ᠶᠤᠸᠠᠨ ᠪᠦᠦ ᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/30
   
1_副本.jpg
       3 ᠰᠠᠷ᠎ᠠ ᠶᠢᠨ 27᠎ ᠤ ᠡᠳᠦᠷ ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭᠠᠨ ᠤ ︵ ᠥᠷᠭᠡᠳᠬᠡᠭᠰᠡᠨ ︶ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠠᠩ ᡁᠢ ᠸᠧᠢ ᠬᠤᠷᠠᠯ ᠳᠤ ᠰᠠᠭᠠᠲᠠᠨ ᠶᠠᠷᠢᠶ᠎ᠠ ᠲᠠᠯᠪᠢᠵᠤ ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠢᠶᠣᠣ ᠴᠢᠩ ᠳ᠋ᠦᠩ ᠬᠤᠷᠠᠯ ᠢ ᠡᠷᠬᠢᠯᠡᠪᠡ ᠃ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠸᠠᠩ ᠶᠠᠨ ᠪᠥᠸᠧ ᠂ ᠭᠠᠷᠤᠳᠢ᠂ ᠯᠢ ᠽᠥᠩ ᠮᠧᠩ᠂ ᠶᠢᠨ ᠮᠢᠩ ᠂ ᠫᠧᠩ ᠰᠢᠶᠣᠣ ᠵᠢᠤᠸᠠᠨ ᠂ ᠶᠠᠩ ᠰᠢᠨ ᠢᠦᠢ ᠂ ᠯᠢ ᠰᠢᠶᠣᠣ ᠶᠠᠩ ᠬᠤᠷᠠᠯ ᠳᠤ ᠰᠠᠭᠠᠲᠠᠵᠤ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠢ᠂ ᠡᠯ᠎ᠡ ᠪᠠᠯᠭᠠᠰᠤ ᠰᠢᠶᠠᠩ ᠵᠡᠭᠡᠯᠢ ᠪᠣᠯᠣᠨ ᠬᠡᠰᠡᠭ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠪᠣᠯᠣᠨ ᠶᠡᠷᠦᠩᠬᠡᠢ ᠰᠠᠶᠢᠳ ᠯᠢ ᠴᠢᠶᠠᠩ ᠤᠨ ᠰᠢᠷᠢᠰ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ ᠶᠤᠸᠠᠨ ᠪᠦᠦ ᠱᠠᠨ ᠲᠣᠭᠤᠷᠢᠭ ᠤᠨ ︿ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ﹀ ᠲᠣᠭᠲᠠᠭᠠᠯ ᠤᠳ ︾᠎ ᠢ ᠲᠠᠶᠢᠯᠪᠤᠷᠢᠯᠠᠵᠤ ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ︵ 2024 ︱ 2026 ᠣᠨ ︶ ᠵᠢᠴᠢ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠪᠡ ︔ ︽ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠮᠥᠷᠥᠨ ᠳᠡᠭᠡᠷ᠎ᠡ ᠪᠣᠢ︾ ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ ᠃    ᠬᠤᠷᠠᠯ ᠠᠴᠠ ᠂ ᠡᠯ᠎ᠡ ᠪᠠᠯᠭᠠᠰᠤ ᠰᠢᠶᠠᠩ ᠵᠡᠭᠡᠯᠢ ᠂ ᠡᠯ᠎ᠡ ᠰᠠᠯᠠᠭ᠎ᠠ ᠮᠥᠴᠢᠷ ᠤᠨ ᠬᠢᠨ ᠭᠤᠷᠪᠠᠨ ᠵᠢᠯ ᠤᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠎ ᠢ ᠭᠦᠢᠴᠡᠳ ᠲᠠᠨᠢᠵᠤ ᠂ ︽ ᠴᠠᠭ ᠢᠮᠠᠭᠲᠠ ᠰᠠᠨᠠᠭ᠎ᠠ ᠠᠮᠤᠷ ᠦᠭᠡᠢ ︾ ᠂ ︽ ᠤᠨᠲᠠᠬᠤ ᠨᠤᠶᠢᠷ ᠥᠭᠡᠢ︾ ᠬᠠᠷᠢᠭᠤᠴᠠᠯᠭᠠᠲᠤ ᠰᠡᠳᠬᠢᠯᠭᠡ ᠪᠠᠷ ᠬᠥᠭᠵᠢᠯᠲᠡ ᠪᠣᠯᠣᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ ᠂ ᠡᠯ᠎ᠡ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠷᠭ᠎ᠠ ᠬᠡᠮᠵᠢᠶᠡᠨ ᠤ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠃ ᠭᠤᠷᠪᠠᠨ ᠵᠢᠯ ᠤᠨ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠤᠨᠢᠨ ᠳᠡᠭᠡᠷ᠎ᠡ ᠎ ᠨᠢ ᠡᠵᠡᠮᠳᠡᠵᠦ ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠪᠠᠶᠢᠷᠢᠯᠠᠭᠤᠯᠵᠤ ᠂ ᠪᠡᠶ᠎ᠡ ᠪᠠᠷ ᠢᠶᠠᠨ ᠱᠠᠯᠠᠪᠳᠠᠭᠤᠯᠤᠨ ᠭᠦᠢᠴᠡᠳᠬᠡᠵᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠂ ᠲᠥᠰᠥᠯ ᠳᠠᠬᠢ 10 ᠶᠡᠭᠡ ᠠᠵᠢᠯᠯᠠᠭ᠎ᠠ ᠂ 26 ᠵᠦᠢᠯ ᠤᠨ ᠪᠣᠳᠠᠲᠠᠢ ᠡᠭᠦᠷᠭᠡ ᠶᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠰᠠᠶᠢᠲᠤᠷ ᠪᠡᠶᠡᠯᠡᠭᠦᠯᠬᠦ ᠬᠡᠷᠡᠭᠲᠡᠢ ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ᠂ ᠠᠵᠢᠯᠲᠠᠨ ᠤ ᠠᠮᠤᠷ ᠲᠦᠪᠰᠢᠨ ᠤ ᠪᠣᠯᠪᠠᠰᠤᠷᠠᠭᠤᠯᠤᠯ᠂ ᠠᠮᠤᠷ ᠲᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠥᠬᠦ ᠣᠷᠣᠨ ᠪᠦᠰᠡ᠂ ᠡᠯ᠎ᠡ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠎ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠲᠠᠲᠠᠶᠢᠵᠢᠭᠤᠯᠵᠤ ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠤᠨ ᠂ ᠪᠥᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠭᠡᠮ ᠰᠤᠭᠤᠭ ᠲᠤ ︽ᠶᠡᠭᠡ ᠪᠠᠷ ᠡᠬᠢᠯᠡᠨ᠂ ᠶᠡᠭᠡ ᠪᠠᠷ ᠴᠡᠭᠴᠡᠯᠡᠨ ᠵᠠᠰᠠᠬᠤ︾ ᠠᠵᠢᠯ ᠢ ᠥᠷᠨᠢᠭᠦᠯᠬᠦ ᠬᠡᠷᠡᠭᠲᠡᠢ᠃ ᠲᠤᠰᠬᠠᠢ ᠮᠡᠷᠭᠡᠵᠢᠯᠲᠡᠨ ᠤ ᠬᠦᠴᠦᠨ᠂ ᠰᠠᠯᠠᠭ᠎ᠠ ᠮᠥᠴᠢᠷ ᠤᠨ ᠬᠦᠴᠦᠨ ᠪᠠ ᠠᠵᠤ ᠠᠬᠤᠶᠢᠯᠠᠯ ᠤᠨ ᠬᠦᠴᠦᠨ ᠢ ᠦᠨᠡᠨᠬᠦ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠨᠡᠨ ᠬᠦ ᠲᠤᠭ᠎ᠠ ᠲᠣᠳᠤᠷᠬᠠᠢ᠂ ᠪᠠᠶᠢᠳᠠᠯ ᠲᠣᠳᠤᠷᠬᠠᠢ ᠪᠠᠶᠢᠬᠤ ᠶᠢ ᠪᠡᠶᠡᠯᠡᠭᠦᠯᠵᠦ ᠂ ᠵᠢᠭᠰᠠᠭᠠᠨ ᠪᠠᠶᠢᠴᠠᠭᠠᠬᠤ ᠠᠰᠠᠭᠤᠳᠠᠯ ᠳᠤ ᠡᠬᠡ ᠲᠠᠩᠰᠠ ᠪᠠᠶᠢᠭᠤᠯᠤᠨ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠵᠤᠷᠪᠤᠰ ᠳᠠᠷᠠᠭᠠᠯᠠᠨ ᠬᠦᠴᠦᠨ ᠦᠭᠡᠢ ᠪᠣᠯᠭᠠᠵᠤ᠂ ᠬᠢᠨᠠᠨ ᠰᠢᠯᠭᠠᠵᠤ ᠬᠢᠨᠠᠨ ᠵᠢᠯᠤᠭᠤᠳᠬᠤ ᠪᠠᠨ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠩᠭᠤᠵᠢᠭᠰᠠᠨ᠂ ᠤᠷᠲᠤᠮᠵᠢ ᠶᠢᠨ ᠥᠷ᠎ᠡ ᠠᠰᠢᠭ ᠲᠠᠢ᠂ ᠣᠷᠳᠣ ᠬᠤᠭᠤᠴᠠᠭ᠎ᠠ ᠪᠠᠷ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ  ᠱᠠᠭᠠᠷᠳᠠᠵᠠᠢ᠃    ᠬᠤᠷᠠᠯ ᠠᠴᠠ ᠪᠠᠰᠠ ᠠᠭᠤᠷᠬᠠᠢ ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠂ ᠵᠠᠮ ᠬᠠᠷᠢᠯᠴᠠᠭ᠎ᠠ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠂ ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠰᠲ᠋ᠧᠮ ᠲᠠᠢ ᠲᠣᠬᠢᠷᠠᠭᠤᠯᠤᠨ ᠪᠠᠶᠢᠷᠢᠯᠠᠭᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1