ᠵᠠᠩ ᡁᠢ ᠸᠧᠢ ᠲᠣᠭᠤᠷᠢᠭ ᠤᠨ ᠳ᠋ᠦᠩ ᠴᠧᠩ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠶᠢᠰᠦᠳᠦᠭᠡᠷ ᠬᠡᠦᠬᠡᠳ ᠤᠨ ᠴᠡᠴᠡᠷᠯᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/30
   
1_副本.jpg
       3 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠳ᠋ᠦᠩ ᠴᠧᠩ  ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠶᠢᠰᠦᠳᠦᠭᠡᠷ ᠬᠡᠦᠬᠡᠳ ᠤᠨ ᠴᠡᠴᠡᠷᠯᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠰᠢᠨ ᠢᠦᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠡᠯ᠎ᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠵᠠᠩ ᡁᠢ ᠸᠧᠢ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠭᠦᠨᠵᠡᠭᠡᠶᠢᠷᠡᠵᠦ ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠂ ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠠᠵᠢᠯᠯᠠᠨ ᠰᠢᠢᠳᠪᠦᠷᠢᠯᠡᠪᠡ ᠃ ᠲᠡᠷᠡ ᠴᠢᠬᠤᠯᠠᠴᠢᠯᠠᠭᠰᠠᠨ ᠎ ᠨᠢ᠂ ᠳ᠋ᠦᠩᠴᠧᠩ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ ᠶᠢᠰᠦᠳᠦᠭᠡᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠪᠣᠯ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠮᠥᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠵᠦ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠯᠭᠠᠰᠤ ᠵᠡᠭᠡᠯᠢ ᠨᠢ ᠵᠣᠯᠭᠠᠭᠤᠯᠬᠤ ᠪᠠᠨ ᠴᠢᠩᠭᠠᠳᠬᠠᠵᠤ᠂  ᠬᠠᠮᠲᠤᠷᠠᠯᠴᠠᠨ ᠬᠠᠮᠵᠢᠯᠴᠠᠵᠤ᠂ ᠭᠠᠵᠠᠷ ᠳᠡᠭᠡᠷᠡᠬᠢ ᠳᠠᠭᠠᠯᠲᠠ ᠪᠣᠳᠠᠰ ᠢ ᠴᠡᠪᠡᠷᠯᠡᠨ ᠠᠷᠢᠯᠭᠠᠬᠤ᠂ ᠤᠰᠤ ᠴᠠᠬᠢᠯᠭᠠᠨ ᠳᠤᠯᠠᠭᠠᠯᠠᠭ᠎ᠠ ᠶᠢᠨ ᠬᠤᠭᠤᠯᠠᠢ ᠶᠢᠨ ᠵᠠᠮ ᠱᠤᠭᠤᠮ ᠢ ᠳᠡᠪᠢᠰᠬᠦ ᠵᠡᠷᠭᠡ ᠠᠰᠠᠭᠤᠳᠠᠯ ᠢ ᠱᠠᠯᠠᠪᠳᠠᠨ ᠰᠢᠢᠳᠪᠦᠷᠢᠯᠡᠵᠦ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠳᠤ ᠴᠢᠬᠤᠯᠠ ᠪᠦᠬᠦᠢ ᠪᠠᠲᠤᠯᠠᠭ᠎ᠠ ᠬᠠᠩᠭᠠᠵᠤ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠠᠷᠠᠳ ᠣᠯᠠᠨ ᠤ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠠᠯ᠎ᠠ ᠪᠠᠷ ᠬᠢ ᠰᠢᠨ᠎ᠡ ᠬᠦᠰᠡᠯ ᠡᠷᠡᠮᠡᠯᠵᠡᠯ ᠢ ᠦᠨᠡᠨᠬᠦ ᠬᠠᠩᠭᠠᠬᠤ ᠬᠡᠷᠡᠭᠲᠡᠢ ᠭᠡᠵᠡᠢ  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1