ᠼᠤᠤ ᡁᠢ ᠶᠦᠩ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠵᠢᠴᠢ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/3/28
    3 ᠰᠠᠷ᠎ᠠ ᠶᠢᠨ 25᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠠᠭᠤᠷᠬᠠᠢ ᠶᠢᠨ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ᠂ ᠫᠢᠩᠵᠤᠸᠠᠩ ᠨᠡᠭᠦᠷᠡᠰᠦᠨ ᠤ ᠦᠢᠯᠡᠰ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠶᠤᠸᠠᠨ ᠪᠦᠦ ᠱᠠᠨ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠬᠦᠷᠴᠦ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠪᠠᠶᠢᠴᠠᠭᠠᠨ ᠰᠤᠳᠤᠯᠬᠤ ᠶᠠᠪᠤᠴᠠ ᠳᠤ ᠂ ᠼᠤᠤ ᡁᠢ ᠶᠦᠩ ᠡᠯ᠎ᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠦᠲᠦᠴᠡ ᠪᠠᠶᠢᠷᠢᠰᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠂ ᠬᠢᠴᠢᠶᠡᠯ ᠤᠨ ᠭᠡᠷ ᠂ ᠨᠣᠮ ᠤᠨ ᠰᠠᠩ ᠂ ᠪᠡᠶ᠎ᠡ ᠶᠢᠨ ᠲᠠᠮᠢᠷ ᠤᠨ ᠣᠷᠳᠣᠨ ᠂ ᠬᠤᠭᠤᠯᠠᠨ ᠭᠡᠷ ᠵᠡᠷᠭᠡ ᠲᠠᠯᠠᠪᠤᠷ ᠲᠤ ᠭᠦᠨᠵᠡᠭᠡᠶᠢᠷᠡᠵᠦ ᠂ ᠡᠯ᠎ᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠭᠤᠯᠤᠯᠲᠠ ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ ᠃    ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠠᠭᠤᠷᠬᠠᠢ ᠶᠢᠨ ᠲᠣᠭᠤᠷᠢᠭ ᠤᠨ ᠬᠤᠶᠠᠳᠤᠭᠠᠷ ᠪᠠᠭ᠎ᠠ ᠰᠤᠷᠭᠠᠭᠤᠯᠢ ᠳᠤ ᠂ ᠼᠤᠤ ᡁᠢ ᠶᠦᠩ ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠰᠤᠷᠭᠠᠭᠤᠯᠢ ᠶᠢᠨ ᠬᠢᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠨᠠᠰᠤᠨ ᠳᠤ ᠦᠯᠤ ᠬᠥᠷᠦᠭᠰᠡᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠣᠶᠢᠵᠢᠬᠤ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ᠪᠠᠭᠰᠢ ᠶᠢᠨ ᠡᠩᠨᠡᠭᠡᠨ ᠤ ᠲᠤᠰᠬᠠᠶᠢᠵᠢᠭᠰᠠᠨ ᠬᠢᠷᠢ ᠲᠦᠪᠰᠢᠨ ᠢ ᠪᠠᠶᠢᠭᠤᠯᠤᠨ ᠴᠢᠩᠭᠠᠳᠬᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠲᠣᠪᠤᠶᠢᠯᠭᠠᠨ᠂ ᠬᠢᠴᠢᠶᠡᠯ ᠤᠨ ᠠᠭᠤᠯᠭ᠎ᠠ ᠶᠢ ᠪᠠᠶᠠᠯᠢᠭᠵᠢᠭᠤᠯᠵᠤ᠂ ᠬᠥᠮᠥᠨ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠬᠠᠶᠢᠯᠠᠭᠰᠠᠨ ᠠᠵᠢᠯ ᠢ ᠴᠢᠩᠭ᠎ᠠ ᠠᠳᠬᠤᠬᠤ ᠶᠢᠨ ᠬᠠᠮᠲᠤ ᠂ ᠰᠤᠷᠤᠭᠴᠢᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠫᠢᠩᠵᠤᠸᠠᠩ ᠨᠡᠭᠦᠷᠡᠰᠦᠨ ᠤ ᠦᠢᠯᠡᠰ ᠤᠨ ᠳᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠳᠤ ᠂ ᠼᠤᠤ ᡁᠢ ᠶᠦᠩ ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠰᠤᠷᠭᠠᠭᠤᠯᠢ ᠶᠢᠨ ᠬᠢᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠰᠡᠳᠬᠢᠴᠡ ᠶᠢᠨ ᠠᠰᠠᠭᠤᠳᠠᠯ ᠢ ᠤᠷᠢᠳᠴᠢᠯᠠᠨ ᠰᠡᠷᠭᠡᠶᠢᠯᠡᠬᠦ ᠪᠠ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠵᠦ ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠃ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ ᠂ ᠢᠳᠡᠭᠡᠨ ᠤ ᠮᠠᠲ᠋ᠧᠷᠢᠶᠠᠯ ᠤᠨ ᠶᠠᠰᠤ ᠴᠢᠨᠠᠷ᠂ ᠢᠳᠡᠭᠡᠨ ᠡᠳ᠋ᠰᠢᠭᠦᠯᠬᠦ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ ᠵᠡᠷᠭᠡ ᠵᠠᠩᠭᠢᠯᠠᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠶᠤᠸᠠᠨ ᠪᠦᠦ ᠱᠠᠨ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠂ ᠼᠤᠤ ᡁᠢ ᠶᠦᠩ ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠰᠤᠷᠭᠠᠭᠤᠯᠢ ᠶᠢᠨ ᠬᠢᠨ ᠵᠠᠯᠠᠭᠤᠴᠤᠳ ᠪᠠᠭᠠᠴᠤᠳ ᠤᠨ ᠬᠠᠥᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ ᠂ ᠰᠤᠷᠤᠭᠴᠢᠳ ᠤᠨ ᠬᠠᠥᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠷᠡᠰ ᠬᠤᠷᠢᠭᠯᠠᠵᠤ ᠂ ᠰᠤᠷᠭᠠᠭᠤᠯᠢ ᠶᠢᠨ ᠬᠦᠷᠢᠶᠡᠨ ᠤ ᠬᠠᠥᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ ᠯᠤᠭ᠎ᠠ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠡᠷ ᠪᠦᠯᠢ᠂ ᠰᠤᠷᠭᠠᠭᠤᠯᠢ᠂ ᠵᠠᠰᠠᠭ ᠤᠨ ᠣᠷᠳᠣᠨ᠂ ᠨᠡᠶᠢᠭᠡᠮ᠂ ᠬᠠᠤᠯᠢ ᠴᠠᠭᠠᠵᠠ ᠶᠢ ᠬᠤᠯᠪᠣᠯᠳᠤᠭᠤᠯᠤᠨ ᠪᠢᠲᠡᠭᠦᠮᠵᠢᠯᠡᠭᠰᠡᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠵᠤ᠂ ᠣᠨᠴᠠᠭᠠᠶ ᠪᠠᠭᠤᠷᠠᠢ ᠡᠲᠡᠭᠡᠳ᠂ ᠬᠦᠴᠢᠷᠳᠡᠯᠲᠡᠢ ᠰᠤᠷᠤᠭᠴᠢᠳ ᠢ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠎ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1