ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/30
   
1_副本.jpg
       3 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠠᠢ ᠬᠠᠢ ᠤᠷᠢᠯᠭ᠎ᠠ ᠪᠠᠷ ᠬᠤᠷᠠᠯ ᠳᠤ ᠰᠠᠭᠠᠲᠠᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ᠂ ᠸᠠᠩ ᠶᠠᠨ ᠪᠥᠸᠧ᠂ ᠭᠠᠷᠤᠳᠢ᠂ ᠯᠢ ᠽᠥᠩ ᠮᠧᠩ᠂ ᠎ ᠶᠢᠨ ᠮᠢᠩ᠂ ᠫᠧᠩ ᠰᠢᠶᠣᠣ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠠᠭᠠᠲᠠᠵᠤ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠵᠤ ᠂ ᠬᠠᠮᠲᠤ ᠶᠢᠨ ᠠᠷᠢᠭᠤᠨ ᠴᠢᠭᠡᠴᠢ ᠪᠠᠷ ᠵᠠᠰᠠᠭ ᠪᠠᠷᠢᠬᠤ ᠶᠠᠷᠢᠯᠴᠠᠭ᠎ᠠ ᠥᠷᠨᠢᠭᠦᠯᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠎ ᠶᠢ ᠭᠦᠨᠵᠡᠭᠡᠢ ᠲᠤᠭᠤᠰᠢᠯᠠᠭᠤᠯᠵᠤ᠂ ᠴᠢᠩᠭ᠎ᠠ ᠬᠦᠭ ᠠᠶᠠᠰ ᠢ ᠯᠠᠪᠳᠠᠭᠤᠨ ᠡᠵᠡᠮᠳᠡᠵᠦ ᠂ ᠴᠢᠩᠭ᠎ᠠ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠵᠤ᠂ ᠴᠢᠩᠭ᠎ᠠ ᠠᠭᠤᠷ ᠠᠮᠢᠰᠬᠤᠯ ᠢ ᠰᠠᠶᠢᠲᠤᠷ ᠡᠵᠡᠮᠳᠡᠵᠦ ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠶᠤᠸᠠᠨ ᠪᠣᠥ ᠱᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠎ ᠤᠨ ︽ ᠳᠥᠷᠪᠡᠨ ᠨᠠᠶᠢᠳᠠᠪᠤᠷᠢᠵᠢᠭᠤᠯᠬᠤ ᠶᠢ ᠠᠳᠬᠤᠬᠤ ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ ᠂ ᠠᠵᠤ ᠠᠬᠤᠢ ᠶᠢᠨ ᠠᠵᠢᠯᠯᠠᠭ᠎ᠠ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠂ ᠲᠦᠷᠦᠭᠦᠦ ᠤᠯᠠᠷᠢᠯ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠤᠯᠠᠨ ᠨᠡᠶᠢᠲᠡ ᠶᠢᠨ ᠡᠷᠬᠡ ᠂ ᠤᠯᠠᠨ ᠨᠡᠶᠢᠲᠡ ᠶᠢᠨ ᠪᠡᠯᠡ ᠮᠥᠩᠭᠦ ᠂ ᠤᠯᠠᠨ ᠨᠡᠶᠢᠲᠡ ᠶᠢᠨ ᠡᠬᠢ ᠪᠠᠶᠠᠯᠢᠭ ᠪᠠ ᠤᠯᠠᠨ ᠨᠡᠶᠢᠲᠡ ᠶᠢᠨ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ ᠂ ᠠᠵᠢᠯ ᠨᠢᠭᠡᠪᠦᠷᠢ ᠶᠢ ᠴᠥᠮ ᠡᠷᠬᠡ ᠲᠡᠭᠰᠢ ᠂ ᠲᠥᠪ ᠭᠤᠣᠯᠴᠢ ᠂ ᠢᠯᠡ ᠪᠠᠷ ᠶᠠᠪᠤᠭᠳᠠᠭᠤᠯᠬᠤ ᠬᠡᠷᠡᠭᠲᠡᠢ ᠃ ᠦᠨᠡᠨᠴᠢ ᠢᠲᠡᠭᠡᠮᠵᠢ ᠶᠢᠨ ᠢᠨᠵᠧᠨᠧᠷᠢᠩ ᠢ ᠴᠢᠨᠠᠷ ᠰᠠᠶᠢᠲᠠᠢ ᠢᠨᠵᠧᠨᠧᠷᠢᠩ ᠪᠣᠯᠭᠠᠨ ᠪᠠᠶᠢᠭᠤᠯᠵᠤ ᠂ ᠦᠨᠡᠨᠴᠢ ᠢᠲᠡᠭᠡᠮᠵᠢ ᠲᠠᠢ ᠪᠠᠶᠢᠬᠤ ᠶᠢ ᠴᠢᠬᠤᠯᠠᠴᠢᠯᠠᠵᠤ ᠢᠲᠡᠭᠡᠯ ᠬᠦᠨᠳᠦ ᠲᠠᠢ ᠪᠠᠶᠢᠬᠤ ᠶᠢ ᠶᠤᠸᠠᠨ ᠪᠦᠦ ᠱᠠᠨ ᠲᠣᠭᠤᠷᠢᠭ ᠤᠨ ᠬᠠᠮᠤᠭ ᠤᠨ ᠨᠥᠯᠥᠭᠡ ᠲᠠᠢ ᠤᠷᠳᠤ ᠬᠤᠭᠤᠴᠠᠭᠠᠨ ᠤ ᠥᠷᠢᠰᠦᠯᠳᠦᠬᠦ ᠬᠦᠴᠦᠨ ᠪᠣᠯᠭᠠᠬᠤ ᠬᠡᠷᠡᠭᠲᠡᠢ ᠃ ᠰᠢᠷᠭᠠᠭᠤ ᠬᠠᠲᠠᠭᠤᠵᠢᠯᠲᠠᠢ ᠬᠠᠷᠢᠭᠤᠴᠠᠯᠭ᠎ᠠ ᠡᠭᠦᠷᠭᠡᠯᠡᠬᠦ ᠪᠠᠷ ᠪᠣᠳᠠᠲᠠᠢ ᠠᠵᠢᠯᠯᠠᠬᠤ ᠶᠢᠨ ᠤᠳᠤᠷᠢᠳᠤᠮᠵᠢ ᠪᠣᠯᠭᠠᠵᠤ ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠂ ᠲᠡᠷᠢᠭᠦᠨ ᠪᠠᠶᠢᠷᠢᠨ ᠳᠤ ᠲᠠᠪᠰᠢᠨ ᠣᠷᠣᠬᠤ ᠪᠠᠷ ᠲᠡᠮᠡᠴᠡᠬᠦ ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠭᠤᠣᠯ ᠬᠦᠭ ᠠᠶᠠᠰ ᠪᠣᠯᠭᠠᠬᠤ ᠬᠡᠷᠡᠭᠲᠡᠢ ᠃ ᠠᠷᠠᠳ ᠤᠯᠠᠨ ᠤ ᠪᠠᠴᠢᠮ ᠂ ᠬᠦᠴᠢᠷ ᠵᠣᠪᠠᠭᠤᠷᠢ ᠎ ᠲᠠᠢ᠂ ᠬᠥᠰᠡᠯ ᠲᠠᠯᠪᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠪᠠᠶᠢᠴᠠᠭᠠᠨ ᠰᠤᠳᠤᠯᠤᠯᠲᠠ ᠵᠢᠴᠢ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠭᠦᠨᠵᠡᠭᠡᠢ ᠪᠣᠳᠠᠲᠠᠢ ᠬᠢᠵᠦ ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠪᠠᠷ ᠡᠯ᠎ᠡ ᠵᠦᠢᠯ ᠤᠨ ᠠᠵᠢᠯ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ     ᠬᠤᠷᠠᠯ ᠠᠴᠠ ᠂ ᠡᠯ᠎ᠡ ᠪᠠᠯᠭᠠᠰᠤ ᠰᠢᠶᠠᠩ ᠵᠡᠭᠡᠯᠢ ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ ᠂ ᠠᠷᠢᠭᠤᠨ ᠴᠢᠬᠡᠴᠢ ᠪᠠᠶᠢᠬᠤ ᠰᠡᠳᠬᠢᠯᠭᠡ ᠪᠠᠨ ᠬᠠᠳᠠᠭᠠᠯᠠᠵᠤ ᠂ ᠵᠠᠰᠠᠭ ᠤᠨ ᠣᠷᠳᠣᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ᠤᠯᠤᠰ ᠲᠦᠷᠦ ᠶᠢ ᠡᠷᠬᠢᠮᠯᠡᠬᠦ ᠶᠢ ᠠᠷᠢᠭᠤᠨ ᠴᠢᠬᠡᠴᠢ ᠪᠠᠷ ᠵᠠᠰᠠᠭ ᠪᠠᠷᠢᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠲᠣᠬᠢᠷᠠᠭᠤᠯᠵᠤ ᠂ ᠬᠠᠮᠲᠤ ᠳᠤᠨᠢ ᠪᠠᠶᠢᠷᠢᠯᠠᠭᠤᠯᠵᠤ ᠂ ᠬᠠᠮᠲᠤ ᠳᠤᠨᠢ ᠨᠠᠶᠢᠳᠠᠪᠤᠷᠢᠵᠢᠭᠤᠯᠬᠤ ᠬᠡᠷᠡᠭᠲᠡᠢ ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠦᠨᠡᠨ ᠬᠦ ᠪᠡᠶᠡᠯᠡᠭᠦᠯᠵᠦ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1