ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/3/28
    3 ᠰᠠᠷ᠎ᠠ ᠶᠢᠨ 26᠎ ᠤ ᠡᠳᠦᠷ ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠰᠢᠶᠠᠩ ᠼᠦᠨ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠠᠮᠢ ᠠᠬᠤᠢ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠪᠠ ᠃ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠮᠧᠩ ᠴᠢᠩ ᠾᠥᠢ᠂ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶᠠᠨ ᠤ ᠳᠠᠷᠤᠭ᠎ᠠ ᠯᠢ ᠶᠢᠩ ᠨᠠᠨ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠪᠥᠸᠧ ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠸᠧᠨ ᠵᠢᠶᠦ᠋ᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃
1_副本.jpg
2_副本.jpg
       ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠤᠯᠠᠭᠠᠨᠬᠠᠳᠠ ᠶᠢᠨ ᠶᠦᠨ ᠲᠦᠩ ᠥᠩᠭᠡᠲᠦ ᠲᠡᠮᠦᠷᠯᠢᠭ ᠤᠨ ᠬᠢᠵᠠᠭᠠᠷᠲᠤ ᠺᠣᠮᠫᠠᠨᠢ ᠂ ᠰᠢᠶᠣᠣ ᠨᠠᠨ ᠬᠤᠸᠠᠩ ᠭᠠᠵᠠᠷ ᠤᠨ ᠭᠠᠳᠠᠷᠭᠤ ᠶᠢᠨ ᠤᠰᠤ ᠶᠢ ᠤᠯᠤᠰ ᠠᠴᠠ ᠡᠵᠡᠮᠳᠡᠬᠦ ᠣᠭᠲᠣᠯᠣᠭᠠᠰᠤ ᠪᠣᠯᠣᠨ ᠶᠤᠸᠠᠨ ᠪᠦᠦ ᠱᠠᠨ ᠤ ᠵᠠᠳᠠᠭᠠᠢ ᠠᠭᠤᠷᠬᠠᠢ ᠳᠤ ᠬᠦᠷᠴᠦ ᠂ ᠤᠯᠤᠰ ᠤᠨ ᠲᠡᠰ ᠤᠨ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠤᠭᠰᠠᠨ ᠂ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠡᠨᠴᠢ ᠢᠲᠡᠭᠡᠮᠵᠢ ᠶᠢᠨ ᠠᠵᠢᠯ ᠂ ᠰᠢᠶᠣᠣ ᠨᠠᠨ ᠬᠤᠸᠠᠩ ᠣᠭᠲᠣᠯᠣᠭᠠᠰᠤ ᠶᠢᠨ ᠳᠡᠭᠡᠳᠦ ᠤᠷᠤᠰᠬᠠᠯ ᠤᠨ ᠢᠨᠵᠠᠭ᠎ᠠ ᠶᠢᠨ ᠭᠤᠣᠯ ᠤᠨ ᠰᠠᠪᠠ ᠭᠠᠵᠠᠷ ᠤᠨ ᠵᠠᠰᠠᠯᠲᠠ ᠵᠢᠴᠢ ᠶᠤᠸᠠᠨ ᠪᠦᠦ ᠱᠠᠨ ᠲᠣᠭᠤᠷᠢᠭ ᠤᠨ ᠵᠠᠳᠠᠭᠠᠢ ᠠᠭᠤᠷᠬᠠᠢ ᠶᠢᠨ ᠠᠮᠢ ᠠᠬᠤᠢ ᠶᠢᠨ ᠵᠠᠰᠠᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ ᠃    ᠰᠢᠨᠵᠢᠯᠡᠨ ᠪᠠᠶᠢᠴᠠᠭᠠᠬᠤ ᠳᠤᠭᠤᠶᠢᠯᠠᠩ ᠎ ᠠᠴᠠ᠂ ᠣᠶᠢᠷ᠎ᠠ ᠶᠢᠨ ᠵᠢᠯ ᠳᠤ᠂ ᠶᠤᠸᠠᠨ ᠪᠦᠦ ᠱᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠭᠦᠨᠵᠡᠭᠡᠢ ᠠᠬᠢᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠭᠡᠵᠦ ᠢᠯᠡᠷᠬᠡᠶᠢᠯᠡᠪᠡ᠃ ᠰᠢᠨᠵᠢᠯᠡᠨ ᠪᠠᠶᠢᠴᠠᠭᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠨᠢ ᠠᠯᠤᠰ ᠬᠡᠳᠤ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ ᠂ ᠠᠵᠤ ᠠᠬᠤᠶᠢᠯᠠᠯ ᠤᠳ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠪᠣᠬᠢᠷᠲᠤᠯ ᠦᠭᠡᠢ ᠦᠢᠯᠡᠳᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠬᠤᠯᠪᠣᠭᠳᠠᠯ ᠪᠦᠬᠦᠢ ᠬᠦᠷᠢᠶᠡᠨ ᠤ ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠮᠲᠤᠷᠠᠯᠴᠠᠨ ᠬᠠᠮᠵᠢᠯᠴᠠᠬᠤ ᠪᠠᠨ ᠴᠢᠩᠭᠠᠳᠬᠠᠵᠤ ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠶᠢ ᠴᠢᠩᠭᠠᠳᠬᠠᠵᠤ ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠰᠢᠰᠲ᠋ᠧᠮ ᠲᠠᠢ ᠠᠬᠢᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ ᠂ ᠴᠢᠨᠠᠷ ᠰᠠᠶᠢᠲᠠᠢ ᠂ ᠥᠨᠳᠥᠷ ᠪᠠᠷᠢᠮᠵᠢᠶ᠎ᠠ ᠲᠠᠢ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠦ ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1