ᠶᠤᠸᠠᠨ ᠪᠦᠦ ᠱᠠᠨ ᠲᠣᠭᠤᠷᠢᠭ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/3/30
   
1_副本.jpg
       ᠪᠥᠬᠦ ᠲᠣᠭᠤᠷᠢᠭ ᠤᠨ ᠺᠠᠳ᠋ᠷᠴᠤᠳ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠴᠢᠩᠭᠠᠷᠠᠭᠤᠯᠵᠤ᠂ ᠲᠤᠭ᠎ᠠ ᠪᠠᠷᠢᠮᠲᠠ ᠶᠢ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ 3 ᠰᠠᠷ᠎ᠠ ᠶᠢᠨ 27᠎ ᠤ ᠡᠳᠦᠷ᠂ ᠶᠤᠸᠠᠨ ᠪᠦᠦ ᠱᠠᠨ ᠲᠣᠭᠤᠷᠢᠭ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠥᠬᠦ ᠪᠦᠷᠢᠯᠳᠦᠭᠦᠨ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠲᠤᠭ᠎ᠠ ᠪᠦᠷᠢᠳᠬᠡᠯ ᠤᠨ ᠠᠵᠢᠯᠲᠠᠨ ᠨᠡᠶᠢᠲᠡ 100 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃    ᠲᠣᠰ ᠤᠳᠠᠭᠠᠨ ᠤ ᠪᠣᠯᠪᠠᠰᠤᠷᠠᠯ ᠳᠤ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠤᠨ ᠠᠩᠭᠢᠯᠠᠯ᠂ ᠲᠤᠭ᠎ᠠ ᠪᠦᠷᠢᠳᠬᠡᠯ ᠤᠨ ᠵᠠᠷᠴᠢᠮ᠂ ᠲᠤᠭ᠎ᠠ ᠪᠠᠷᠢᠮᠲᠠ ᠪᠣᠶ ᠪᠣᠯᠤᠭᠰᠠᠨ ᠶᠠᠪᠤᠴᠠ ᠵᠢᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠲᠣᠭᠲᠠᠭᠠᠬᠤ ᠵᠡᠷᠭᠡ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠲᠣᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠪᠡ᠃ ᠪᠣᠯᠪᠠᠰᠤᠷᠠᠯ ᠢᠶᠠᠷ ᠳᠡᠮᠵᠢᠨ ᠂ ᠰᠤᠷᠤᠯᠴᠠᠭᠴᠢᠳ ᠲᠤᠭ᠎ᠠ ᠪᠦᠷᠢᠳᠬᠡᠯ ᠤᠨ ᠠᠵᠢᠯ ᠤᠨ ᠲᠠᠯ᠎ᠠ ᠪᠠᠷ ᠨᠠᠩ ᠭᠦᠨᠵᠡᠭᠡᠢ ᠲᠠᠨᠢᠯᠲᠠ ᠲᠠᠢ ᠪᠣᠯᠵᠤ᠂ ᠠᠵᠤ ᠠᠬᠤᠢ ᠶᠢᠨ ᠠᠵᠢᠯᠯᠠᠭᠠᠨ ᠢ ᠰᠠᠶᠢᠲᠤᠷ ᠠᠳᠬᠤᠬᠤ ᠂ ᠬᠥᠭᠵᠢᠯᠲᠡ ᠶᠢ ᠠᠬᠢᠭᠤᠯᠬᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠰᠠᠭᠤᠷᠢ ᠶᠢ ᠬᠦᠴᠦᠲᠡᠢ ᠪᠠᠲᠤᠳᠬᠠᠪᠠ᠃    ᠬᠤᠷᠠᠯ ᠠᠴᠠ ᠱᠠᠭᠠᠷᠳᠠᠭᠰᠠᠨ ᠨᠢ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠠᠶᠢᠲᠤᠷ ᠰᠤᠷᠤᠯᠴᠠᠵᠤ ᠂ ᠠᠵᠤ ᠠᠬᠤᠢ ᠶᠢᠨ ᠠᠵᠢᠯᠯᠠᠭᠠᠨ ᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠭᠦᠨᠵᠡᠭᠡᠢ ᠰᠠᠶᠢᠲᠤᠷ ᠠᠳᠬᠤᠬᠤ ᠬᠡᠷᠡᠭᠲᠡᠢ ᠃ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠎ ᠨᠢ ᠠᠵᠤ ᠠᠬᠤᠢ ᠶᠢᠨ ᠠᠵᠢᠯᠯᠠᠭᠠᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠠᠪᠴᠠᠯᠲᠣ ᠴᠢᠨᠠᠷ ᠂ ᠴᠢᠭᠯᠡᠭᠦᠯᠦᠯᠲᠦ ᠴᠢᠨᠠᠷ ᠢᠶᠠᠷ ᠨᠠᠩ ᠴᠢᠩᠭ᠎ᠠ ᠪᠣᠯᠪᠠᠰᠤᠷᠠᠯ ᠪᠠ ᠵᠢᠯᠣᠭᠤᠳᠤᠯᠭ᠎ᠠ ᠶᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠭ᠎ᠠ ᠪᠦᠷᠢᠳᠬᠡᠯ ᠤᠨ ᠠᠵᠢᠯ ᠢ ᠪᠡᠶ᠎ᠡ ᠪᠠᠷ ᠢᠶᠠᠨ ᠪᠣᠳᠠᠲᠠᠢ ᠠᠳᠬᠤᠵᠤ᠂ ᠠᠵᠤ ᠠᠬᠤᠢ ᠶᠢᠨ ᠠᠵᠢᠯᠯᠠᠭᠠᠨ ᠤ ᠬᠢᠨᠠᠨ ᠰᠢᠨᠵᠢᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠪᠠᠲᠤᠯᠠᠭ᠎ᠠ ᠶᠢ ᠨᠠᠷᠢᠯᠢᠭᠵᠢᠭᠤᠯᠵᠤ᠂ ᠨᠢᠭᠡᠲᠥᠯᠲᠠᠢ  ᠪᠣᠯᠭᠠᠵᠤ ᠳᠡᠶᠢᠯᠬᠦ ᠪᠦᠬᠦᠨ ᠢ ᠨᠢᠭᠡᠳᠦᠯᠲᠡᠢ ᠪᠣᠯᠭᠠᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠬᠦᠴᠦ ᠪᠠᠨ ᠬᠠᠮᠲᠤᠳᠬᠠᠨ ᠪᠠᠬᠢᠵᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠰᠠᠭᠤᠷᠢ ᠶᠢ ᠪᠠᠲᠤᠳᠬᠠᠵᠤ᠂ ᠪᠦᠬᠦ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠪᠣᠯᠣᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1