ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠭᠤᠷᠪᠠᠨ ᠵᠦᠢᠯ ᠤᠨ ᠠᠷᠭ᠎ᠠ ᠬᠡᠮᠵᠢᠶ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/3/28
    ᠣᠶᠢᠷ᠎ᠠ ᠶᠢᠨ ᠵᠢᠯ ᠠᠴᠠ ᠂ ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢᠶᠠᠷ ᠭᠠᠷᠳᠠᠴᠠ ᠪᠣᠯᠭᠠᠵᠤ ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ ᠲᠥᠪᠯᠡᠩᠭᠦᠢ ᠬᠦᠴᠦᠨ ︾᠎ ᠢ ᠨᠢᠭᠲᠠᠷᠠᠭᠤᠯᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ ᠠᠨᠠᠷ ᠤᠨ ᠰᠡᠳᠬᠢᠯᠭᠡ︾᠎ ᠶᠢ ᠵᠤᠵᠠᠭᠠᠳᠬᠠᠪᠠ ᠃
1_副本.jpg 
       ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠴᠢᠶᠠᠯᠠᠪᠤᠷᠢ ᠶᠢ ᠴᠣᠭᠴᠠᠯᠠᠪᠠ     ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠎ ᠨᠢ ᠠᠷᠠᠳ ᠎ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠂ ᠪᠣᠣᠱᠠᠨ ᠨᠣᠮ ᠤᠨ ᠦᠷᠦᠬᠡ ᠵᠡᠷᠭᠡ ᠡᠬᠢ ᠪᠠᠶᠠᠯᠢᠭ ᠢ ᠨᠡᠶᠢᠳᠬᠡᠵᠦ ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠲᠣᠭᠤᠷᠢᠭ ᠭᠠᠷᠭᠠᠵᠤ ᠂ ︽ ᠨᠣᠮ ᠤᠨ ᠦᠷᠦᠭᠡ ᠳᠤ ᠣᠷᠣᠵᠤ ᠥᠪᠡᠷ ᠢ ᠪᠠᠨ ᠳᠡᠭᠡᠭᠰᠢᠯᠡᠭᠦᠯᠬᠦ ︾ ᠤᠩᠰᠢᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠥᠷᠭᠡᠨ ᠤᠯᠠᠨ ᠰᠠᠭᠤᠭᠠᠯᠢ ᠠᠷᠠᠳ ᠲᠤ ᠤᠩᠰᠢᠯᠭ᠎ᠠ ᠶᠢᠨ ᠳᠤᠮᠳᠠ ᠠᠴᠠ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠪᠣᠯᠣᠨ ᠭᠤᠶᠤ ᠰᠠᠶᠢᠬᠠᠨ ᠦᠨᠳᠦᠰᠦᠲᠡᠨ ᠤ ᠰᠣᠩᠭᠤᠳᠠᠭ ᠪᠦᠲᠦᠭᠡᠯ ᠢ ᠮᠡᠳᠡᠷᠡᠭᠦᠯᠵᠦ ᠪᠠᠶᠢᠨ᠎ᠠ᠃ ᠡᠭᠦᠨ ᠤ ᠬᠠᠮᠲᠤ᠂ ᠵᠡᠭᠡᠯᠢ ᠭᠤᠳᠤᠮᠵᠢ ᠶᠢᠨ ᠸᠢᠴᠠᠲ ᠨᠡᠶᠢᠲᠡ ᠶᠢᠨ ᠳ᠋ᠤᠭᠠᠷ ᠎ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠪᠤᠯᠤᠩ ᠢ ᠲᠣᠭᠲᠠᠮᠠᠯ ᠬᠤᠭᠤᠴᠠᠭ᠎ᠠ ᠪᠠᠷ ᠰᠢᠨᠡᠴᠢᠯᠡᠬᠦ᠂ ᠸᠢᠴᠠᠲ ᠤᠨ  ᠪᠦᠯᠦᠭ ᠲᠤ ᠥᠨᠳᠥᠰᠥᠲᠡᠨ ᠤ ᠣᠨᠤᠯ ᠲᠥᠷᠥ ᠶᠢᠨ ᠪᠣᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠳᠠᠮᠵᠢᠭᠤᠯᠬᠤ ᠵᠡᠷᠭᠡ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾᠎ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠵᠢᠭᠰᠠᠭᠠᠯ ᠤᠨ ᠭᠠᠵᠠᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠪᠠᠶᠢᠨ᠎ᠠ᠃
