᠪᠠ︶ ᠪᠠᠶᠢᠴᠠᠭᠠᠬᠤ ᠠᠷᠭ᠎ᠠ ᠮᠠᠶ᠋ᠢᠭ    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠶ᠋ᠳᠪᠦᠷᠢᠯᠡᠬᠦ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠬᠤ ᠠᠵᠢᠯ ᠢ ᠡᠬᠢᠯᠡᠭᠦᠯᠬᠦ ᠬᠡᠷᠡᠭᠲᠡᠶ᠃ ᠪᠠᠶᠢᠴᠠᠭᠠᠯᠲᠠ ᠶᠢ ᠡᠷᠦᠬᠡ ᠳᠤ ᠬᠦᠷᠴᠦ ᠪᠠᠶᠢᠴᠠᠭᠠᠬᠤ᠂ ᠬᠥᠷᠰᠢ ᠵᠡᠷᠭᠡᠯᠡᠳᠡᠭᠡ ᠪᠠᠷ ᠨᠢ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠠᠪᠬᠤ ᠪᠤᠶᠤ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠡᠪᠰᠢᠭᠦᠯᠦᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠲᠣᠰᠬᠤᠨ ︵ᠰᠠᠭᠤᠭᠠᠯᠢ︶᠎ ᠤ ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠤᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠪᠠ ᠪᠣᠳᠠᠲᠠᠶ ᠠᠮᠢᠳᠤᠷᠠᠯ ᠤᠨ ᠪᠠᠶᠢᠳᠠᠯ ᠢ ᠪᠠᠶᠢᠴᠠᠭᠠᠵᠤ ᠬᠢᠨᠠᠨ ᠬᠠᠷᠭᠤᠭᠤᠯᠵᠤ ᠪᠣᠯᠤᠨ᠎ᠠ᠃ ᠳᠤᠭᠤᠶᠢᠯᠠᠩ ᠪᠦᠷᠢ ᠶᠢᠨ ᠪᠠᠶᠢᠴᠠᠭᠠᠬᠤ ᠠᠵᠢᠯᠲᠠᠨ ᠨᠢ 2 ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠶ᠃    1 ᠡᠷᠦᠬᠡ ᠳᠤ ᠬᠦᠷᠴᠦ ᠪᠠᠶᠢᠴᠠᠭᠠᠯᠲᠠ ᠬᠢᠨ᠎ᠡ᠃ ᠭᠤᠶᠤᠴᠢᠯᠠᠭᠴᠢ ᠶᠢᠨ ᠭᠡᠷ ᠪᠦᠯᠢ ᠳᠤ ᠬᠦᠷᠴᠦ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠢᠳᠡᠬᠦ᠂ ᠡᠮᠦᠰᠬᠦ᠂ ᠰᠠᠭᠤᠬᠤ᠂ ᠬᠡᠷᠡᠭᠯᠡᠬᠦ ᠵᠡᠷᠭᠡ ᠪᠣᠳᠠᠲᠤ ᠠᠮᠢᠳᠤᠷᠠᠯ ᠤᠨ ᠪᠠᠶᠢᠳᠠᠯ ᠢ ᠣᠶᠢᠯᠠᠭᠠᠭᠰᠠᠨ᠃ ᠡᠷᠦᠬᠡ ᠳᠤ ᠬᠦᠷᠴᠦ ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠦᠰᠦᠨᠦᠭᠲᠦ ᠶᠢ ᠲᠠᠭᠯᠠᠬᠤ ᠶᠢᠨ ᠬᠠᠮᠲᠤ ᠪᠠᠶᠢᠴᠠᠭᠠᠬᠤ ᠠᠵᠢᠯᠲᠠᠨ ᠪᠣᠯᠤᠨ ᠲᠤᠬᠠᠶ ᠶᠢᠨ ᠭᠠᠵᠠᠷ ᠲᠤ ᠪᠠᠶᠢᠭ᠎ᠠ ᠬᠠᠮᠲᠤ ᠶᠢᠨ ᠠᠮᠢᠳᠤᠷᠠᠯ ᠤᠨ ᠭᠡᠷ ᠪᠦᠯᠢ ᠶᠢᠨ ᠪᠦᠷᠢᠯᠳᠦᠬᠦᠨ ᠨᠢ ᠲᠤᠰ ᠲᠤᠰ ᠭᠠᠷ ᠤᠨ ᠦᠰᠦᠭ ᠵᠢᠷᠤᠬᠤ ᠬᠡᠷᠡᠭᠲᠡᠶ᠃    2 ᠬᠥᠷᠰᠢ ᠠᠶᠢᠯᠴᠢᠯᠠᠯ᠃ ᠪᠠᠶᠢᠴᠠᠭᠠᠯᠲᠠ ᠬᠢᠭᠰᠡᠳ ᠭᠡᠷ ᠪᠦᠯᠢ ᠶᠢᠨ ᠪᠠᠶᠢᠭ᠎ᠠ ᠲᠣᠰᠬᠤᠨ ᠤ ᠠᠷᠠᠳ ᠤᠨ ᠵᠥᠪᠯᠡᠯ ᠪᠣᠯᠤᠨ ᠨᠡᠶᠢᠭᠡᠮ ᠲᠣᠭᠤᠷᠢᠭ ᠲᠤ ᠬᠦᠷᠴᠦ ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠪᠣᠯᠤᠨ ᠪᠣᠳᠠᠲᠠᠶ ᠠᠮᠢᠳᠤᠷᠠᠯ ᠤᠨ ᠪᠠᠶᠢᠳᠠᠯ ᠢ ᠨᠢ ᠣᠶᠢᠯᠭᠠᠨ ᠣᠶᠢᠯᠠᠭᠠᠪᠠ᠃    3 ᠵᠠᠬᠢᠳᠠᠯ ᠴᠢᠮᠡᠭᠡ ᠠᠴᠠ ᠭᠡᠷᠡᠴᠢ ᠠᠪᠤᠨ᠎ᠠ᠃ ᠪᠠᠶᠢᠴᠠᠭᠠᠭᠴᠢ ᠠᠴᠠ ᠵᠠᠬᠢᠳᠠᠯ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠦᠬᠦᠢ ᠨᠢᠭᠡᠴᠡ ᠪᠣᠯᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠠᠪᠴᠤ ᠪᠠᠶᠢᠨ᠎ᠠ᠃    4 ᠪᠤᠰᠤᠳ ᠪᠠᠶᠢᠴᠠᠭᠠᠬᠤ ᠠᠷᠭ᠎ᠠ ᠬᠡᠯᠪᠡᠷᠢ᠃ ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ ᠥᠶ᠎ᠡ ᠳᠤ᠂ ᠡᠮᠦᠨᠡᠬᠢ ᠵᠤᠷᠪᠤᠰ ᠲᠤ ᠲᠣᠭᠲᠠᠭᠠᠭᠰᠠᠨ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠬᠥᠷᠰᠢ ᠵᠡᠷᠭᠡᠯᠡᠳᠡᠭᠡ ᠰᠤᠷᠪᠤᠯᠵᠢᠯᠠᠬᠤ ᠳᠡᠰ ᠳᠠᠷᠠᠭᠠᠯᠠᠯ ᠢ ᠳ᠋ᠢᠶᠠᠩᠬᠤᠸᠠ᠂ ᠬᠠᠷᠠᠭᠠᠨ ᠳᠠᠪᠲᠠᠮᠵᠢ ᠵᠡᠷᠭᠡ ᠦᠯᠦ ᠬᠦᠷᠦᠯᠴᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠤᠨ᠎ᠠ᠃    5 ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠬᠡᠷᠡᠭᠲᠡᠶ᠃ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠳᠤ ᠮᠡᠳᠡᠭᠡ ᠵᠠᠩᠭᠢ ᠶᠢ ᠬᠠᠷᠭᠤᠭᠤᠯᠵᠤ ᠳᠡᠪᠰᠢᠭᠦᠯᠦᠭᠰᠡᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠮᠡᠳᠡᠭᠡ ᠵᠠᠩᠭᠢ ᠶᠢ ᠬᠠᠷᠭᠤᠭᠤᠯᠬᠤ ᠲᠠᠰ ᠳᠠᠷᠠᠭᠠᠯᠠᠯ ᠢ ᠡᠬᠢᠯᠡᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ᠂ ᠭᠠᠶᠢᠯᠢ ᠲᠤᠰᠢᠶᠠᠭᠰᠠᠨ ᠲᠡᠮᠳᠡᠭᠯᠡᠯ᠂ ᠨᠡᠶᠢᠭᠡᠮ ᠤᠨ ᠳᠠᠭᠠᠳᠬᠠᠯ ᠲᠤᠰᠢᠶᠠᠭᠰᠠᠨ᠂ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠬᠤ᠂ ᠲᠡᠷᠭᠡ ᠣᠩᠭᠤᠴᠠ ᠶᠢ ᠳᠠᠩᠰᠠᠯᠠᠨ ᠲᠡᠮᠳᠡᠭᠯᠡᠬᠦ ᠵᠢᠴᠢ ᠪᠠᠩᠬᠢ ᠶᠢᠨ ᠬᠠᠳᠠᠭᠠᠯᠠᠮᠵᠢ᠂ ᠬᠤᠳᠠᠯᠳᠤᠭᠠᠨ ᠤ ᠳᠠᠭᠠᠳᠬᠠᠯ᠂ ᠲᠡᠮᠳᠡᠭᠯᠡᠯ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠯᠠᠪᠯᠠᠬᠤ ᠬᠡᠷᠡᠭᠲᠡᠢ᠃    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠲᠤᠰ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠭᠡᠷ ᠪᠦᠯᠢ ᠶᠢᠨ ᠤᠰᠤ᠂ ᠴᠠᠬᠢᠯᠭᠠᠨ᠂ ᠰᠢᠲᠠᠮᠠᠬᠠᠶ ᠬᠡᠢ᠂ ᠴᠢᠮᠡᠭᠡ ᠨᠡᠪᠲᠡᠷᠡᠯᠭᠡ ᠵᠡᠷᠭᠡ ᠡᠳᠦᠷ ᠲᠤᠲᠤᠮ ᠤᠨ ᠠᠮᠢᠳᠤᠷᠠᠯ ᠤᠨ ᠵᠠᠷᠤᠳᠠᠯ ᠤᠨ ᠵᠠᠷᠤᠯᠭ᠎ᠠ ᠵᠢᠴᠢ ᠥᠨᠳᠥᠷ ᠰᠦᠢᠳᠬᠡᠯ ᠬᠤᠷᠢᠶᠠᠬᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ︵ᠴᠡᠴᠡᠷᠯᠢᠭ ᠲᠤ ᠣᠷᠣᠬᠤ᠂ ᠭᠠᠳᠠᠭᠠᠳᠤ ᠳᠤ ᠭᠠᠷᠴᠤ ᠰᠤᠷᠤᠯᠴᠠᠬᠤ ᠪᠠᠭᠲᠠᠨ᠎ᠠ︶᠂ ᠭᠠᠳᠠᠭᠠᠳᠤ ᠳᠤ ᠭᠠᠷᠴᠤ ᠵᠢᠭᠤᠯᠴᠢᠯᠠᠬᠤ ᠵᠡᠷᠭᠡ ᠪᠠᠶᠢᠳᠠᠯ ᠪᠠᠶᠢᠬᠤ ᠡᠰᠡᠬᠦ ᠪᠠᠷ ᠳᠠᠮᠵᠢᠵᠤ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠬᠠᠪᠰᠤᠷᠤᠮᠵᠢ ᠦᠨᠡᠯᠡᠨ ᠵᠢᠱᠢᠯᠲᠡ ᠬᠢᠬᠦ ᠬᠡᠷᠡᠭᠲᠡᠶ᠃    ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠪᠠᠷ ᠳᠠᠮᠵᠢᠭᠠᠳ᠂ ᠨᠥᠬᠦᠴᠡᠯ ᠳᠤ ᠨᠡᠶᠢᠴᠡᠬᠦ ᠦᠭᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠴᠠᠭ ᠲᠤᠬᠠᠶ ᠳᠤᠨᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃    ᠭᠤᠶᠤᠴᠢᠯᠠᠭᠴᠢ ᠨᠢ ᠣᠨᠳᠣᠤ ᠰᠠᠨᠠᠯ ᠲᠠᠢ ᠪᠠᠶᠢᠪᠠᠯ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ ︔ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠠᠬᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃    ᠲᠠᠪᠤ᠂ ᠢᠯᠡ ᠨᠡᠶᠢᠲᠡᠯᠡᠬᠦ    ︵ᠨᠢᠭᠡ︶ ᠠᠩᠬᠠᠨ ᠤ ᠬᠢᠨᠠᠯᠲᠠ ᠶᠢᠨ ᠨᠡᠶᠢᠲᠡ ᠶᠢᠨ ᠵᠠᠷ    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠦᠨᠳᠦᠰᠦᠯᠡᠨ᠂ ᠠᠩᠬ᠎ᠠ ᠬᠢᠨᠠᠭᠰᠠᠨ ᠰᠠᠨᠠᠯ ᠢᠶᠠᠨ ᠳᠤᠷᠠᠳᠬᠤ ᠶᠢᠨ ᠬᠠᠮᠲᠤ ᠭᠤᠶᠤᠴᠢᠯᠠᠭᠰᠠᠨ ᠭᠡᠷ ᠪᠦᠯᠢ ᠶᠢᠨ ᠪᠠᠶᠢᠭ᠎ᠠ ᠲᠣᠰᠬᠤᠨ᠂ ᠨᠡᠶᠢᠭᠡᠮ ᠲᠣᠭᠤᠷᠢᠭ ᠢ ᠨᠡᠶᠢᠲᠡ ᠳᠤ ᠵᠠᠷᠯᠠᠬᠤ ᠬᠡᠷᠡᠭᠲᠡᠶ᠃ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃    ︵ᠬᠤᠶᠠᠷ︶ ᠤᠷᠲᠤ ᠬᠤᠭᠤᠴᠠᠭ᠎ᠠ ᠪᠠᠷ ᠨᠡᠶᠢᠲᠡᠯᠡᠬᠦ    ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠢ ᠠᠯᠪᠠᠨ ᠤ ᠰᠦᠯᠵᠢᠶ᠎ᠡ᠂ ᠮᠥᠩᠬᠡ ᠰᠤᠪᠠᠭ ᠤᠨ APP᠂ ᠨᠡᠶᠢᠭᠡᠮ ᠤᠨ ᠠᠪᠤᠷᠠᠨ ᠲᠤᠰᠠᠯᠠᠬᠤ ᠪᠢᠴᠢᠯ ᠦᠢᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠣᠷᠳᠣ ᠬᠤᠭᠤᠴᠠᠭ᠎ᠠ ᠪᠠᠷ ᠢᠯᠡ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠶᠢ ᠦᠨᠡᠨᠬᠦ ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ ᠵᠢᠷᠤᠮᠵᠢᠯ ᠲᠠᠢ ᠠᠵᠢᠯᠯᠠᠭᠠᠨ ᠢ ᠦᠨᠡᠨᠬᠦ ᠪᠠᠲᠤᠯᠠᠨ᠎ᠠ᠃    ︵ᠭᠤᠷᠪᠠ︶ ᠢᠯᠡ ᠨᠡᠶᠢᠲᠡᠯᠡᠬᠦ ᠠᠭᠤᠯᠭ᠎ᠠ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠠᠪᠤᠷᠠᠨ ᠲᠤᠰᠠᠯᠠᠬᠤ ᠡᠲᠡᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠪᠠ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠭᠤᠶᠤᠴᠢᠯᠠᠭᠴᠢ ᠶᠢᠨ ᠣᠪᠣᠭ ᠨᠡᠷ᠎ᠡ᠂ ᠬᠡᠷ ᠪᠦᠯᠢ ᠶᠢᠨ ᠪᠦᠷᠢᠯᠳᠦᠬᠦᠨ ᠤ ᠲᠤᠭ᠎ᠠ ᠬᠡᠮᠵᠢᠶ᠎ᠡ᠂ ᠪᠠᠲᠤᠯᠠᠭ᠎ᠠ ᠶᠢᠨ ᠵᠣᠭᠤᠰ ᠤᠨ ᠲᠤᠭ᠎ᠠ᠂ ᠪᠠᠶᠢᠭ᠎ᠠ ᠭᠠᠵᠠᠷ ᠠᠴᠠ ᠭᠠᠳᠠᠨᠠᠬᠢ ᠪᠤᠰᠤᠳ ᠮᠡᠳᠡᠭᠡ ᠵᠠᠩᠭᠢ ᠶᠢ ᠢᠯᠡ ᠨᠡᠶᠢᠲᠡᠯᠡᠵᠦ ᠪᠣᠯᠬᠤ ᠥᠬᠡᠶ᠂ ᠨᠠᠰᠤᠨ ᠳᠤ ᠥᠯᠥ ᠭᠦᠷᠦᠭᠰᠡᠳ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠵᠦ ᠪᠣᠯᠬᠤ ᠥᠬᠡᠶ᠃    ᠵᠢᠷᠭᠤᠭ᠎ᠠ᠂ ᠦᠨᠡᠯᠡᠯᠲᠡ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠳᠡᠰ ᠳᠠᠷᠠᠭᠠᠯᠠᠯ ᠢ ᠰᠢᠯᠢᠳᠡᠭᠵᠢᠭᠦᠯᠵᠦ᠂ ᠲᠡᠩᠬᠡᠷᠡᠭᠦᠯᠦᠨ ᠲᠤᠰᠠᠯᠠᠭᠤᠯᠬᠤ ᠪᠠᠷ ᠭᠤᠶᠤᠴᠢᠯᠠᠭᠰᠠᠨ ᠮᠠᠷᠭᠤᠯᠳᠤᠭᠠᠨ ‍ᠦᠭᠡᠢ ᠭᠡᠷ ᠪᠦᠯᠢ ᠳᠤ ᠠᠷᠠᠳᠴᠢᠯᠠᠯ ᠢᠶᠠᠷ ᠦᠨᠡᠯᠡᠯᠲᠡ ᠬᠢᠬᠦ ᠦᠭᠡᠶ ᠪᠠᠶᠢᠵᠤ ᠪᠣᠯᠤᠨ᠎ᠠ᠃ ᠮᠠᠷᠭᠤᠭᠠᠨ ᠲᠠᠢ᠂ ᠰᠢᠶᠠᠨ ᠤ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠦᠨᠡᠯᠡᠯᠲᠡ ᠬᠢᠬᠦ ᠴᠢᠬᠤᠯᠠᠲᠠᠶ ᠪᠣᠯ ᠳᠣᠤᠷᠠᠬᠢ ᠳᠡᠰ ᠳᠠᠷᠠᠭᠠᠯᠠᠯ ᠤᠨ ᠶᠣᠰᠣᠭᠠᠷ ᠠᠷᠠᠳᠴᠢᠯᠠᠯ ᠢᠶᠠᠷ ᠦᠨᠡᠯᠡᠯᠲᠡ ᠬᠢᠨ᠎ᠡ᠄    1 ᠠᠷᠠᠳᠴᠢᠯᠠᠯ ᠢᠶᠠᠷ ᠦᠨᠡᠯᠡᠬᠦ ᠶᠢ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠵᠥᠪᠯᠡᠯ ᠢᠶᠠᠷ ᠨᠢᠭᠡᠴᠢ ᠪᠣᠯᠭᠠᠵᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠬᠢᠵᠦ᠂ ᠰᠢᠯᠭᠠᠷᠠᠭᠤᠯᠬᠤ ᠺᠣᠮᠢᠰ ᠨᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠰᠠᠭᠤᠭᠠᠯᠢ ᠠᠷᠠᠳ︶᠎ ᠤ ᠨᠠᠮ ᠤᠨ ᠵᠣᠬᠢᠶᠠᠨ ᠪᠠᠶᠢᠭᠤᠯᠤᠯᠲᠠ ᠪᠠ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠤᠨ ᠪᠦᠷᠢᠯᠳᠦᠬᠦᠨ᠂ ᠲᠣᠰᠬᠤᠨ ︵ᠰᠠᠭᠤᠭᠠᠯᠢ ᠠᠷᠠᠳ︶᠎ ᠤ ᠰᠠᠭᠤᠭᠠᠯᠢ ᠠᠷᠠᠳ ᠤᠨ ᠪᠠᠶᠢᠳᠠᠯ ᠢ ᠰᠠᠶᠢᠨ ᠮᠡᠳᠡᠳᠡᠭ ᠨᠠᠮ ᠤᠨ ᠭᠡᠰᠢᠭᠦᠨ ᠲᠥᠯᠥᠭᠡᠯᠡᠭᠴᠢ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠲᠥᠯᠥᠭᠡᠯᠡᠭᠴᠢ ᠵᠡᠷᠭᠡ ᠬᠥᠮᠦᠰ ᠢᠶᠠᠷ ᠪᠦᠷᠢᠯᠳᠦᠭᠦᠯᠦᠨ᠎ᠡ᠃ ᠠᠷᠠᠳᠴᠢᠯᠠᠯ ᠢᠶᠠᠷ ᠦᠨᠡᠯᠡᠬᠦ ᠠᠵᠢᠯ ᠢ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠬᠠᠷᠢᠭᠤᠴᠠᠨ ᠵᠢᠯᠣᠭᠤᠳᠬᠤ ᠪᠠ ᠬᠢᠨᠠᠯᠲᠠ ᠲᠠᠯᠪᠢᠨ᠎ᠠ᠃    2 ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠠᠷᠠᠳᠴᠢᠯᠠᠯ ᠢᠶᠠᠷ ᠦᠨᠡᠯᠡᠬᠦ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠲᠥᠯᠥᠭᠡᠯᠡᠭᠴᠢ ᠶᠢᠨ ᠪᠤᠶ ᠪᠣᠯᠬᠤ ᠬᠡᠪᠴᠢᠶ᠎ᠡ ᠪᠣᠯᠤᠨ ᠪᠣᠶ ᠪᠣᠯᠬᠤ ᠠᠷᠭ᠎ᠠ ᠮᠠᠶᠢᠭ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ﹀᠎ ᠶᠢ ᠬᠡᠷᠡᠭᠵᠢᠭᠦᠯᠬᠦ ᠠᠷᠭ᠎ᠠ︾᠎ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠣᠩᠭᠤᠨ ᠭᠠᠷᠭᠠᠭᠰᠠᠨ ᠲᠣᠰᠬᠤᠨ ︵ᠰᠠᠭᠤᠭᠠᠯᠢ︶᠎ ᠤ ᠠᠷᠠᠳ ᠤᠨ ᠲᠥᠯᠥᠭᠡᠯᠡᠭᠴᠢ ᠶᠢ ᠰᠢᠯᠭᠠᠷᠠᠭᠤᠯᠬᠤ ᠺᠣᠮᠢᠰ ᠢᠶᠠᠷ ᠲᠣᠭᠲᠠᠭᠠᠬᠤ ᠶᠢᠨ ᠬᠠᠮᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠯᠭᠠᠷᠠᠭᠤᠯᠬᠤ ᠺᠣᠮᠢᠰ ᠤᠨ ᠬᠥᠮᠥᠷᠭᠡ ᠶᠢ ᠪᠠᠶᠢᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠬᠤ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠲᠣᠰᠬᠤᠨ ︵ᠰᠠᠭᠤᠭᠠᠯᠢ︶᠎ ᠤ ᠠᠷᠠᠳ ᠤᠨ ᠲᠥᠯᠥᠭᠡᠯᠡᠭᠴᠢ ᠶᠢᠨ ᠲᠤᠭ᠎ᠠ ᠶᠢ ᠦᠨᠳᠦᠰᠦᠯᠡᠨ᠂ ᠠᠶᠢᠯ ᠲᠣᠰᠬᠤᠨ ᠢᠶᠠᠷ ᠨᠢᠭᠡᠴᠢ ᠪᠣᠯᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠲᠣᠭᠲᠠᠭᠠᠬᠤ ᠺᠣᠮᠢᠰ ᠤᠨ ᠬᠥᠮᠥᠷᠭᠡ ᠠᠴᠠ ᠲᠠᠰᠢᠷᠠᠮ ᠢᠶᠠᠷ ᠲᠣᠰ ᠤᠳᠠᠭᠠᠨ ᠤ ᠦᠨᠡᠯᠡᠨ ᠶᠠᠷᠢᠯᠴᠠᠬᠤ ᠳᠤ ᠣᠷᠣᠯᠴᠠᠬᠤ ᠺᠣᠮᠢᠰ ᠤᠨ ᠭᠡᠰᠢᠭᠦᠨ ᠢ ᠲᠣᠬᠢᠶᠠᠯᠳᠤᠯ ᠢᠶᠠᠷ ᠰᠣᠩᠭᠤᠨ ᠠᠪᠤᠨ᠎ᠠ ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠤᠶᠤ ᠲᠣᠰᠬᠤᠨ ︵ᠰᠠᠭᠤᠭᠠᠯᠢ︶᠎ ᠤ ᠠᠷᠠᠳ ᠤᠨ ᠵᠥᠪᠯᠡᠯ ᠤᠨ ᠣᠨᠴᠠ ᠲᠣᠭᠲᠠᠭᠰᠠᠨ ᠲᠣᠰᠬᠤᠨ ︵ᠰᠠᠭᠤᠭᠠᠯᠢ︶᠎ ᠤ ᠠᠷᠠᠳ ᠤᠨ ᠲᠥᠯᠥᠭᠡᠯᠡᠭᠴᠢ ᠶᠢᠨ ᠬᠢᠳᠡᠯ ᠠᠴᠠ ᠵᠠᠶᠢᠯᠠᠰᠬᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ ᠠᠵᠢᠯ ᠳᠤ ᠬᠥᠮᠥᠨ ᠤ ᠬᠦᠴᠦᠨ ᠤ ᠬᠦᠴᠦᠨ ᠵᠦᠢᠯ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ ᠳᠤ ᠣᠷᠣᠯᠴᠠᠭᠰᠠᠨ ᠬᠥᠮᠦᠨ ᠤ ᠲᠤᠭ᠎ᠠ ᠶᠢᠨ ᠳᠣᠲᠣᠷᠠᠬᠢ ᠲᠣᠰᠬᠤᠨ ︵ᠰᠠᠭᠤᠭᠠᠯᠢ︶᠎ ᠤ ᠠᠷᠠᠳ ᠤᠨ ᠲᠥᠯᠥᠭᠡᠯᠡᠭᠴᠢ ᠶᠢᠨ ᠲᠤᠭ᠎ᠠ ᠨᠢ ᠪᠦᠬᠦ ᠬᠥᠮᠦᠨ ᠤ ᠲᠤᠭ᠎ᠠ ᠶᠢᠨ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠶᠢ ᠡᠵᠡᠯᠡᠬᠦ ᠬᠡᠷᠡᠭᠲᠡᠶ᠃    3 ᠠᠷᠠᠳᠴᠢᠯᠠᠯ ᠢᠶᠠᠷ ᠦᠨᠡᠯᠡᠬᠦ ᠳᠤ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠪᠠᠶᠢᠴᠠᠭᠠᠯᠲᠠ ᠶᠢᠨ ᠪᠤᠰᠤᠳᠴᠢ ᠴᠢᠨᠠᠷ᠂ ᠦᠨᠡᠨ ᠪᠣᠳᠠᠲᠤ ᠴᠢᠨᠠᠷ ᠲᠤ ᠦᠨᠡᠯᠡᠯᠲᠡ ᠬᠢᠵᠦ᠂ ᠦᠨᠡᠯᠡᠯᠲᠡ ᠬᠢᠵᠦ ᠳᠠᠭᠤᠰᠬᠤ ᠶᠠᠪᠤᠴᠠ ᠳᠤ ᠨᠠᠷᠢᠨ ᠨᠢᠭᠲᠠ᠂ ᠪᠦᠷᠢᠨ ᠪᠦᠲᠦᠨ ᠦᠨᠡᠯᠡᠯᠲᠡ ᠶᠢᠨ ᠲᠡᠮᠳᠡᠭᠯᠡᠯ ᠬᠢᠵᠦ᠂ ᠦᠨᠡᠯᠡᠭᠰᠡᠨ ᠦᠷ᠎ᠡ ᠳ᠋ᠦᠩ ᠢ ᠦᠨᠡᠯᠡᠯᠲᠡ ᠳᠤ ᠣᠷᠣᠯᠴᠠᠭᠰᠠᠨ ᠪᠣᠶ ᠪᠦᠬᠦᠢ ᠬᠥᠮᠦᠰ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠶ᠃    ᠲᠤᠯᠤᠭ᠎ᠠ᠂ ᠬᠢᠨᠠᠨ ᠬᠠᠷᠭᠤᠭᠤᠯᠵᠤ ᠨᠤᠲᠠᠯᠠᠬᠤ    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠭᠤᠶᠤᠴᠢᠯᠠᠯ ᠤᠨ ᠮᠠᠲ᠋ᠧᠷᠢᠶᠠᠯ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠠ ᠠᠩᠬ᠎ᠠ ᠬᠢᠨᠠᠭᠰᠠᠨ ᠰᠠᠨᠠᠯ ᠵᠡᠷᠭᠡ ᠮᠠᠲ᠋ᠧᠷᠢᠶᠠᠯ ᠢᠶᠠᠨ 10 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠨᠤᠲᠠᠯᠠᠬᠤ ᠰᠠᠨᠠᠯ ᠢᠶᠠᠨ ᠳᠤᠷᠠᠳᠬᠤ ᠬᠡᠷᠡᠭᠲᠡᠶ᠃    ᠲᠤᠰᠠᠭᠠᠷ ᠳᠡᠩᠰᠡᠯᠡᠨ ᠲᠡᠮᠳᠡᠭᠯᠡᠬᠦ ᠪᠤᠶᠤ ᠬᠢᠨᠠᠨ ᠬᠠᠷᠭᠤᠭᠤᠯᠵᠤ ᠨᠤᠲᠠᠯᠠᠬᠤ ᠱᠠᠲᠤᠨ ᠳᠤ ᠵᠠᠭᠠᠯᠳᠤᠯᠭ᠎ᠠ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠡᠷᠡᠭᠲᠡᠶ᠃    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠬᠢᠨᠠᠨ ᠬᠠᠷᠭᠤᠭᠤᠯᠬᠤ ᠪᠠᠷ ᠳᠡᠮᠵᠢᠨ᠂ ᠨᠥᠬᠦᠴᠡᠯ ᠳᠤ ᠨᠡᠶᠢᠴᠡᠬᠦ ᠭᠤᠶᠤᠴᠢᠯᠠᠯ ᠢ ᠨᠤᠲᠠᠯᠠᠨ ᠵᠥᠪᠰᠢᠶᠡᠷᠡᠬᠦ ᠶᠢᠨ ᠬᠠᠮᠲᠤ᠂ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠦᠨᠡᠮᠯᠡᠯ ᠪᠤᠶᠤ ᠬᠢᠨᠠᠨ ᠬᠠᠷᠭᠤᠭᠤᠯᠵᠤ ᠨᠤᠲᠠᠯᠠᠬᠤ ᠮᠡᠳᠡᠭᠳᠡᠯ ᠤᠨ ᠪᠢᠴᠢᠭ ᠣᠯᠭᠤᠬᠤ ᠶᠢᠨ ᠬᠠᠮᠲᠤ ᠨᠤᠲᠠᠯᠠᠨ ᠵᠥᠪᠰᠢᠶᠡᠷᠡᠬᠦ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠶᠢ ᠣᠯᠭᠤᠨ᠎ᠠ᠃ ᠨᠥᠬᠦᠴᠡᠯ ᠳᠤ ᠨᠡᠶᠢᠴᠡᠬᠦ ᠦᠭᠡᠶ ᠭᠤᠶᠤᠴᠢᠯᠠᠯ ᠢ ᠨᠤᠲᠠᠯᠠᠨ ᠵᠥᠪᠰᠢᠶᠡᠷᠡᠵᠦ ᠪᠣᠯᠬᠤ ᠦᠭᠡᠶ ᠪᠥᠭᠡᠳ ᠲᠣᠭᠲᠠᠭᠠᠯ ᠭᠠᠷᠭᠠᠭᠰᠠᠨ 3 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃    ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠶ︔ ᠣᠨᠴᠠᠭᠠᠢ ᠪᠠᠶᠢᠳᠠᠯ ᠳᠣᠣᠷ᠎ᠠ᠂ 45 ᠠᠵᠢᠯᠯᠠᠬᠤ ᠡᠳᠦᠷ ᠪᠣᠯᠭᠠᠨ ᠤᠷᠲᠤᠳᠬᠠᠵᠤ ᠪᠣᠯᠣᠨ᠎ᠠ᠃    ᠨᠠᠢᠮᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠵᠦᠢᠯ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠡᠲᠡᠭᠡᠳ ᠨᠢ ᠬᠦᠨᠳᠦ ᠡᠪᠡᠳᠴᠢᠲᠡᠶ ᠬᠦᠨᠳᠦ ᠵᠡᠮᠳᠡᠭ ᠵᠡᠷᠭᠡ ᠵᠠᠶᠢᠯᠠᠰᠢ ᠦᠭᠡᠶ ᠵᠠᠷᠤᠯᠭ᠎ᠠ ᠶᠢ ᠬᠠᠰᠤᠭᠰᠠᠨ ᠤ ᠳᠠᠷᠠᠭ᠎ᠠ ᠬᠢᠨᠠᠨ ᠲᠣᠭᠲᠠᠭᠠᠭᠰᠠᠨ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢᠨ ᠶᠣᠰᠣᠭᠠᠷ ᠵᠠᠷᠴᠢᠮ ᠳᠡᠭᠡᠷ᠎ᠡ ᠪᠠᠨ ᠡᠷᠦᠬᠡ ᠪᠠᠷ ᠪᠠᠲᠤᠯᠠᠭ᠎ᠠ ᠣᠯᠭᠤᠬᠤ᠂ ᠵᠥᠷᠢᠶᠡᠲᠦ ᠲᠤᠭ᠎ᠠ ᠪᠠᠷ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠲᠤᠬᠠᠶ ᠶᠢᠨ ᠭᠠᠵᠠᠷ ᠤᠨ ᠪᠠᠲᠤᠯᠠᠭ᠎ᠠ ᠶᠢᠨ ᠪᠠᠷᠢᠮᠵᠢᠶ᠎ᠠ ᠪᠠᠷ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢᠨ ᠵᠥᠷᠢᠶ᠎ᠡ ᠶᠢ ᠬᠠᠰᠤᠵᠤ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠪᠣᠯᠭᠠᠵᠤ᠂ ᠪᠠᠰᠠ ᠭᠤᠶᠤᠴᠢᠯᠠᠭᠰᠠᠨ ᠭᠡᠷ ᠪᠦᠯᠢ ᠶᠢᠨ ᠬᠦᠴᠢᠷᠳᠡᠯ ᠤᠨ ᠬᠡᠮᠵᠢᠶ᠎ᠡ ᠪᠣᠯᠤᠨ ᠬᠥᠮᠦᠰ ᠤᠨ ᠪᠠᠶᠢᠳᠠᠯ ᠢ ᠦᠨᠳᠦᠰᠦᠯᠡᠨ ᠳᠡᠰ ᠬᠤᠪᠢᠶᠠᠬᠤ ᠠᠷᠭ᠎ᠠ ᠮᠠᠶ᠋ᠢᠭ ᠢ ᠠᠪᠴᠤ ᠪᠣᠯᠤᠨ᠎ᠠ᠃ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 90% - 100%᠎ ᠳᠤ ᠬᠦᠷᠦᠭᠰᠡᠨ ᠪᠠᠶᠢᠪᠠᠯ A ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% - 90%᠎ ᠳᠤ ᠬᠦᠷᠦᠭᠰᠡᠨ ᠪᠠᠶᠢᠪᠠᠯ B ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50%᠎ ᠠᠴᠠ ᠳᠣᠷᠣᠭᠰᠢ ᠪᠠᠶᠢᠪᠠᠯ C ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠬᠦᠨᠳᠦ ᠡᠪᠡᠳᠴᠢᠨ᠂ ᠬᠦᠨᠳᠦ ᠵᠡᠮᠳᠡᠭ ᠳᠣᠲᠣᠷᠠᠬᠢ ︽ᠭᠠᠭᠴᠠ ᠬᠥᠮᠦᠨ ᠤ ᠪᠠᠲᠤᠯᠠᠭ᠎ᠠ︾᠎ ᠨᠢ ᠭᠠᠭᠴᠠ ᠬᠥᠮᠦᠨ ᠤ ᠡᠷᠦᠬᠡ ᠪᠠᠷ ᠲᠣᠭᠠᠴᠠᠭ᠎ᠠ ᠬᠢᠭᠰᠡᠨ ᠣᠷᠣᠯᠭ᠎ᠠ ᠶᠢ ᠵᠣᠬᠢᠴᠠᠩᠭᠤᠶ ᠲᠥᠷᠥᠯ ᠢᠯᠭᠠᠯ ᠳᠤ ᠣᠷᠣᠭᠤᠯᠤᠨ᠎ᠠ᠃    ᠶᠢᠰᠦ᠂ ᠪᠡᠯᠡ ᠮᠥᠩᠭᠦ ᠣᠯᠭᠤᠬᠤ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠠᠷᠴᠢᠮ ᠳᠡᠭᠡᠷ᠎ᠡ ᠪᠠᠨ ᠨᠡᠶᠢᠭᠡᠮᠴᠢᠯᠡᠨ ᠣᠯᠭᠤᠬᠤ ᠶᠢ ᠬᠡᠷᠡᠭᠵᠢᠭᠦᠯᠵᠦ᠂ ᠪᠠᠩᠬᠢ᠂ ᠢᠲᠡᠭᠡᠮᠵᠢ ᠶᠢᠨ ᠬᠤᠷᠰᠢᠶ᠎ᠠ ᠵᠡᠷᠭᠡ ᠣᠷᠣᠯᠠᠨ ᠭᠦᠢᠴᠡᠳᠬᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠨ᠂ ᠰᠠᠷ᠎ᠠ ᠪᠦᠷᠢ ᠶᠢᠨ 10᠎ ᠤ ᠡᠳᠦᠷ ᠠᠴᠠ ᠡᠮᠦᠨ᠎ᠡ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠳᠠᠩᠰᠠᠨ ᠳᠤ ᠥᠭᠬᠦ ᠬᠡᠷᠡᠭᠲᠡᠶ᠃    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠤᠶᠤ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠵᠥᠪᠯᠡᠯ ᠤᠨ ᠬᠠᠮᠢᠶ᠎ᠠ ᠪᠦᠬᠦᠢ ᠠᠵᠢᠯᠲᠠᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠭᠠᠷᠭᠠᠨ ᠠᠪᠬᠤ ᠳᠤ ᠬᠡᠷᠡᠭᠯᠡᠬᠦ ᠪᠠᠩᠬᠢ ᠶᠢᠨ ᠬᠠᠳᠠᠭᠠᠯᠠᠮᠵᠢ ᠶᠢᠨ ᠳᠡᠪᠲᠡᠷ ᠪᠤᠶᠤ ᠪᠠᠩᠬᠢ ᠶᠢᠨ ᠺᠠᠷᠲ ᠢ ᠣᠷᠣᠯᠠᠨ ᠬᠠᠳᠠᠭᠠᠯᠠᠵᠤ ᠬᠠᠮᠢᠶᠠᠷᠬᠤ ᠳᠤ ᠭᠦᠷᠪᠡᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠲᠠᠢ ᠪᠢᠴᠢᠭ ᠤᠨ ᠬᠡᠯᠡᠯᠴᠡᠭᠡᠷ ᠲᠣᠭᠲᠠᠬᠤ ᠶᠢᠨ ᠬᠠᠮᠲᠤ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ᠠᠷᠪᠠ᠂ ᠬᠥᠳᠡᠯᠦᠩᠭᠦᠶ ᠬᠠᠮᠢᠶᠠᠷᠤᠯᠲᠠ    ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠨᠢ ᠮᠡᠳᠡᠭᠦᠯᠬᠦ ᠬᠤᠭᠤᠴᠠᠭᠠᠨ ᠳᠤ ᠭᠡᠷ ᠪᠦᠯᠢ ᠶᠢᠨ ᠬᠥᠮᠦᠨ ᠠᠮᠠ᠂ ᠣᠷᠣᠯᠭ᠎ᠠ᠂ ᠡᠳ᠋ ᠬᠥᠷᠥᠩᠭᠡ ᠶᠢᠨ ᠬᠤᠪᠢᠷᠠᠯᠲᠠ ᠵᠢᠴᠢ ᠭᠡᠷ ᠪᠦᠯᠢ ᠶᠢᠨ ᠪᠦᠷᠢᠯᠳᠦᠬᠦᠨ ᠤ ᠠᠵᠢᠯ ᠡᠷᠬᠢᠯᠡᠬᠦ ᠬᠤᠪᠢᠷᠠᠯᠲᠠ ᠵᠡᠷᠭᠡ ᠪᠠᠶᠢᠳᠠᠯ ᠢ ᠥᠪᠡᠰᠦᠪᠡᠨ ᠮᠡᠳᠡᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠤᠨ ᠳᠣᠲᠣᠷᠠᠬᠢ ᠨᠠᠰᠤᠨ ᠳᠤ ᠦᠯᠦ ᠬᠦᠷᠦᠭᠰᠡᠳ᠂ ᠬᠦᠨᠳᠦ ᠡᠪᠡᠳᠴᠢᠲᠡᠨ᠂ ᠬᠦᠨᠳᠦ ᠵᠡᠮᠳᠡᠭᠴᠦᠳ ︵ᠣᠶᠤᠨ ᠴᠢᠳᠠᠪᠤᠷᠢ᠂ ᠣᠶᠤᠨ ᠮᠡᠳᠡᠷᠡᠯ ᠵᠡᠮᠳᠡᠭ 3 ᠳᠡᠰ ᠪᠠᠭᠲᠠᠨ᠎ᠠ︶᠂ ᠨᠠᠰᠤᠲᠠᠶᠢᠴᠤᠳ ᠵᠡᠷᠭᠡ ᠣᠨᠴᠠᠭᠠᠢ ᠡᠲᠡᠭᠡᠳ ᠲᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠬᠥᠮᠦᠰ ᠭᠡᠷ ᠲᠤᠨᠢ ᠬᠦᠷᠴᠦ ᠮᠡᠳᠡᠭᠡ ᠵᠠᠩᠭᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠵᠦ ᠪᠣᠯᠤᠨ᠎ᠠ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠥᠮᠦᠨ ᠠᠮᠠ᠂ ᠣᠷᠣᠯᠭ᠎ᠠ ᠪᠣᠯᠤᠨ ᠡᠳ᠋ ᠬᠥᠷᠥᠩᠭᠡ ᠶᠢᠨ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠴᠤ 3 ᠰᠠᠷ᠎ᠠ ᠥᠩᠭᠡᠷᠡᠲᠡᠯ᠎ᠡ ᠰᠠᠨᠠᠭᠠᠴᠢᠯᠠᠭ᠎ᠠ ᠠᠴᠠ ᠪᠠᠨ ᠮᠡᠳᠡᠭᠳᠡᠭᠰᠡᠨ ᠦᠭᠡᠶ ᠪᠣᠯ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠰᠢᠭᠦᠮᠵᠢᠯᠡᠨ ᠰᠤᠷᠭᠠᠵᠤ ᠪᠣᠯᠤᠨ᠎ᠠ᠃ ᠨᠥᠬᠦᠴᠡᠯ ᠨᠢ ᠨᠡᠶᠢᠴᠡᠬᠦ ᠦᠭᠡᠶ ᠶᠢ ᠨᠢ ᠣᠯᠵᠤ ᠮᠡᠳᠡᠪᠡᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠪᠠᠨ ᠵᠣᠭᠰᠣᠭᠠᠬᠤ ᠪᠠᠷ ᠲᠣᠭᠲᠠᠭᠠᠬᠤ ᠬᠡᠷᠡᠭᠲᠡᠶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠬᠤᠳᠠᠯ ᠢᠶᠠᠷ ᠮᠡᠳᠡᠭᠦᠯᠬᠦ᠂ ᠨᠢᠭᠤᠬᠤ᠂ ᠬᠠᠭᠤᠷᠮᠠᠭ ᠢᠶᠠᠷ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠮᠡᠬᠡᠯᠡᠨ ᠠᠪᠤᠭᠰᠠᠨ ᠪᠣᠯ ᠪᠠᠲᠤᠯᠠᠭ᠎ᠠ ᠶᠢᠨ ᠬᠡᠪᠴᠢᠶᠡᠨ ᠠᠴᠠ ᠴᠠᠭ ᠲᠤᠬᠠᠶ ᠳᠤᠨᠢ ᠭᠠᠷᠭᠠᠵᠤ᠂ ᠬᠠᠤᠯᠢ ᠪᠤᠰᠤ ᠪᠠᠷ ᠣᠯᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠵᠠᠷᠯᠢᠭᠳᠠᠨ ᠪᠤᠴᠠᠭᠠᠬᠤ ᠶᠢᠨ ᠬᠠᠮᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃    ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ᠄ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠶᠢᠨ ᠬᠠᠮᠲᠤ᠂ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠣᠯᠭᠤᠬᠤ ᠶᠢ ᠵᠣᠭᠰᠣᠭᠠᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠬᠡᠨ᠎ᠡ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠲᠠᠷᠬᠠᠭᠠᠬᠤ ᠶᠢ ᠵᠣᠭᠰᠣᠭᠠᠬᠤ ᠲᠣᠭᠲᠠᠭᠠᠯ ᠭᠠᠷᠭᠠᠵᠤ᠂ ᠬᠠᠤᠯᠢ ᠪᠠᠷ ᠲᠣᠭᠲᠠᠭᠠᠭᠰᠠᠨ ᠤᠴᠢᠷ ᠰᠢᠯᠲᠠᠭᠠᠨ ᠪᠣᠯᠤᠨ ᠲᠣᠭᠲᠠᠭᠠᠭᠰᠠᠨ ᠳᠡᠰ ᠳᠠᠷᠠᠭᠠᠯᠠᠯ ᠳᠤ ᠨᠡᠶᠢᠴᠡᠭᠦᠯᠬᠦ ᠬᠡᠷᠡᠭᠲᠡᠶ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠠᠰᠤᠬᠤ ᠪᠠ ᠣᠯᠭᠤᠬᠤ ᠪᠠᠨ ᠵᠣᠭᠰᠣᠭᠠᠬᠤ ᠪᠠᠷ ᠲᠣᠭᠲᠠᠭᠰᠠᠨ ᠪᠣᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠳᠤ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃    ᠣᠬᠤᠷ ᠬᠤᠭᠤᠴᠠᠭᠠᠨ ᠤ ᠳᠣᠲᠣᠷᠠᠬᠢ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠨᠢ ᠶᠡᠭᠡ ᠪᠤᠰᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠵᠢᠯ ᠪᠦᠷᠢ ᠨᠢᠭᠡ ᠤᠳᠠᠭ᠎ᠠ ᠬᠢᠨᠠᠨ ᠪᠠᠶᠢᠴᠠᠭᠠᠨ᠎ᠠ ︔ ᠣᠷᠣᠯᠭ᠎ᠠ ᠶᠢᠨ ᠢᠷᠡᠯᠲᠡ ᠨᠢ ᠲᠣᠭᠲᠠᠮᠠᠯ ᠪᠤᠰᠤ᠂ ᠭᠡᠷ ᠪᠦᠯᠢ ᠶᠢᠨ ᠪᠦᠷᠢᠯᠳᠦᠬᠦᠨ ᠤ ᠬᠥᠳᠡᠯᠮᠦᠷᠢᠯᠡᠬᠦ ᠴᠢᠳᠠᠪᠤᠷᠢ ᠲᠠᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ ᠪᠣᠯ ᠬᠠᠭᠠᠰ ᠵᠢᠯ ᠳᠤ ᠨᠢᠭᠡ ᠤᠳᠠᠭ᠎ᠠ ᠬᠢᠨᠠᠨ ᠪᠠᠶᠢᠴᠠᠭᠠᠬᠤ ᠬᠡᠷᠡᠭᠲᠡᠶ᠃ ᠬᠢᠨᠠᠨ ᠪᠠᠶᠢᠴᠠᠭᠠᠬᠤ ᠬᠤᠭᠤᠴᠠᠭᠠᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠢᠯᠡᠷᠬᠡᠶ ᠬᠤᠪᠢᠷᠠᠯᠲᠠ ᠦᠭᠡᠶ ᠪᠣᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠲᠤᠭ᠎ᠠ ᠶᠢ ᠳᠠᠬᠢᠵᠤ ᠲᠣᠬᠢᠷᠠᠭᠤᠯᠬᠤ ᠦᠭᠡᠶ᠃    ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ ᠥᠶ᠎ᠡ ᠳᠤ᠂ ᠡᠮᠦᠨᠡᠬᠢ ᠵᠤᠷᠪᠤᠰ ᠲᠤ ᠲᠣᠭᠲᠠᠭᠠᠭᠰᠠᠨ ᠬᠢᠨᠠᠨ ᠪᠠᠶᠢᠴᠠᠭᠠᠬᠤ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠤᠨ᠎ᠠ᠃    ᠲᠣᠬᠢᠷᠠᠭᠤᠯᠬᠤ ᠲᠣᠭᠲᠠᠴᠠ᠄ ᠬᠥᠳᠡᠯᠦᠩᠭᠦᠶ ᠬᠠᠮᠢᠶᠠᠷᠤᠯᠲᠠ ᠶᠢᠨ ᠬᠤᠭᠤᠴᠠᠭᠠᠨ ᠳᠤ ᠠᠵᠢᠯᠲᠠᠨ ᠤ ᠪᠠᠶᠢᠳᠠᠯ᠂ ᠭᠡᠷ ᠪᠦᠯᠢ ᠶᠢᠨ ᠣᠷᠣᠯᠭ᠎ᠠ᠂ ᠭᠡᠷ ᠪᠦᠯᠢ ᠶᠢᠨ ᠡᠳ᠋ ᠬᠥᠷᠥᠩᠭᠡ ᠵᠡᠷᠭᠡ ᠳᠤ ᠬᠤᠪᠢᠷᠠᠯᠲᠠ ᠭᠠᠷᠣᠭᠰᠠᠨ ︵ᠵᠢᠱᠢᠶᠡᠯᠡᠪᠡᠯ ᠭᠡᠷ ᠪᠦᠯᠢ ᠶᠢᠨ ᠪᠦᠷᠢᠯᠳᠦᠬᠦᠨ ᠨᠢ ᠦᠬᠦᠭᠰᠡᠨ᠂ ᠣᠷᠣᠯᠭ᠎ᠠ ᠨᠢ ᠪᠠᠷᠢᠮᠵᠢᠶ᠎ᠠ ᠠᠴᠠ ᠬᠡᠲᠦᠷᠡᠭᠰᠡᠨ᠂ ᠡᠳ᠋ ᠬᠥᠷᠥᠩᠭᠡ ᠨᠡᠮᠡᠭᠳᠡᠭᠰᠡᠨ ᠵᠡᠷᠭᠡ ᠰᠢᠯᠲᠠᠭᠠᠨ ᠠᠴᠠ ᠪᠣᠯᠤᠭᠰᠠᠨ︶᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠵᠤ ᠲᠠᠷᠬᠠᠭᠠᠬᠤ᠂ ᠲᠠᠷᠬᠠᠭᠠᠬᠤ ᠶᠢ ᠵᠣᠭᠰᠣᠭᠠᠬᠤ ᠲᠣᠭᠲᠠᠭᠠᠯ ᠭᠠᠷᠭᠠᠬᠤ ᠳᠤ ᠂ ᠬᠠᠤᠯᠢ ᠪᠠᠷ ᠲᠣᠭᠲᠠᠭᠠᠭᠰᠠᠨ ᠤᠴᠢᠷ ᠰᠢᠯᠲᠠᠭᠠᠨ ᠪᠠ ᠲᠣᠭᠲᠠᠭᠠᠭᠰᠠᠨ ᠵᠢᠷᠤᠮ ᠳᠤ ᠨᠡᠶᠢᠴᠡᠭᠦᠯᠬᠦ ᠬᠡᠷᠡᠭᠲᠡᠶ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠬᠠᠰᠤᠵᠤ ᠲᠠᠷᠬᠠᠭᠠᠬᠤ᠂ ᠣᠯᠭᠤᠬᠤ ᠶᠢ ᠵᠣᠭᠰᠣᠭᠠᠬᠤ ᠪᠠᠷ ᠲᠣᠭᠲᠠᠭᠠᠭᠰᠠᠨ ᠪᠠᠶᠢᠪᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠳᠤ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃    ᠠᠷᠪᠠᠨ ᠨᠢᠭᠡ᠂ ᠬᠠᠪᠰᠤᠷᠤᠨ ᠲᠡᠳᠬᠦᠬᠦ ᠠᠴᠠ ᠠᠭᠠᠵᠢᠮ ᠢᠶᠠᠷ ᠭᠠᠷᠬᠤ    ᠠᠵᠢᠯ ᠣᠯᠬᠤ ᠴᠢᠳᠠᠪᠤᠷᠢ ᠶᠢ ᠪᠦᠷᠢᠯᠳᠦᠭᠦᠯᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠢᠳᠡᠪᠬᠢᠲᠡᠶ ᠪᠠᠷ ᠠᠵᠢᠯ ᠣᠯᠬᠤ ᠶᠢ ᠵᠣᠷᠢᠭᠵᠢᠭᠤᠯᠬᠤ ᠬᠡᠷᠡᠭᠲᠡᠶ᠃ ᠠᠵᠢᠯ ᠣᠯᠤᠭᠰᠠᠨ ᠤ ᠳᠠᠷᠠᠭ᠎ᠠ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠵᠣᠬᠢᠬᠤ ᠴᠠᠭ ᠬᠤᠭᠤᠴᠠᠭᠠᠨ ᠤ ᠠᠭᠠᠵᠢᠮ ᠢᠶᠠᠷ ᠭᠠᠷᠬᠤ ᠬᠤᠭᠤᠴᠠᠭ᠎ᠠ ᠣᠯᠭᠤᠵᠤ ᠪᠣᠯᠤᠨ᠎ᠠ᠃    ︵ᠨᠢᠭᠡ︶ ᠠᠭᠠᠵᠢᠮ ᠢᠶᠠᠷ ᠭᠠᠷᠬᠤ ᠠᠵᠢᠯ    1 ᠳ᠋ᠥᠢᠰᠢᠶᠠᠩ ᠤᠨ ᠬᠡᠪᠴᠢᠶ᠎ᠡ ᠪᠠ ᠬᠤᠭᠤᠴᠠᠭ᠎ᠠ    ︵1︶ ᠭᠡᠷ ᠪᠦᠯᠢ ᠶᠢᠨ ᠪᠦᠷᠢᠯᠳᠦᠬᠦᠨ ᠨᠡᠷ ᠠᠮᠢᠳᠤᠯᠢᠭ ᠢᠶᠠᠷ ᠠᠵᠢᠯ ᠣᠯᠬᠤ᠂ ᠭᠠᠳᠠᠭᠰᠢ ᠭᠠᠷᠴᠤ ᠬᠦᠴᠦ ᠶᠠᠪᠤᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠣᠯᠬᠤ ᠶᠢ ᠪᠡᠶᠡᠯᠡᠭᠦᠯᠦᠭᠰᠡᠨ ᠪᠥᠭᠡᠳ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ 6 ᠰᠠᠷ᠎ᠠ ᠶᠢᠨ ᠠᠭᠠᠵᠢᠮ ᠢᠶᠠᠷ ᠭᠠᠷᠬᠤ ᠬᠤᠭᠤᠴᠠᠭ᠎ᠠ ᠣᠯᠭᠤᠬᠤ ᠬᠡᠷᠡᠭᠲᠡᠶ︔    ︵2︶ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠷ᠎ᠠ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠬᠤᠪᠢ ᠣᠷᠣᠭᠤᠯᠤᠭᠰᠠᠨ ᠬᠦᠦ ᠮᠥᠩᠭᠦ ᠠᠴᠠ ᠠᠰᠢᠭ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠭᠰᠡᠨ ᠪᠥᠭᠡᠳ ᠭᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ 6 - 12 ᠰᠠᠷ᠎ᠠ ᠠᠭᠠᠵᠢᠮ ᠢᠶᠠᠷ ᠭᠠᠷᠬᠤ ᠬᠤᠭᠤᠴᠠᠭ᠎ᠠ ᠣᠯᠭᠤᠨ᠎ᠠ︔    ︵3︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠨᠠᠰᠤ ᠨᠥᠭᠴᠢᠭᠰᠡᠨ ᠤ ᠳᠠᠷᠠᠭ᠎ᠠ᠂ ᠲᠡᠭᠦᠨ ᠤ ᠨᠠᠰᠤ ᠨᠥᠭᠴᠢᠭᠰᠡᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠭᠡᠷ ᠪᠦᠯᠢ ᠶᠢᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠲᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠣᠯᠭᠤᠬᠤ ᠶᠢ ᠵᠣᠭᠰᠣᠭᠠᠬᠤ ᠵᠡᠷᠭᠡ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠶ︔    ︵4︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠥᠬᠡᠶ ᠲᠥᠷᠥ ᠶᠢᠨ ᠪᠣᠳᠣᠯᠭ᠎ᠠ᠃    2 ᠠᠵᠢᠯ ᠤᠨ ᠳᠡᠰ ᠳᠠᠷᠠᠭᠠᠯᠠᠯ ᠪᠣᠯᠤᠨ ᠱᠠᠭᠠᠷᠳᠠᠯᠭ᠎ᠠ    ︵1︶ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ︵ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠵᠦ ᠪᠠᠶᠢᠭ᠎ᠠ ᠡᠲᠡᠭᠡᠳ ᠤᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃    ︵2︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠨᠢ ᠠᠭᠠᠵᠢᠮ ᠢᠶᠠᠷ ᠭᠠᠷᠬᠤ ᠨᠥᠬᠦᠴᠡᠯ ᠳᠤ ᠨᠡᠶᠢᠴᠡᠬᠦ ᠭᠡᠷ ᠪᠦᠯᠢ ᠳᠤ ᠪᠣᠯ ᠠᠭᠠᠵᠢᠮ ᠢᠶᠠᠷ ᠭᠠᠷᠬᠤ ᠳᠡᠰ ᠳᠠᠷᠠᠭᠠᠯᠠᠯ ᠢᠶᠠᠨ ᠴᠠᠭ ᠲᠤᠬᠠᠶ ᠳᠤᠨᠢ ᠡᠬᠢᠯᠡᠭᠦᠯᠬᠦ ᠶᠢᠨ ᠬᠠᠮᠲᠤ ᠠᠭᠠᠵᠢᠮ ᠢᠶᠠᠷ ᠤᠬᠤᠷᠢᠬᠤ ᠮᠡᠳᠡᠭᠳᠡᠯ ᠤᠨ ᠪᠢᠴᠢᠭ ᠣᠯᠭᠤᠬᠤ ᠬᠡᠷᠡᠭᠲᠡᠶ᠃    ︵3︶ ᠠᠭᠠᠵᠢᠮ ᠢᠶᠠᠷ ᠤᠬᠤᠷᠢᠨ ᠭᠠᠷᠬᠤ ᠮᠡᠳᠡᠭᠳᠡᠯ ᠤᠨ ᠪᠢᠴᠢᠭ ᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠮᠡᠳᠡᠭᠡ ᠵᠠᠩᠭᠢ᠂ ᠠᠭᠠᠵᠢᠮ ᠢᠶᠠᠷ ᠤᠬᠤᠷᠢᠨ ᠭᠠᠷᠬᠤ ᠡᠳᠦᠷ ᠬᠤᠭᠤᠴᠠᠭ᠎ᠠ ᠪᠠ ᠬᠤᠭᠤᠴᠠᠭ᠎ᠠ ᠬᠢᠵᠠᠭᠠᠷ᠂ ᠠᠭᠠᠵᠢᠮ ᠢᠶᠠᠷ ᠤᠬᠤᠷᠢᠨ ᠭᠠᠷᠬᠤ ᠬᠤᠭᠤᠴᠠᠭᠠᠨ ᠳᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠪᠠᠷᠢᠮᠵᠢᠶ᠎ᠠ ᠵᠡᠷᠭᠡ ᠬᠦᠴᠦᠨ ᠵᠦᠢᠯ ᠢ ᠪᠠᠭᠲᠠᠭᠠᠨ᠎ᠠ᠃ ᠠᠭᠠᠵᠢᠮ ᠢᠶᠠᠷ ᠤᠬᠤᠷᠢᠨ ᠭᠠᠷᠬᠤ ᠬᠤᠭᠤᠴᠠᠭ᠎ᠠ ᠶᠢ ᠭᠡᠷ ᠪᠦᠯᠢ ᠶᠢᠨ ᠬᠦᠮᠦᠨ ᠳᠤᠮᠳᠠᠴᠢ ᠶᠢᠨ ᠣᠷᠣᠯᠭ᠎ᠠ ᠶᠢᠨ ᠪᠠᠷᠢᠮᠵᠢᠶᠠᠨ ᠠᠴᠠ ᠬᠡᠲᠦᠷᠡᠭᠰᠡᠨ ᠢ ᠬᠢᠨᠠᠨ ᠲᠣᠭᠲᠠᠭᠠᠭᠰᠠᠨ ᠳᠠᠷᠠᠭ᠎ᠠ ᠰᠠᠷ᠎ᠠ ᠠᠴᠠ ᠡᠬᠢᠯᠡᠵᠦ ᠪᠣᠳᠣᠨ᠎ᠠ᠃    3 ᠠᠭᠠᠵᠢᠮ ᠢᠶᠠᠷ ᠭᠠᠷᠬᠤ ᠬᠤᠭᠤᠴᠠᠭ᠎ᠠ ᠳᠦᠭᠦᠷᠦᠭᠰᠡᠨ ᠤ ᠳᠠᠷᠠᠭᠠᠬᠢ ᠬᠠᠮᠢᠶᠠᠷᠤᠯᠲᠠ    ᠠᠭᠠᠵᠢᠮ ᠢᠶᠠᠷ ᠭᠠᠷᠬᠤ ᠬᠤᠭᠤᠴᠠᠭ᠎ᠠ ᠳᠦᠭᠦᠷᠬᠦ ᠠᠴᠠ ᠡᠮᠦᠨ᠎ᠡ 1 ᠰᠠᠷ᠎ᠠ ᠳᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠭᠠᠵᠢᠮ ᠢᠶᠠᠷ ᠭᠠᠷᠬᠤ ᠡᠲᠡᠭᠡᠳ ᠤᠨ ᠭᠡᠷ ᠪᠦᠯᠢ ᠶᠢᠨ ᠣᠷᠣᠯᠭ᠎ᠠ ᠪᠣᠯᠤᠨ ᠡᠳ᠋ ᠬᠥᠷᠥᠩᠭᠡ ᠶᠢ ᠳᠠᠬᠢᠨ ᠬᠢᠨᠠᠨ ᠪᠠᠶᠢᠴᠠᠭᠠᠬᠤ ᠬᠡᠷᠡᠭᠲᠡᠶ᠃    ︵1︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠬᠡᠲᠦᠷᠡᠭᠰᠡᠨ ᠪᠠᠶᠢᠪᠠᠯ᠂ ᠪᠠᠲᠤᠯᠠᠭ᠎ᠠ ᠶᠢᠨ ᠣᠯᠭᠤᠮᠵᠢ ᠶᠢ ᠨᠢ ᠦᠭᠡᠶᠢᠰᠬᠡᠵᠦ᠂ ᠠᠭᠠᠵᠢᠮ ᠢᠶᠠᠷ ᠭᠠᠷᠬᠤ ᠬᠤᠭᠤᠴᠠᠭ᠎ᠠ ᠨᠢ ᠳᠦᠭᠦᠷᠦᠭᠡᠳ ᠳᠠᠷᠠᠭ᠎ᠠ ᠰᠠᠷ᠎ᠠ ᠠᠴᠠ ᠨᠢ ᠡᠬᠢᠯᠡᠵᠦ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠵᠣᠭᠰᠣᠭᠠᠬᠤ ᠶᠢᠨ ᠬᠠᠮᠲᠤ ᠠᠭᠠᠵᠢᠮ ᠢᠶᠠᠷ ᠭᠠᠷᠬᠤ ᠬᠤᠭᠤᠴᠠᠭ᠎ᠠ ᠨᠢ ᠳᠦᠭᠦᠷᠬᠦ ᠮᠡᠳᠡᠭᠳᠡᠯ ᠤᠨ ᠪᠢᠴᠢᠭ ᠣᠯᠭᠤᠨ᠎ᠠ᠃    ︵2︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠬᠡᠲᠦᠷᠡᠭᠦᠯᠵᠦ ᠪᠣᠯᠬᠤ ᠦᠭᠡᠶ ᠪᠠᠶᠢᠪᠠᠯ᠂ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠬᠢᠨᠠᠨ ᠬᠡᠮᠵᠢᠬᠦ ᠳᠤ ᠣᠷᠣᠭᠤᠯᠤᠨ᠎ᠠ᠃ ᠭᠡᠷ ᠪᠦᠯᠢ ᠶᠢᠨ ᠪᠦᠷᠢᠯᠳᠦᠬᠦᠨ ᠨᠢ ᠬᠦᠨᠳᠦ ᠡᠪᠡᠳᠴᠢᠨ ᠲᠠᠢ᠂ ᠬᠦᠨᠳᠦ ᠵᠡᠮᠳᠡᠭ ᠵᠡᠷᠭᠡ ᠣᠨᠴᠠᠭᠠᠢ ᠬᠦᠴᠢᠷᠳᠡᠯ ᠲᠠᠢ ᠪᠠᠶᠢᠳᠠᠯ ᠲᠠᠢ᠂ ᠭᠠᠭᠴᠠ ᠬᠥᠮᠥᠨ ᠤ ᠪᠠᠲᠤᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠬᠠᠢ ᠶᠢᠨ ᠬᠥᠮᠥᠨ ᠤ ᠭᠤᠶᠤᠴᠢᠯᠠᠯ ᠢᠶᠠᠷ ᠯᠠᠪᠯᠠᠯᠲᠠ ᠪᠣᠯᠭᠠᠨ ᠭᠠᠭᠴᠠ ᠬᠥᠮᠥᠨ ᠤ ᠡᠷᠦᠬᠡ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠰᠢᠭᠤᠳ ᠣᠷᠣᠭᠤᠯᠵᠤ ᠪᠣᠯᠣᠨ᠎ᠠ᠂ ᠪᠤᠰᠤᠳ ᠭᠡᠷ ᠪᠦᠯᠢ ᠶᠢᠨ ᠪᠦᠷᠢᠯᠳᠦᠬᠦᠨ ᠨᠢ ᠪᠠᠲᠤᠯᠠᠭ᠎ᠠ ᠶᠢᠨ ᠬᠠᠷᠠᠭᠠᠯᠵᠠᠯ ᠢ ᠬᠦᠴᠦᠨ ᠦᠭᠡᠢ ᠪᠣᠯᠭᠠᠵᠤ᠂ ᠠᠭᠠᠵᠢᠮ ᠢᠶᠠᠷ ᠠᠵᠢᠯ ᠤᠨ ᠬᠤᠭᠤᠴᠠᠭ᠎ᠠ ᠨᠢ ᠳᠦᠭᠦᠷᠦᠭᠡᠳ ᠳᠠᠷᠠᠭ᠎ᠠ ᠰᠠᠷ᠎ᠠ ᠠᠴᠠ ᠡᠬᠢᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠵᠣᠭᠰᠣᠭᠠᠬᠤ ᠶᠢᠨ ᠬᠠᠮᠲᠤ ᠠᠭᠠᠵᠢᠮ ᠢᠶᠠᠷ ᠠᠵᠢᠯ ᠤᠨ ᠬᠤᠭᠤᠴᠠᠭ᠎ᠠ ᠨᠢ ᠳᠦᠭᠦᠷᠴᠦ ᠮᠡᠳᠡᠭᠳᠡᠬᠦ ᠪᠢᠴᠢᠭ ᠣᠯᠭᠤᠨ᠎ᠠ᠃    ︵3︶ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠳᠠᠬᠢᠵᠤ ᠨᠡᠶᠢᠴᠡᠬᠦ ᠶᠢ ᠨᠢ ᠬᠡᠪ ᠤᠨ ᠪᠠᠲᠤᠯᠠᠭ᠎ᠠ ᠪᠣᠯᠭᠠᠨ ᠬᠤᠪᠢᠷᠠᠭᠤᠯᠬᠤ ᠶᠢᠨ ᠬᠠᠮᠲᠤ ᠠᠭᠠᠵᠢᠮ ᠢᠶᠠᠷ ᠭᠠᠷᠬᠤ ᠬᠤᠭᠤᠴᠠᠭ᠎ᠠ ᠨᠢ ᠳᠦᠭᠦᠷᠦᠭᠰᠡᠨ ᠮᠡᠳᠡᠭᠳᠡᠯ ᠤᠨ ᠪᠢᠴᠢᠭ ᠣᠯᠭᠤᠬᠤ ᠬᠡᠷᠡᠭᠲᠡᠶ᠃    ︵ᠬᠤᠶᠠᠷ︶ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠠᠬᠢ ᠠᠵᠢᠯ ᠣᠯᠬᠤ ᠴᠢᠳᠠᠪᠤᠷᠢ ᠲᠠᠢ ᠪᠣᠯᠪᠠᠴᠤ ᠠᠵᠢᠯ ᠣᠯᠤᠭᠠᠳᠤᠶ ᠪᠦᠷᠢᠯᠳᠦᠬᠦᠨ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠠᠵᠢᠯ ᠢ ᠬᠦᠯᠢᠶᠡᠬᠦ ᠬᠡᠷᠡᠭᠲᠡᠶ ᠵᠦᠢ ᠶᠣᠰᠣᠨ ᠤ ᠤᠴᠢᠷ ᠰᠢᠯᠲᠠᠭᠠᠨ ᠦᠭᠡᠶ ᠪᠣᠯ ᠲᠠᠨᠢᠯᠴᠠᠭᠤᠯᠬᠤ ᠶᠢ ᠬᠦᠯᠢᠶᠡᠨ ᠠᠪᠤᠭᠰᠠᠨ ᠦᠭᠡᠶ ᠲᠡᠭᠦᠨ ᠤ ᠡᠷᠡᠭᠦᠯ ᠴᠢᠭᠢᠷᠠᠭ ᠤᠨ ᠪᠠᠶᠢᠳᠠᠯ᠂ ᠬᠥᠳᠡᠯᠮᠦᠷᠢᠯᠡᠬᠦ ᠴᠢᠳᠠᠪᠤᠷᠢ ᠵᠡᠷᠭᠡ ᠯᠦᠭᠡ ᠲᠣᠬᠢᠷᠠᠯᠴᠠᠭᠰᠠᠨ ᠠᠵᠢᠯ ᠢ ᠵᠠᠯᠭᠠᠭᠠᠪᠠᠷ 3 ᠤᠳᠠᠭ᠎ᠠ ᠲᠡᠪᠴᠢᠭᠰᠡᠨ ᠪᠣᠯ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠤᠰ ᠬᠥᠮᠦᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠢ ᠬᠠᠰᠤᠬᠤ ᠪᠤᠶᠤ ᠣᠯᠭᠤᠬᠤ ᠪᠠᠨ ᠵᠣᠭᠰᠣᠭᠠᠬᠤ ᠪᠠᠷ ᠲᠣᠭᠲᠠᠭᠠᠬᠤ ᠬᠡᠷᠡᠭᠲᠡᠶ᠃    ᠠᠷᠪᠠᠨ ᠬᠤᠶᠠᠷ᠂ ᠰᠤᠳᠤᠯᠤᠨ ᠮᠠᠭᠠᠳᠯᠠᠬᠤ ᠲᠣᠭᠲᠠᠴᠠ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠬᠤ ᠶᠢᠨ ᠲᠤᠰᠠᠳᠠ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠦᠨᠡᠨᠬᠦ ᠪᠠᠲᠤ ᠰᠠᠬᠢᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠤᠨ᠂ ︽ᠬᠥᠳᠡᠯᠮᠦᠷᠢ ᠬᠦᠴᠦᠨ ᠤ ᠢᠯᠡᠳᠬᠡᠮᠵᠢ︾ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠭᠤᠶᠤᠴᠢᠯᠠᠭᠰᠠᠨ ᠭᠡᠷ ᠪᠦᠯᠢ ᠶᠢᠨ ᠣᠷᠣᠯᠭ᠎ᠠ ᠳᠤ ᠲᠣᠭᠠᠴᠠᠭ᠎ᠠ ᠬᠢᠵᠦ᠂ ᠦᠨᠡᠨᠬᠦ ᠠᠵᠢᠯ ᠣᠯᠬᠤ ᠳᠤ ᠪᠡᠷᠬᠡᠲᠡᠶ ᠪᠤᠶᠤ ᠨᠡᠯᠢᠶᠡᠳ ᠤᠷᠲᠤ ᠬᠤᠭᠤᠴᠠᠭ᠎ᠠ ᠪᠠᠷ ᠣᠷᠣᠯᠭ᠎ᠠ ᠣᠯᠵᠤ ᠳᠡᠶᠢᠯᠬᠦ ᠦᠭᠡᠶ ᠵᠡᠷᠭᠡ ᠭᠡᠷ ᠪᠦᠯᠢ ᠶᠢᠨ ᠪᠣᠳᠠᠲᠠᠶ ᠬᠦᠴᠢᠷᠳᠡᠯ ᠤᠨ ᠪᠠᠶᠢᠳᠠᠯ ᠳᠤ ᠶᠡᠷᠦᠩᠬᠡᠶᠢᠯᠡᠨ ᠰᠤᠳᠤᠯᠤᠨ ᠮᠠᠭᠠᠳᠯᠠᠬᠤ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠡᠰᠡᠬᠦ ᠶᠢ ᠲᠣᠭᠲᠠᠭᠠᠨ᠎ᠠ᠃    ︵ᠨᠢᠭᠡ︶ ᠰᠤᠳᠤᠯᠤᠨ ᠮᠠᠭᠠᠳᠯᠠᠭᠰᠠᠨ ᠪᠠᠶᠢᠳᠠᠯ    1 ᠬᠦᠨᠳᠦ ᠵᠡᠮᠳᠡᠭᠴᠦᠳ᠂ ᠬᠦᠨᠳᠦ ᠡᠪᠡᠳᠴᠢᠲᠡᠨ᠂ ᠴᠢᠳᠠᠪᠤᠷᠢ ᠪᠠᠨ ᠠᠯᠳᠠᠵᠤ ᠤᠶᠤᠨ ᠤᠬᠠᠭᠠᠨ ᠢᠶᠠᠨ ᠠᠯᠳᠠᠭᠰᠠᠨ ᠨᠠᠰᠤᠲᠠᠶᠢᠴᠤᠳ ᠪᠠ 0 - 3 ᠨᠠᠰᠤᠲᠠᠢ ︵ᠪᠠᠭᠲᠠᠨ᠎ᠠ︶ ᠨᠢᠷᠠᠢ ᠨᠢᠯᠬ᠎ᠠ ᠬᠡᠦᠬᠡᠳ ᠢ ᠠᠰᠠᠷᠠᠬᠤ ᠠᠴᠠ ᠪᠣᠯᠵᠤ᠂ ᠬᠥᠳᠡᠯᠮᠦᠷᠢᠯᠡᠬᠦ ᠴᠢᠳᠠᠪᠤᠷᠢ ᠲᠠᠢ ᠪᠣᠯᠪᠠᠴᠤ ᠪᠣᠳᠠᠲᠠᠢ ᠠᠵᠢᠯ ᠬᠢᠬᠦ ᠶᠢᠨ ᠠᠷᠭ᠎ᠠ ᠦᠭᠡᠢ᠃    2 ᠤᠳᠠᠭᠠᠨ ᠴᠢᠨᠠᠷᠲᠠᠢ ᠡᠪᠡᠳᠴᠢᠨ᠂ ᠬᠦᠨᠳᠦ ᠡᠪᠡᠳᠴᠢᠨ ᠢ ᠮᠠᠭᠠᠳᠯᠠᠨ ᠲᠣᠭᠲᠠᠭᠠᠬᠤ ᠬᠡᠪᠴᠢᠶᠡᠨ ᠳᠣᠲᠣᠷᠠᠬᠢ ᠡᠪᠡᠳᠴᠢᠨ ᠡᠮᠭᠡᠭ ᠲᠤ ᠨᠡᠷᠪᠡᠭᠳᠡᠨ᠎ᠡ᠂ ᠭᠡᠪᠡᠴᠦ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠪᠤᠶᠤ ᠬᠡᠰᠡᠭ ᠲᠠᠯ᠎ᠠ ᠪᠠᠷ ᠠᠯᠳᠠᠵᠤ᠂ ᠦᠨᠡᠬᠡᠷ ᠠᠵᠢᠯ ᠣᠯᠬᠤ ᠳᠤ ᠬᠦᠴᠢᠷᠲᠡᠢ᠃    3 ᠵᠡᠮᠳᠡᠭ ᠬᠦᠮᠦᠨ ᠤ ᠦᠨᠡᠮᠯᠡᠯ᠂ ᠬᠦᠨᠳᠦ ᠶᠡᠭᠡ ᠡᠪᠡᠳᠴᠢᠨ ᠤ ᠭᠡᠷᠡᠴᠢ᠂ ᠡᠮᠴᠢᠯᠡᠭᠡᠨ ᠤ ᠵᠠᠷᠤᠳᠠᠯ ᠵᠡᠷᠭᠡ ᠬᠦᠴᠦᠨ ᠪᠦᠬᠦᠢ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ ᠪᠣᠯᠪᠠᠴᠤ ᠪᠣᠳᠠᠲᠠᠢ ᠠᠮᠢᠳᠤᠷᠠᠯ ᠨᠢ ᠬᠦᠴᠢᠷᠲᠡᠢ ᠪᠤᠶᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠃    4 ᠣᠷᠣᠨ ᠨᠤᠲᠤᠭ ᠤᠨ ᠮᠠᠭᠠᠳᠯᠠᠨ ᠲᠣᠭᠲᠠᠭᠠᠬᠤ ᠠᠷᠭ᠎ᠠ ᠳᠠᠬᠢ ᠨᠡᠮᠡᠯᠲᠡ ᠴᠢᠨᠠᠷᠲᠠᠢ ᠨᠥᠬᠦᠴᠡᠯ᠂ ᠣᠨᠴᠠᠭᠠᠢ ᠠᠵᠢᠯ ᠮᠡᠷᠭᠡᠵᠢᠯ᠂ ᠣᠨᠴᠠᠭᠠᠢ ᠪᠡᠶ᠎ᠡ ᠶᠢᠨ ᠭᠠᠷᠤᠯ ᠵᠡᠷᠭᠡ ᠪᠠᠶᠢᠳᠠᠯ ᠢ ᠪᠣᠳᠠᠲᠠᠢ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢ ᠦᠨᠳᠦᠰᠦᠯᠡᠨ ᠮᠠᠭᠠᠳᠯᠠᠨ ᠲᠣᠭᠲᠠᠭᠠᠨ᠎ᠠ᠃    5 ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠷ ᠳᠠᠮᠵᠢᠨ ᠮᠠᠭᠠᠳᠯᠠᠨ ᠲᠣᠭᠲᠠᠭᠠᠬᠤ ᠪᠤᠰᠤᠳ ᠪᠠᠶᠢᠳᠠᠯ᠃    ︵ᠬᠤᠶᠠᠷ︶ ᠰᠤᠳᠤᠯᠤᠨ ᠮᠠᠭᠠᠳᠯᠠᠬᠤ ᠵᠤᠬᠢᠶᠠᠨ ᠪᠠᠶᠢᠭᠤᠯᠤᠯᠳᠠ    ᠰᠤᠳᠤᠯᠤᠨ ᠮᠠᠭᠠᠳᠯᠠᠬᠤ ᠠᠵᠢᠯ ᠨᠢ ᠬᠢᠨᠠᠨ ᠬᠠᠷᠭᠤᠭᠤᠯᠵᠤ ᠨᠤᠲᠠᠯᠠᠭᠤᠯᠬᠤ ᠪᠠᠷ ᠳᠠᠮᠵᠢᠭᠤᠯᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠲᠤᠰᠬᠠᠶ ᠰᠡᠳᠦᠪ ᠢᠶᠠᠷ ᠰᠤᠳᠤᠯᠵᠤ᠂ ᠪᠠᠰᠠ ᠲᠤᠰᠬᠠᠶ ᠰᠤᠳᠤᠯᠤᠨ ᠮᠠᠭᠠᠳᠯᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠰᠤᠳᠤᠯᠤᠨ ᠮᠠᠭᠠᠳᠯᠠᠵᠤ ᠪᠣᠯᠤᠨ᠎ᠠ᠃    ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠰᠤᠳᠤᠯᠤᠨ ᠮᠠᠭᠠᠳᠯᠠᠵᠤ ᠮᠠᠭᠠᠳᠯᠠᠨ ᠲᠣᠭᠲᠠᠭᠠᠬᠤ ᠳᠤᠭᠤᠶᠢᠯᠠᠩ ᠤᠨ ᠳᠠᠷᠤᠭ᠎ᠠ ᠶᠢ ᠬᠤᠪᠢᠳᠠᠨ ᠬᠠᠮᠢᠶᠠᠷᠴᠤ ᠪᠠᠶᠢᠭ᠎ᠠ ᠰᠢᠶᠠᠩ ᠪᠠᠯᠭᠠᠰᠤᠨ ᠤ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠶᠠᠪᠤᠳᠠᠯ ᠤᠨ ᠠᠯᠪᠠᠨ ᠭᠡᠷ᠂ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠲᠤᠰᠬᠠᠶ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠷᠬᠢᠯᠡᠭᠴᠢ ᠵᠢᠴᠢ ᠠᠷᠠᠳ ᠤᠨ ᠶᠠᠪᠤᠳᠠᠯ ᠤᠨ ᠲᠤᠰᠠᠯᠠᠭᠴᠢ ᠡᠭᠦᠷᠭᠡᠯᠡᠵᠦ᠂ ᠪᠦᠷᠢᠯᠳᠦᠬᠦᠨ ᠨᠢ ᠡᠷᠬᠡᠪᠰᠢ 5 ᠬᠥᠮᠦᠨ ᠠᠴᠠ ᠳᠡᠭᠡᠭᠰᠢ ᠪᠠᠶᠢᠬᠤ ᠬᠡᠷᠡᠭᠲᠡᠶ ︔ ᠲᠣᠭᠤᠷᠢᠭ ᠤᠨ ᠱᠠᠲᠤᠨ ᠤ ᠰᠤᠳᠤᠯᠤᠨ ᠮᠠᠭᠠᠳᠯᠠᠵᠤ ᠮᠠᠭᠠᠳᠯᠠᠨ ᠲᠣᠭᠲᠠᠭᠠᠬᠤ ᠳᠤᠭᠤᠶᠢᠯᠠᠩ ᠤᠨ ᠳᠠᠷᠤᠭ᠎ᠠ ᠶᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠨᠢ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠥᠮᠦᠰ ᠡᠭᠦᠷᠭᠡᠯᠡᠨ᠎ᠡ᠃    ᠰᠤᠳᠤᠯᠤᠨ ᠮᠠᠭᠠᠳᠯᠠᠵᠤ ᠮᠠᠭᠠᠳᠯᠠᠨ ᠲᠣᠭᠲᠠᠭᠠᠬᠤ ᠳᠤ ᠬᠤᠷᠠᠯ ᠤᠨ ᠲᠡᠮᠳᠡᠭᠯᠡᠯ ᠪᠣᠯᠭᠠᠵᠤ᠂ ᠪᠤᠰᠤᠳ ᠭᠤᠶᠤᠴᠢᠯᠠᠬᠤ ᠮᠠᠲ᠋ᠧᠷᠢᠶᠠᠯ ᠲᠠᠢ ᠬᠠᠮᠲᠤ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃    ᠠᠷᠪᠠᠨ ᠭᠤᠷᠪᠠ᠂ ᠳᠠᠩᠰᠠ ᠡᠪᠬᠡᠮᠡᠯ ᠤᠨ ᠬᠠᠮᠢᠶᠠᠷᠤᠯᠲᠠ    ︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠲᠥᠷᠥᠯ ᠬᠤᠪᠢᠶᠠᠬᠤ ᠪᠠ ᠳᠠᠩᠰᠠ ᠡᠪᠬᠡᠮᠡᠯ ᠳᠤ ᠣᠷᠣᠭᠤᠯᠬᠤ ᠮᠠᠲ᠋ᠧᠷᠢᠶᠠᠯ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠵᠠᠷᠴᠢᠮ ᠳᠡᠭᠡᠷ᠎ᠡ ᠪᠠᠨ ᠬᠢᠨᠠᠨ ᠵᠥᠪᠰᠢᠶᠡᠷᠡᠬᠦ ᠲᠥᠷᠥᠯ ᠪᠣᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠭᠡᠵᠦ ᠬᠤᠪᠢᠶᠠᠨ᠎ᠠ᠃    1 ᠬᠢᠨᠠᠨ ᠵᠥᠪᠰᠢᠶᠡᠷᠡᠬᠦ ᠲᠥᠷᠥᠯ᠄ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠵᠥᠪᠰᠢᠶᠡᠷᠡᠬᠦ ᠬᠦᠰᠦᠨᠦᠭᠲᠦ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ ᠳᠤ ᠨᠠᠶᠢᠳᠠᠵᠤ ᠡᠷᠬᠡ ᠣᠯᠭᠤᠬᠤ ᠪᠢᠴᠢᠭ᠂ ᠦᠨᠡᠨ ᠪᠣᠳᠠᠲᠠᠶ ᠪᠠᠷ ᠮᠡᠳᠡᠭᠦᠯᠬᠦ ᠠᠮᠠᠯᠠᠯᠲᠠ ᠶᠢᠨ ᠪᠢᠴᠢᠭ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠮᠡᠳᠡᠭᠦᠯᠦᠯᠲᠡ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠦᠰᠦᠨᠦᠭᠲᠦ᠂ ᠬᠢᠨᠠᠬᠤ ᠪᠠ ᠬᠢᠨᠠᠨ ᠬᠠᠷᠭᠤᠭᠤᠯᠵᠤ ᠨᠤᠲᠠᠯᠠᠬᠤ ᠶᠢᠨ ᠢᠯᠡ ᠨᠡᠶᠢᠲᠡᠯᠡᠬᠦ ᠬᠠᠭᠤᠳᠠᠰᠤ ᠵᠡᠷᠭᠡ ᠵᠠᠰᠠᠭ ᠵᠠᠬᠢᠷᠭᠠᠨ ᠤ ᠪᠢᠴᠢᠭ ᠬᠠᠷ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠭᠤᠶᠤᠴᠢᠯᠠᠯ ᠤᠨ ᠪᠢᠴᠢᠭ᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠵᠡᠮᠳᠡᠭ ᠤᠨ ᠦᠨᠡᠮᠯᠡᠯ ᠤᠨ ᠪᠠᠭᠤᠯᠭᠠᠪᠤᠷᠢ ᠵᠡᠷᠭᠡ ᠰᠠᠭᠤᠷᠢ ᠴᠢᠨᠠᠷᠲᠠᠶ ᠮᠠᠲ᠋ᠧᠷᠢᠶᠠᠯ᠃    2 ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠲᠥᠷᠥᠯ ᠬᠤᠪᠢᠶᠠᠭᠰᠠᠨ ᠲᠤᠭ᠎ᠠ ᠪᠦᠷᠢᠳᠬᠡᠯ ᠤᠨ ᠬᠦᠰᠦᠨᠦᠭᠲᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠲᠤᠭ᠎ᠠ ᠪᠦᠷᠢᠳᠬᠡᠯ ᠤᠨ ᠬᠦᠰᠦᠨᠦᠭᠲᠦ ᠵᠡᠷᠭᠡ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠲᠤᠰ ᠨᠢᠭᠡᠴᠢ ᠶᠢᠨ ᠢᠶᠠᠨ ᠪᠢᠴᠢᠭ ᠬᠠᠷ᠎ᠠ ᠶᠢᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠰᠠᠯᠭᠠᠨ ᠥᠭᠭᠦᠭᠰᠡᠨ ᠭᠡᠷᠡᠴᠢ ᠪᠠᠷᠢᠮᠲᠠ᠂ ᠣᠯᠭᠤᠬᠤ ᠨᠡᠷᠡᠰ ᠵᠡᠷᠭᠡ ᠮᠠᠲ᠋ᠧᠷᠢᠶᠠᠯ ᠢ ᠲᠤᠰ ᠨᠢᠭᠡᠴᠡ ᠶᠢᠨ ᠢᠶᠠᠨ ᠨᠢᠭᠲᠠᠯᠠᠨ ᠪᠣᠳᠣᠯᠲᠠ ᠶᠢᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠰᠢᠰᠲ᠋ᠧᠮ ᠠᠴᠠ ᠪᠤᠶ ᠪᠣᠯᠤᠭᠰᠠᠨ ᠡᠯᠧᠺᠳ᠋ᠷᠣᠨ ᠲᠤᠭ᠎ᠠ ᠪᠠᠷᠢᠮᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠳᠤ ᠣᠷᠣᠭᠤᠯᠵᠤ᠂ ᠤᠩᠰᠢᠵᠤ ᠪᠣᠯᠬᠤ ᠪᠥᠭᠡᠳ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠡᠮᠬᠢᠯᠡᠬᠦ ᠪᠠ ᠬᠠᠳᠠᠭᠠᠯᠠᠬᠤ ᠬᠤᠭᠤᠴᠠᠭ᠎ᠠ ᠬᠢᠵᠠᠭᠠᠷ    ᠬᠢᠨᠠᠨ ᠵᠥᠪᠰᠢᠶᠡᠷᠡᠬᠦ ᠲᠥᠷᠥᠯ ᠤᠨ ᠲᠠᠩᠰᠠ ᠡᠪᠬᠡᠮᠡᠯ ᠢ ᠡᠷᠦᠬᠡ ᠪᠠᠷ ᠨᠢᠭᠡᠴᠢ ᠪᠣᠯᠭᠠᠨ ᠡᠮᠬᠢᠯᠡᠵᠦ᠂ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ ᠲᠠᠩᠰᠠ ᠡᠪᠬᠡᠮᠡᠯ ᠢ ᠪᠢᠴᠢᠭ ᠬᠠᠷ᠎ᠠ ᠶᠢᠨ ᠲᠠᠩᠰᠠ ᠡᠪᠬᠡᠮᠡᠯ ᠢ ᠡᠮᠬᠢᠯᠡᠬᠦ ᠠᠷᠭ᠎ᠠ ᠪᠠᠷ ᠡᠮᠬᠢᠯᠡᠬᠦ ᠬᠡᠷᠡᠭᠲᠡᠶ᠃    ᠬᠢᠨᠠᠨ ᠵᠥᠪᠰᠢᠶᠡᠷᠡᠬᠦ ᠲᠥᠷᠥᠯ ᠤᠨ ᠲᠠᠩᠰᠠ ᠡᠪᠬᠡᠮᠡᠯ ᠤᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠨᠢ ᠲᠣᠰ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠪᠠᠲᠤᠯᠠᠭ᠎ᠠ ᠶᠢ ᠵᠣᠭᠰᠣᠭᠠᠭᠰᠠᠨ ᠤ ᠳᠠᠷᠠᠭ᠎ᠠ 3 ᠵᠢᠯ ᠠᠴᠠ ᠳᠤᠲᠠᠭᠤ ᠪᠠᠶᠢᠵᠤ ᠪᠣᠯᠬᠤ ᠥᠬᠡᠶ᠃ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ ᠳᠠᠩᠰᠠ ᠡᠪᠬᠡᠮᠡᠯ ᠤᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠨᠢ 5 ᠵᠢᠯ ᠠᠴᠠ ᠳᠤᠲᠠᠭᠤ ᠪᠠᠶᠢᠵᠤ ᠪᠣᠯᠬᠤ ᠦᠭᠡᠶ᠃    ︵ᠭᠤᠷᠪᠠ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠪᠠ ᠠᠰᠢᠭᠯᠠᠯᠲᠠ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠵᠠᠷᠴᠢᠮ ᠳᠡᠭᠡᠷ᠎ᠡ ᠪᠠᠨ ᠬᠢᠨᠠᠭᠠᠳ ᠨᠤᠲᠠᠯᠠᠭᠰᠠᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠠᠴᠠ ᠬᠠᠳᠠᠭᠠᠯᠠᠨ ᠬᠠᠮᠢᠶᠠᠷᠴᠤ᠂ ᠬᠠᠳᠠᠭᠠᠯᠠᠨ ᠬᠠᠮᠢᠶᠠᠷᠬᠤ ᠨᠢᠭᠡᠴᠢ ᠨᠢ ᠴᠢᠬᠤᠯᠠ ᠪᠦᠬᠦᠢ ᠬᠠᠳᠠᠭᠠᠯᠠᠨ ᠬᠠᠮᠢᠶᠠᠷᠬᠤ ᠲᠥᠬᠦᠭᠡᠷᠦᠮᠵᠢ ᠪᠠ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠲᠣᠬᠢᠷᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠤᠨ ᠠᠶᠤᠯ ᠦᠭᠡᠶ ᠶᠢ ᠪᠠᠲᠤᠯᠠᠬᠤ ᠬᠡᠷᠡᠭᠲᠡᠶ᠃    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠭᠤᠤᠯᠳᠠᠭᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠡᠷᠡᠭᠯᠡᠭᠦᠯᠦᠨ᠎ᠡ᠃ ᠳᠡᠭᠡᠳᠥ ᠱᠠᠲᠤᠨ ᠤ ᠨᠢᠭᠡᠴᠢ᠂ ᠬᠢᠨᠠᠨ ᠪᠠᠶᠢᠴᠠᠭᠠᠬᠤ ᠪᠠᠶᠢᠭᠤᠯᠭ᠎ᠠ᠂ ᠬᠢᠨᠠᠨ ᠪᠣᠳᠣᠬᠤ ᠪᠠᠶᠢᠭᠤᠯᠭ᠎ᠠ᠂ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠠᠵᠢᠯ ᠪᠤᠶᠤ ᠬᠡᠷᠡᠭ ᠰᠢᠢᠳᠪᠥᠷᠢᠯᠡᠬᠦ ᠬᠡᠷᠡᠭᠴᠡᠭᠡ ᠠᠴᠠ ᠪᠣᠯᠵᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠵᠦ ᠪᠣᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠬᠡᠪᠴᠢᠶ᠎ᠡ ᠶᠢ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠭᠲᠠᠭᠠᠨ᠎ᠠ ᠃ ᠠᠰᠢᠭᠯᠠᠭᠰᠠᠳ ᠳᠠᠩᠰᠠ ᠡᠪᠬᠡᠮᠡᠯ ᠢ ᠭᠡᠭᠡᠭᠰᠡᠨ᠂ ᠤᠰᠠᠳᠬᠠᠭᠰᠠᠨ᠂ ᠪᠠᠯᠠᠯᠤᠨ ᠥᠭᠡᠷᠡᠴᠢᠯᠡᠵᠦ ᠪᠣᠯᠬᠤ ᠦᠭᠡᠢ᠃    ᠠᠷᠪᠠᠨ ᠳᠥᠷᠪᠡ᠂ ᠬᠢᠨᠠᠯᠲᠠ ᠲᠠᠯᠪᠢᠵᠤ ᠬᠠᠮᠢᠶᠠᠷᠬᠤ    ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠳᠤᠳᠤᠷᠬᠠᠶᠢᠯᠠᠬᠤ    1 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠠᠷᠭᠤᠭᠤᠯᠵᠤ ᠨᠤᠲᠠᠯᠠᠬᠤ ᠠᠵᠢᠯ ᠢ ᠬᠠᠷᠢᠭᠤᠴᠠᠵᠤ᠂ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠤᠨ ᠵᠢᠷᠤᠮᠵᠢᠭᠰᠠᠨ ᠬᠠᠮᠢᠶᠠᠷᠤᠯᠲᠠ ᠪᠣᠯᠣᠨ ᠬᠠᠮᠢᠶ᠎ᠠ ᠪᠦᠬᠦᠢ ᠦᠢᠯᠡᠴᠢᠯᠡᠭᠡ ᠶᠢ ᠴᠢᠩᠭᠠᠳᠬᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠢᠯᠡ᠂ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠠᠬᠢᠭᠤᠯᠤᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠪᠣᠯᠪᠠᠰᠤᠷᠠᠭᠤᠯᠤᠯ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠪᠠᠶᠢᠭᠤᠯᠤᠨ᠂ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠦᠢᠯᠡᠰ᠂ ᠠᠷᠭ᠎ᠠ ᠬᠡᠮᠵᠢᠶ᠎ᠡ᠂ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠤ ᠬᠢᠨᠠᠨ ᠬᠠᠷᠭᠤᠭᠤᠯᠵᠤ ᠨᠤᠲᠠᠯᠠᠭᠰᠠᠨ ᠵᠦᠢᠯᠡᠰ ᠢ 30%᠎ ᠶᠢᠨ ᠬᠠᠷᠢᠴᠠᠯ ᠠᠴᠠ ᠳᠣᠣᠷ᠎ᠠ ᠪᠠᠶᠢᠯᠭᠠᠬᠤ ᠦᠭᠡᠢ ᠪᠠᠷ ᠰᠤᠭᠤᠴᠢᠨ ᠪᠠᠶᠢᠴᠠᠭᠠᠨ᠎ᠠ᠃    2 ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ᠂ ᠠᠩᠬ᠎ᠠ ᠬᠢᠨᠠᠬᠤ ᠠᠵᠢᠯ ᠢ ᠬᠠᠷᠢᠭᠤᠴᠠᠵᠤ᠂ ᠭᠤᠶᠤᠴᠢᠯᠠᠭᠰᠠᠨ ᠭᠡᠷ ᠪᠦᠯᠢ ᠳᠤ ᠡᠷᠦᠬᠡ ᠳᠤ ᠬᠦᠷᠴᠦ 100%᠎ ᠪᠠᠷ ᠪᠠᠶᠢᠴᠠᠭᠠᠨ ᠬᠠᠷᠭᠤᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ᠂ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ᠂ ᠨᠢᠭᠡ ᠯᠡ ᠤᠳᠠᠭ᠎ᠠ ᠳᠤ ᠮᠡᠳᠡᠭᠳᠡᠬᠦ ᠵᠡᠷᠭᠡ ᠵᠢᠷᠤᠮᠵᠢᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃    3 ᠲᠣᠰᠬᠤᠨ ︵ᠰᠠᠭᠤᠭᠠᠯᠢ︶᠎ ᠤ ᠠᠷᠠᠳ ᠤᠨ ᠵᠥᠪᠯᠡᠯ ᠬᠠᠮᠵᠢᠯᠴᠠᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ ᠲᠣᠰᠬᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠶᠢᠨ ᠣᠷᠣᠯᠠᠨ ᠭᠦᠶ᠋ᠴᠡᠳᠬᠡᠬᠦ ︵ᠬᠠᠪᠰᠤᠷᠤᠨ ᠭᠦᠶ᠋ᠴᠡᠳᠬᠡᠬᠦ︶ ᠲᠦᠷᠢᠮ ᠢ ᠪᠠᠶᠢᠭᠤᠯᠵᠤ᠂ ᠭᠤᠶᠤᠴᠢᠯᠠᠭᠴᠢ ᠶᠢᠨ ᠪᠡᠶ᠎ᠡ ᠮᠠᠬᠠᠪᠣᠳ᠂ ᠨᠠᠰᠤ ᠵᠢᠯ ᠵᠡᠷᠭᠡ ᠣᠨᠴᠠᠭᠠᠶ ᠰᠢᠯᠲᠠᠭᠠᠨ ᠠᠴᠠ ᠪᠣᠯᠵᠣ ᠬᠤᠪᠢ ᠬᠥᠮᠦᠨ ᠭᠤᠶᠤᠴᠢᠯᠠᠬᠤ ᠳᠤ ᠬᠦᠴᠢᠷᠲᠡᠶ ᠪᠠᠶᠢᠪᠠᠯ᠂ ᠲᠣᠰᠬᠤᠨ ︵ᠨᠡᠶᠢᠭᠡᠮ ᠲᠣᠭᠤᠷᠢᠭ︶᠎ ᠤ ᠲᠤᠰᠠᠯᠠᠭᠴᠢ ᠠᠴᠠ ᠣᠷᠣᠯᠠᠨ ᠭᠦᠶ᠋ᠴᠡᠳᠬᠡᠬᠦ᠂ ᠬᠠᠪᠰᠤᠷᠤᠨ ᠭᠦᠶ᠋ᠴᠡᠳᠬᠡᠬᠦ ᠶᠢ ᠬᠡᠷᠡᠭᠵᠢᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠣᠯᠵᠤ ᠮᠡᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠤᠨ ᠵᠥᠪᠯᠡᠯ᠂ ᠲᠣᠰᠬᠤᠨ ᠳᠤ ᠰᠠᠭᠤᠵᠤ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠲᠣᠰᠬᠤᠨ ︵ᠰᠠᠭᠤᠭᠠᠯᠢ ᠠᠷᠠᠳ︶᠎ ᠤ ᠠᠷᠠᠳ ᠵᠡᠷᠭᠡ ᠶᠢᠨ ᠠᠷᠠᠳ ᠤᠨ ᠪᠠᠶᠢᠳᠠᠯ ᠢ ᠣᠶᠢᠯᠠᠭᠠᠬᠤ ᠣᠨᠴᠠᠯᠢᠭ ᠢ ᠭᠦᠢᠴᠡᠳ ᠪᠠᠳᠠᠷᠠᠭᠤᠯᠤᠨ᠂ ᠠᠮᠢᠳᠤᠷᠠᠯ ᠤᠨ ᠬᠦᠴᠢᠷᠳᠡᠯ ᠳᠤ ᠲᠤᠯᠭᠠᠷᠠᠭᠰᠠᠨ ᠬᠦᠴᠢᠷᠳᠡᠯᠲᠡᠶ ᠣᠯᠠᠨ ᠲᠦᠮᠡᠨ ᠢ ᠡᠷᠲᠡ ᠢᠯᠡᠷᠡᠭᠦᠯᠵᠦ᠂ ᠡᠷᠲᠡ ᠬᠠᠮᠢᠶᠠᠷᠴᠤ᠂ ᠡᠷᠲᠡ ᠠᠪᠤᠷᠠᠨ ᠲᠤᠰᠠᠯᠠᠬᠤ ᠶᠢ ᠪᠡᠶᠡᠯᠡᠭᠦᠯᠬᠦ ᠬᠡᠷᠡᠭᠲᠡᠶ᠃    ︵ᠬᠤᠶᠠᠷ︶ ᠠᠪᠤᠷᠠᠨ ᠲᠤᠰᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ    ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠥᠬᠦ ᠲᠠᠯ᠎ᠠ ᠪᠠᠷ ᠢᠯᠡ ᠪᠣᠯᠭᠠᠬᠤ ᠶᠢᠨ ᠬᠠᠮᠲᠤ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠲᠠᠢ ᠨᠡᠶᠢᠯᠡᠭᠦᠯᠵᠦ᠂ ᠣᠯᠠᠨ ᠲᠦᠮᠡᠨ ᠤ ᠠᠰᠠᠭᠤᠨ ᠯᠠᠪᠯᠠᠬᠤ᠂ ᠢᠯᠡᠴᠢᠯᠡᠨ ᠮᠡᠳᠡᠭᠦᠯᠬᠦ ᠪᠠ ᠵᠠᠭᠠᠯᠳᠤᠯᠭ᠎ᠠ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠨᠡᠶᠢᠭᠡᠮ ᠪᠠ ᠣᠯᠠᠨ ᠲᠦᠮᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠳᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠦᠨᠡᠨ ᠨᠡᠷ᠎ᠡ ᠪᠠᠷ ᠢᠯᠡᠴᠢᠯᠡᠨ ᠮᠡᠳᠡᠭᠦᠯᠦᠭᠰᠡᠨ ᠢ ᠨᠢᠭᠡᠳ ᠨᠢᠭᠡ ᠪᠠᠷ ᠬᠢᠨᠠᠨ ᠪᠠᠶᠢᠴᠠᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠬᠢᠨᠠᠨ ᠪᠠᠶᠢᠴᠠᠭᠠᠵᠤ ᠰᠢᠶ᠋ᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠪᠤᠶᠤ ᠨᠢᠭᠡᠨᠲᠡ ᠣᠯᠤᠭᠰᠠᠨ ᠭᠡᠷ ᠪᠦᠯᠢ ᠶᠢᠨ ᠪᠦᠷᠢᠯᠳᠦᠬᠦᠨ ᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠵᠥᠪᠰᠢᠶᠡᠷᠡᠬᠦ ᠦᠭᠡᠶ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃    ︵ᠭᠤᠷᠪᠠ︶ ᠪᠤᠷᠤᠭᠤ ᠶᠢ ᠠᠭᠤᠴᠢᠯᠠᠨ ᠠᠯᠳᠠᠭ᠎ᠠ ᠪᠠᠨ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠎ᠠ    ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠬᠢᠵᠦ ᠪᠠᠶᠢᠭ᠎ᠠ ᠬᠥᠮᠦᠰ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ ᠲᠥᠪ ᠭᠤᠣᠯᠴᠢ ᠶᠢ ᠪᠠᠷᠢᠮᠲᠠᠯᠠᠭᠰᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠣᠯᠪᠠᠴᠤ ᠪᠤᠰᠤᠳᠴᠢ ᠰᠢᠯᠲᠠᠭᠠᠨ ᠠᠴᠠ ᠪᠣᠯᠵᠤ ᠠᠯᠳᠠᠭ᠎ᠠ ᠪᠤᠷᠤᠭᠤ ᠭᠠᠷᠭᠠᠭᠰᠠᠨ ᠮᠥᠷᠲᠡᠭᠡᠨ ᠴᠠᠭ ᠲᠤᠬᠠᠢ ᠳᠤ ᠨᠢ ᠵᠠᠯᠠᠷᠠᠭᠤᠯᠵᠤ ᠳᠡᠶᠢᠯᠦᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠠᠴᠠ ᠬᠡᠯᠲᠦᠷᠢᠭᠦᠯᠦᠨ᠎ᠡ᠃ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ᠄    1 ᠭᠤᠶᠤᠴᠢᠯᠠᠭᠴᠢ ᠠᠴᠠ ᠠᠮᠠᠯᠠᠯᠲᠠ ᠬᠢᠵᠦ᠂ ᠬᠡᠷ ᠪᠦᠯᠢ ᠶᠢᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠦᠶ᠎ᠡ ᠳᠤ᠂ ᠵᠣᠷᠢᠭᠤᠳᠠ ᠦᠨᠡᠨ ᠪᠠᠶᠢᠳᠠᠯ ᠢᠶᠠᠨ ᠨᠢᠭᠤᠨ ᠳᠠᠯᠳᠠᠯᠠᠵᠤ᠂ ᠠᠵᠢᠯᠲᠠᠳ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠪᠠ ᠡᠷᠦᠬᠡ ᠳᠤ ᠬᠦᠷᠴᠦ ᠪᠠᠶᠢᠴᠠᠭᠠᠬᠤ ᠲᠠᠰ ᠳᠠᠷᠠᠭᠠᠯᠠᠯ ᠢᠶᠠᠨ ᠭᠦᠢᠴᠡᠳᠬᠡᠵᠦ᠂ ᠣᠲᠣ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠲᠡᠳᠡᠨ ᠤ ᠨᠢᠭᠤᠵᠤ ᠳᠠᠯᠳᠠᠯᠠᠭᠰᠠᠨ ᠦᠨᠡᠨ ᠪᠣᠳᠠᠲᠠᠶ ᠪᠠᠶᠢᠳᠠᠯ ᠢ ᠣᠯᠵᠤ ᠮᠡᠳᠡᠭᠰᠡᠨ ᠥᠬᠡᠶ ᠪᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠣᠯᠭᠤᠭᠰᠠᠨ︔    2 ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠭᠰᠡᠨ ᠥᠬᠡᠶ ᠠᠴᠠ ᠪᠣᠯᠵᠣ᠂ ᠬᠠᠷᠭᠤᠭᠤᠯᠬᠤ ᠰᠢᠰᠲ᠋ᠧᠮ ᠳᠤ ᠬᠠᠮᠢᠶ᠎ᠠ ᠪᠥᠬᠦᠶ ᠲᠤᠭ᠎ᠠ ᠪᠠᠷᠢᠮᠲᠠ ᠥᠬᠡᠶ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠩᠭᠠᠭᠰᠠᠨ ᠲᠤᠭ᠎ᠠ ᠪᠠᠷᠢᠮᠲᠠ ᠨᠢ ᠣᠨᠣᠪᠴᠢ ᠥᠬᠡᠶ᠂ ᠪᠦᠷᠢᠨ ᠪᠤᠰᠤ ᠪᠣᠯᠤᠭᠰᠠᠨ ᠠᠴᠠ ᠪᠣᠯᠵᠣ ᠠᠷᠠᠳ ᠤᠨ ᠶᠠᠪᠤᠳᠠᠯ ᠤᠨ ᠪᠠᠲᠤᠯᠠᠭ᠎ᠠ ᠳᠤ ᠣᠷᠣᠭᠤᠯᠪᠠᠯ ᠵᠣᠬᠢᠬᠤ ᠪᠠᠶᠢᠲᠠᠯ᠎ᠠ ᠠᠷᠠᠳ ᠤᠨ ᠶᠠᠪᠤᠳᠠᠯ ᠤᠨ ᠪᠠᠲᠤᠯᠠᠭ᠎ᠠ ᠳᠤ ᠣᠷᠣᠭᠤᠯᠤᠭᠰᠠᠨ ᠥᠬᠡᠶ᠂ ᠠᠷᠠᠳ ᠤᠨ ᠶᠠᠪᠤᠳᠠᠯ ᠤᠨ ᠪᠠᠲᠤᠯᠠᠭ᠎ᠠ ᠳᠤ ᠣᠷᠤᠭᠤᠯᠬᠤ ᠦᠭᠡᠢ ᠪᠣᠯ ᠵᠣᠬᠢᠬᠤ ᠪᠠᠶᠢᠲᠠᠯ᠎ᠠ ᠠᠷᠠᠳ ᠤᠨ ᠶᠠᠪᠤᠳᠠᠯ ᠤᠨ ᠪᠠᠲᠤᠯᠠᠭ᠎ᠠ ᠳᠤ ᠣᠷᠣᠭᠤᠯᠤᠭᠰᠠᠨ ᠪᠤᠶᠤ ᠪᠣᠴᠠᠭᠠᠬᠤ ᠶᠣᠰᠣᠲᠠᠶ ᠪᠠᠶᠢᠲᠠᠯ᠎ᠠ ᠪᠣᠴᠠᠭᠠᠭᠰᠠᠨ ᠦᠭᠡᠢ︔    3 ᠪᠠᠲᠤᠯᠠᠬᠤ ᠡᠲᠡᠭᠡᠳ ᠪᠠᠲᠤᠯᠠᠭ᠎ᠠ ᠶᠢᠨ ᠬᠤᠭᠤᠴᠠᠭᠠᠨ ᠳᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠳᠤ ᠬᠤᠪᠢᠷᠠᠯᠲᠠ ᠭᠠᠷᠴᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠡᠭᠦᠷᠭᠡ ᠪᠠᠨ ᠭᠦᠢᠴᠡᠳᠬᠡᠭᠰᠡᠨ ᠦᠭᠡᠶ᠂ ᠬᠠᠷᠢᠨ ᠭᠠᠷᠳᠠᠨ ᠭᠦᠢᠴᠡᠳᠭᠡᠭᠴᠢ ᠠᠴᠠ ᠨᠢᠭᠡᠨᠲᠡ ᠲᠣᠭᠲᠠᠭᠠᠯ ᠶᠣᠰᠣᠭᠠᠷ ᠬᠥᠳᠡᠯᠦᠩᠭᠦᠶ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠭᠰᠡᠨ ᠪᠣᠯᠪᠠᠴᠤ ᠣᠳᠣ ᠪᠠᠶᠢᠭ᠎ᠠ ᠠᠷᠭ᠎ᠠ ᠪᠠᠷᠢᠯ ᠢᠶᠠᠷ ᠳᠠᠮᠵᠢᠭᠤᠯᠤᠨ ᠴᠠᠭ ᠲᠤᠬᠠᠶ ᠳᠤᠨᠢ ᠣᠯᠵᠤ ᠮᠡᠳᠡᠬᠦ ᠶᠢᠨ ᠠᠷᠭ᠎ᠠ ᠦᠭᠡᠶ ᠠᠴᠠ ᠪᠣᠯᠵᠤ ᠴᠠᠭ ᠲᠤᠬᠠᠶ ᠳᠤᠨᠢ ᠳᠠᠭᠠᠳᠬᠠᠯ ᠠᠴᠠ ᠭᠠᠷᠴᠤ ᠴᠢᠳᠠᠭᠰᠠᠨ ᠦᠭᠡᠶ     4 ᠬᠦᠴᠢᠷᠳᠡᠯᠲᠡᠶ ᠣᠯᠠᠨ ᠲᠦᠮᠡᠨ ᠨᠡᠶᠢᠭᠡᠮ ᠤᠨ ᠠᠪᠤᠷᠠᠨ ᠲᠤᠰᠠᠯᠠᠯᠲᠠ ᠶᠢ ᠰᠠᠨᠠᠭᠠᠴᠢᠯᠠᠭ᠎ᠠ ᠠᠴᠠ ᠪᠠᠨ ᠲᠠᠶᠠᠭᠳᠠᠭᠰᠠᠨ ᠠᠴᠠ ᠪᠣᠯᠵᠣ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠪᠣᠳᠠᠲᠠᠶᠢᠵᠢᠭᠤᠯᠤᠭᠰᠠᠨ ᠥᠬᠡᠶ ᠠᠴᠠ ᠪᠣᠯᠵᠣ ᠳᠤᠲᠠᠭᠳᠠᠯ ᠲᠠᠢ ᠪᠤᠶᠤ ᠪᠤᠰᠤᠳ ᠭᠡᠨᠡᠳᠲᠡ ᠶᠢᠨ ᠪᠠᠶᠢᠳᠠᠯ ᠭᠠᠷᠤᠭᠰᠠᠨ     5 ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠨᠠᠰᠤ ᠨᠥᠭᠴᠢᠭᠰᠡᠨ ᠤ ᠳᠠᠷᠠᠭ᠎ᠠ᠂ ᠨᠠᠰᠤ ᠨᠥᠭᠴᠢᠭᠰᠡᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠭᠡᠷ ᠪᠦᠯᠢ ᠶᠢᠨ ᠠᠵᠤ ᠠᠬᠤᠶ ᠶᠢ ᠬᠢᠨᠠᠨ ᠪᠠᠶᠢᠴᠠᠭᠠᠬᠤ ᠶᠢᠨ ᠬᠠᠮᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠮᠡᠵᠦ ᠣᠯᠭᠤᠬᠤ᠂ ᠬᠠᠰᠤᠬᠤ᠂ ᠣᠯᠭᠤᠬᠤ ᠶᠢ ᠵᠣᠭᠰᠣᠭᠠᠬᠤ ᠵᠡᠷᠭᠡ ᠬᠠᠮᠢᠶ᠎ᠠ ᠪᠦᠬᠦᠢ ᠭᠠᠷᠳᠠᠮ ᠢ ᠭᠥᠢᠴᠡᠳᠬᠡᠭᠰᠡᠨ︔    6 ᠠᠷᠠᠳ ᠤᠨ ᠶᠠᠪᠤᠳᠠᠯ ᠤᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠡᠷᠡᠭ ᠢ ᠰᠢᠢᠳᠪᠦᠷᠢᠯᠡᠬᠦ ᠶᠠᠪᠤᠴᠠ ᠳᠤ ᠤᠯᠤᠰ ᠣᠷᠣᠨ ᠪᠠ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠣᠳᠣᠯᠬᠢᠯᠠᠯ ᠠᠴᠠ ᠪᠣᠯᠵᠤ᠂ ᠤᠴᠢᠷ ᠶᠠᠪᠤᠳᠠᠯ ᠪᠠᠴᠢᠮ ᠲᠤᠯᠭᠠᠮ᠎ᠠ᠂ ᠲᠦᠷ ᠴᠠᠭ ᠲᠠᠰᠤᠯᠤᠭᠰᠠᠨ ᠠᠴᠠ ᠪᠣᠯᠵᠤ ᠠᠯᠳᠠᠰᠢ ᠭᠠᠷᠤᠭᠰᠠᠨ ᠪᠠ ᠵᠥᠷᠢᠶ᠎ᠡ ᠭᠠᠷᠤᠭᠰᠠᠨ︔    7 ᠨᠡᠶᠢᠭᠡᠮ ᠤᠨ ᠬᠦᠴᠦᠨ ᠨᠡᠶᠢᠭᠡᠮ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠠᠵᠢᠯ ᠢ ᠥᠷᠨᠢᠭᠦᠯᠬᠦ ᠶᠠᠪᠤᠴᠠ ᠳᠤ ᠠᠯᠳᠠᠰᠢ ᠭᠠᠷᠤᠭᠰᠠᠨ ᠠᠴᠠ ᠪᠣᠯᠵᠤ ᠳᠠᠭᠠᠳᠬᠠᠯ ᠢ ᠪᠤᠷᠤᠭᠤᠳᠠᠭᠤᠯᠵᠤ᠂ ᠳᠠᠭᠠᠳᠬᠠᠯ ᠢ ᠣᠷᠬᠢᠭᠳᠠᠭᠤᠯᠤᠭᠰᠠᠨ ᠮᠥᠷᠲᠡᠭᠡᠨ ᠬᠦᠨᠳᠦ ᠨᠣᠴᠢᠲᠠᠢ ᠨᠥᠯᠥᠭᠡ ᠭᠠᠷᠭᠠᠭᠰᠠᠨ ᠦᠭᠡᠢ ᠪᠠ ᠬᠤᠬᠢᠷᠠᠯ ᠤᠴᠠᠷᠠᠭᠤᠯᠤᠭᠰᠠᠨ ᠦᠭᠡᠢ︔    8 ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠨᠢ ᠠᠷᠠᠳ ᠤᠨ ᠶᠠᠪᠤᠳᠠᠯ ᠤᠨ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ ᠠᠵᠢᠯ ᠤᠨ ᠲᠣᠭᠲᠠᠴᠠ ᠲᠡᠭᠦᠯᠳᠡᠷ ᠪᠤᠰᠤ᠂ ᠠᠵᠢᠯ ᠤᠨ ᠠᠷᠭ᠎ᠠ ᠪᠠᠷᠢᠯ ᠳᠤᠲᠠᠮᠠᠭ᠂ ᠲᠤᠷᠰᠢᠯᠭ᠎ᠠ ᠪᠠᠷ ᠳᠤᠲᠠᠮᠠᠭ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠭᠰᠠᠨ ᠵᠡᠷᠭᠡ ᠰᠢᠯᠲᠠᠭᠠᠨ ᠠᠴᠠ ᠪᠣᠯᠵᠤ ᠠᠯᠳᠠᠰᠢ ᠪᠠ ᠠᠯᠳᠠᠭ᠎ᠠ ᠪᠤᠷᠤᠭᠤ ᠭᠠᠷᠭᠠᠭᠰᠠᠨ ᠪᠥᠭᠡᠳ ᠬᠤᠪᠢ ᠶᠢᠨ ᠠᠰᠢᠭ ᠬᠥᠷᠲᠡᠭᠰᠡᠨ ᠦᠭᠡᠢ︔    9 ᠪᠤᠰᠤᠳ ᠰᠠᠯᠠᠭ᠎ᠠ ᠮᠥᠴᠢᠷ ᠤᠨ ᠰᠢᠢᠳᠪᠦᠷᠢᠯᠡᠯᠲᠡ ᠵᠣᠬᠢᠰ ᠦᠭᠡᠢ ᠠᠴᠠ ᠪᠣᠯᠵᠤ᠂ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ ᠨᠢ ᠪᠤᠷᠤᠭᠤᠳᠠᠭᠰᠠᠨ︔    10 ᠪᠤᠰᠤᠳ ᠲᠤᠰᠢᠶᠠᠯ ᠢᠶᠠᠨ ᠭᠥᠢᠴᠡᠳᠬᠡᠨ ᠬᠠᠷᠢᠭᠤᠴᠠᠯᠭ᠎ᠠ ᠠᠴᠠ ᠬᠡᠯᠲᠥᠷᠢᠭᠦᠯᠬᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠᠶᠢᠳᠠᠯ᠃    ᠬᠠᠷᠢᠭᠤᠴᠠᠯᠭ᠎ᠠ ᠠᠴᠠ ᠭᠡᠯᠳᠤᠷᠢᠬᠦᠯᠬᠦ ᠦᠬᠡᠢ ᠪᠠᠶᠢᠳᠠᠯ    1 ᠨᠡᠶᠢᠭᠡᠮ ᠤᠨ ᠲᠡᠩᠬᠡᠷᠡᠭᠦᠯᠦᠨ ᠲᠤᠰᠠᠯᠠᠭᠤᠯᠬᠤ ᠲᠣᠭᠲᠠᠭᠠᠯ ᠤᠨ ᠲᠠᠰ ᠳᠠᠷᠠᠭᠠᠯᠠᠯ ᠤᠨ ᠶᠣᠰᠣᠭᠠᠷ ᠲᠡᠩᠬᠡᠷᠡᠭᠦᠯᠦᠨ ᠲᠤᠰᠠᠯᠠᠭᠤᠯᠬᠤ ᠭᠤᠶᠤᠴᠢᠯᠠᠯ ᠢ ᠢᠯᠡ ᠨᠡᠶᠢᠲᠡᠯᠡᠵᠦ᠂ ᠬᠠᠷᠭᠤᠭᠤᠯᠤᠨ ᠪᠠᠶᠢᠴᠠᠭᠠᠵᠤ᠂ ᠬᠢᠨᠠᠨ ᠬᠠᠷᠭᠤᠭᠤᠯᠵᠤ ᠨᠤᠲᠠᠯᠠᠭᠰᠠᠨ ᠥᠬᠡᠶ︔    2 ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠨᠢ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠦᠭᠡᠢ ᠪᠣᠯ ᠠᠪᠤᠷᠠᠨ ᠲᠤᠰᠠᠯᠠᠬᠤ ᠶᠢ ᠵᠣᠭᠰᠣᠭᠠᠭᠰᠠᠨ ᠦᠭᠡᠢ︔    3 ᠨᠡᠶᠢᠭᠡᠮ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠶᠢ ᠬᠢᠨᠠᠨ ᠮᠠᠭᠠᠳᠯᠠᠭᠰᠠᠨ ᠦᠭᠡᠢ︔    4 ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠤ ᠭᠤᠶᠤᠴᠢᠯᠠᠯ ᠢ ᠨᠠᠵᠠᠭᠠᠶ ᠪᠠᠷ ᠠᠷᠭᠠᠴᠠᠭᠠᠭᠰᠠᠨ᠂ ᠬᠠᠷᠢᠯᠴᠠᠨ ᠲᠦᠯᠬᠢᠯᠴᠡᠭᠰᠡᠨ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠬᠤᠬᠢᠷᠠᠭᠤᠯᠤᠭᠰᠠᠨ︔    5 ︽ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ︾᠎ ᠶᠢ ᠪᠣᠳᠠᠲᠠᠶ ᠪᠠᠷ ᠭᠦᠢᠴᠡᠳᠬᠡᠭᠰᠡᠨ ᠥᠬᠡᠶ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ︔    6 ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ︔    7 ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠥᠷᠢᠴᠡᠭᠰᠡᠨ᠃    ᠠᠷᠪᠠᠨ ᠲᠠᠪᠤ᠂ ᠪᠤᠰᠤᠳ ᠵᠦᠢᠯ    ᠲᠣᠰ ᠮᠠᠭᠠᠳᠯᠠᠨ ᠲᠣᠭᠲᠠᠭᠠᠭᠰᠠᠨ ᠰᠠᠨᠠᠯ ᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠠᠴᠠ ᠬᠠᠷᠢᠭᠤᠴᠠᠨ ᠲᠠᠶᠢᠯᠪᠤᠷᠢᠯᠠᠵᠤ᠂ ᠡᠭᠦᠨ ᠠᠴᠠ ᠡᠮᠦᠨ᠎ᠡ ᠲᠣᠭᠲᠠᠭᠠᠯ ᠳᠣᠲᠣᠷ᠎ᠠ ᠲᠣᠰ ᠰᠠᠨᠠᠯ ᠲᠠᠢ ᠨᠢᠭᠡᠳᠦᠯ ᠦᠭᠡᠢ ᠪᠠᠶᠢᠪᠠᠯ᠂ ᠲᠣᠰ ᠰᠠᠨᠠᠯ ᠢᠶᠠᠷ ᠪᠠᠷᠢᠮᠵᠢᠶ᠎ᠠ ᠪᠣᠯᠭᠠᠨ᠎ᠠ᠃ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠦᠨᠡᠯᠡᠨ ᠲᠣᠭᠲᠠᠭᠠᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠶᠤᠸᠠᠨ ᠪᠣᠥ ᠱᠠᠨ ᠵᠠᠰᠠᠭ ᠠᠯᠪᠠᠨ ᠦᠰᠦᠭ ︹2016︺ 82 ᠳ᠋ᠤᠭᠠᠷ ᠲᠣᠭᠠᠲᠤ︶᠎ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1