2_副本.jpg 
       ᠬᠥᠮᠦᠵᠢᠯ ᠪᠣᠯᠪᠠᠰᠤᠷᠠᠭᠤᠯᠤᠯ ᠢ ᠰᠠᠶᠢᠲᠤᠷ ᠠᠳᠬᠤᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠭᠤᠷᠢ ᠶᠢ ᠪᠠᠲᠤᠳᠬᠠᠪᠠ    ᠲᠤᠰ ᠵᠡᠭᠡᠯᠢ ᠭᠤᠳᠤᠮᠵᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠥᠵᠢᠯ ᠢ ᠪᠦᠬᠦ ᠵᠡᠭᠡᠯᠢ ᠭᠤᠳᠤᠮᠵᠢ ᠎ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠯ ᠢ ᠪᠦᠬᠦ ᠬᠦᠴᠦᠨ ᠢᠶᠠᠷ ᠰᠠᠶᠢᠲᠤᠷ ᠠᠳᠬᠤᠪᠠ ᠃ ᠵᠢᠯ ᠪᠦᠷᠢ ᠵᠡᠭᠡᠯᠢ ᠭᠤᠳᠤᠮᠵᠢ ᠶᠢᠨ ᠺᠠᠳ᠋ᠷ ᠠᠵᠢᠯᠲᠠᠳ ᠲᠤ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠪᠣᠯᠪᠠᠰᠤᠷᠠᠯ ᠢ ᠥᠷᠨᠢᠭᠦᠯᠬᠦ ᠶᠢᠨ ᠬᠠᠮᠲᠤ ︽ ᠭᠤᠷᠪᠠᠨ ᠬᠤᠷᠠᠯ ᠨᠢᠭᠡ ᠬᠢᠴᠢᠶᠡᠯ ︾ ᠂ ᠭᠤᠣᠯ ᠰᠡᠳᠦᠪᠲᠦ ᠨᠠᠮ ᠤᠨ ᠡᠳᠦᠷ ᠵᠡᠷᠭᠡ ᠲᠠᠢ ᠤᠶᠠᠯᠳᠤᠭᠤᠯᠤᠨ ︽ ᠭᠤᠷᠪᠠᠨ ᠰᠠᠯᠵᠤ ᠴᠢᠳᠠᠬᠤ ᠦᠭᠡᠢ ︾ ᠂ ︽ ᠳᠦᠷᠪᠡᠨ ᠬᠠᠮᠲᠤ ᠪᠠᠷ ︾ ᠂ ︽ ᠦᠨᠳᠦᠰᠦᠲᠡᠨ ᠤ ᠠᠵᠢᠯ ᠤᠨ ᠲᠠᠪᠤᠨ ᠶᠡᠭᠡ ᠭᠤᠣᠯᠳᠠᠯᠭ᠎ᠠ ᠲᠠᠢ ᠡᠭᠦᠷᠭᠡ ︾ ᠵᠡᠷᠭᠡ ᠮᠡᠳᠡᠯᠭᠡ ᠶᠢ ᠰᠤᠷᠤᠯᠴᠠᠭᠤᠯᠵᠤ᠂ ᠤᠨᠤᠯ ᠤᠨ ᠮᠡᠳᠡᠯᠭᠡ ᠶᠢᠨ ᠲᠠᠯ᠎ᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠭᠤᠷᠢ ᠶᠢ ᠪᠠᠬᠢᠵᠢᠭᠦᠯᠵᠡᠢ ᠃ ᠡᠯ᠎ᠡ ᠨᠡᠶᠢᠭᠡᠮ ᠲᠣᠭᠤᠷᠢᠭ ᠤᠨ ᠬᠢᠨ ᠤᠬᠠᠭᠤᠯᠤᠨ ᠲᠠᠶᠢᠯᠪᠤᠷᠢᠯᠠᠬᠤ ᠵᠢᠵᠢᠭ ᠤᠷᠲᠤ ᠬᠤᠩᠭᠢᠯ᠂ ᠤᠬᠠᠭᠤᠯᠤᠨ ᠲᠠᠶᠢᠯᠪᠤᠷᠢᠯᠠᠬᠤ ᠵᠢᠵᠢᠭ ᠲᠠᠯᠠᠪᠠᠶ ᠵᠡᠷᠭᠡ ᠲᠠᠪᠴᠠᠩ ᠢ ᠠᠰᠢᠭᠯᠠᠨ ᠰᠠᠭᠤᠭᠠᠯᠢ ᠠᠷᠠᠳ ᠎ ᠲᠤ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ ᠂ ︽ ᠵᠢᠷᠭᠤᠭᠠᠨ ᠥᠭᠦᠯᠡᠪᠦᠷᠢ ︾᠎ ᠶᠢᠨ ᠪᠣᠳᠠᠲᠤ ᠬᠡᠷᠡᠭ ᠪᠠ ᠶᠣᠰᠣ ᠤᠴᠢᠷ ᠢ ᠲᠣᠳᠣᠷᠬᠠᠢ ᠶᠠᠷᠢᠵᠤ ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ ᠂ ᠰᠠᠭᠤᠭᠠᠯᠢ ᠠᠷᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠲᠠᠨᠢᠯᠲᠠ ᠶᠢ ᠳᠡᠭᠡᠭᠰᠢᠯᠡᠭᠦᠯᠵᠦ ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠬᠥᠮᠥᠨ ᠪᠦᠬᠦᠨ ᠳᠤ ᠮᠡᠳᠡᠭᠦᠯᠵᠦ ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠪᠠᠷ ᠴᠢᠷᠮᠠᠶᠢᠪᠠ᠃
3_副本.jpg 
       ᠬᠥᠳᠡᠯᠭᠡᠭᠡᠨ ᠤ ᠬᠡᠯᠪᠡᠷᠢ ᠶᠢ ᠪᠠᠶᠠᠯᠢᠭᠵᠢᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠎ ᠶᠢᠨ ᠠᠭᠤᠷ ᠠᠮᠢᠰᠬᠤᠯ ᠢ ᠵᠤᠵᠠᠭᠠᠳᠬᠠᠪᠠ    2023 ᠣᠨ ᠠᠴᠠ ᠨᠠᠭᠠᠰᠢ᠂ ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ︽ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ︾ ᠂ ︽ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ ︾ ᠂ ︽ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠳᠡᠯᠭᠡᠭᠡᠨ ᠤ ᠰᠠᠷ᠎ᠠ ︾ ᠎ ᠪᠠᠷ ᠠᠴᠢᠶᠠᠯᠠᠪᠤᠷᠢ ᠪᠣᠯᠭᠠᠵᠤ ᠂ ᠭᠤᠣᠯ ᠰᠡᠳᠦᠪᠲᠦ ᠨᠠᠮ ᠤᠨ ᠡᠳᠦᠷ ᠂ ᠲᠤᠰᠬᠠᠢ ᠰᠡᠳᠦᠪᠲᠦ ᠲᠠᠶᠢᠯᠤᠮᠵᠢ ᠵᠡᠷᠭᠡ ᠬᠥᠳᠡᠯᠭᠡᠭᠡᠨ ᠢ 20 ᠭᠠᠷᠤᠢ ᠤᠳᠠᠭ᠎ᠠ ᠥᠷᠨᠢᠭᠦᠯᠵᠦ᠂ ᠤᠷᠠᠨ ᠰᠠᠶᠢᠬᠠᠨ ᠤ ᠲᠣᠭᠯᠠᠯᠲᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠥᠵᠡᠬᠦ᠂ ᠤᠷᠠᠨ ᠪᠢᠴᠢᠯᠭᠡ ᠤᠷᠠᠨ ᠵᠢᠷᠤᠭ ᠤᠨ ᠰᠣᠯᠢᠯᠴᠠᠭ᠎ᠠ ᠵᠡᠷᠭᠡ ᠬᠥᠳᠡᠯᠭᠡᠭᠡᠨ ᠢ 40 ᠭᠠᠷᠤᠢ ᠲᠠᠯᠠᠪᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠲᠣᠮᠣ ᠰᠣᠨᠢᠨ ᠂ ᠤᠬᠠᠭᠤᠯᠭ᠎ᠠ ᠶᠢᠨ ᠡᠪᠬᠡᠮᠡᠯ ᠬᠠᠭᠤᠳᠠᠰᠤ ᠵᠡᠷᠭᠡ ᠶᠢ 1600 ᠭᠠᠷᠤᠢ ᠬᠤᠪᠢ ᠲᠠᠷᠬᠠᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠪᠠᠲᠤ ᠦᠨᠳᠦᠰᠦᠯᠡᠭᠦᠯᠪᠡ ᠃    ᠳᠠᠷᠠᠭᠠᠴᠢ ᠶᠢᠨ ᠠᠯᠬᠤᠮ ᠳᠤ ᠂ ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ︽ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ︾ ᠭᠤᠣᠯ ᠬᠦᠭ ᠠᠶᠠᠰ ᠢ ᠴᠢᠩᠭ᠎ᠠ ᠡᠵᠡᠮᠳᠡᠵᠦ ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ ᠂ ᠬᠠᠯᠠᠭᠤᠨ ᠳᠤᠯᠠᠭᠠᠨ ᠦᠢᠯᠡᠴᠢᠯᠡᠭᠡ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠵᠦ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠳᠡ ᠦᠭᠡᠢ ᠪᠠᠲᠤᠳᠬᠠᠵᠤ ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠳᠡᠯᠭᠡᠷᠡᠭᠦᠯᠦᠨ᠎ᠡ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1