ᠶᠤᠸᠠᠨ ᠪᠦᠦ ᠱᠠᠨ ᠲᠣᠭᠤᠷᠢᠭ 2024 ᠣᠨ ᠤ ︽ᠤᠷᠢᠬᠠᠨ ᠰᠠᠯᠬᠢ ᠠᠵᠢᠯᠯᠠᠭ᠎ᠠ︾᠎ ᠶᠢᠨ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/3/30
    3 ᠰᠠᠷ᠎ᠠ ᠶᠢᠨ 27᠎ ᠤ ᠡᠳᠦᠷ᠂ ᠶᠤᠸᠠᠨ ᠪᠦᠦ ᠱᠠᠨ ᠲᠣᠭᠤᠷᠢᠭ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ 2024 ᠣᠨ ᠤ ︽ ᠤᠷᠢᠬᠠᠨ ᠰᠠᠯᠬᠢ ᠠᠵᠢᠯᠯᠠᠭ᠎ᠠ︾᠎ ᠶᠢᠨ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ᠃
1_副本.jpg
       ᠠᠵᠢᠯᠲᠠᠨ ᠡᠯᠰᠡᠬᠦ ᠴᠤᠭᠯᠠᠭᠠᠨ ᠳᠤ ︽ ᠰᠦᠯᠵᠢᠶᠡᠨ ᠳᠡᠭᠡᠷ᠎ᠡ ᠰᠢᠭᠤᠳ ᠨᠠᠪᠲᠠᠷᠡᠭᠦᠯᠵᠦ ᠠᠵᠢᠯ ᠤᠨ ᠪᠠᠶᠢᠷᠢ ᠲᠠᠨᠢᠯᠴᠠᠭᠤᠯᠬᠤ + ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠴᠤᠭᠯᠠᠭᠠᠨ ︾᠎ ᠢ ᠤᠶᠠᠯᠳᠤᠭᠤᠯᠬᠤ ᠵᠠᠭᠪᠤᠷ ᠢ ᠬᠡᠷᠡᠭᠯᠡᠵᠦ᠂ ᠠᠵᠢᠯᠲᠠᠨ ᠡᠯᠰᠡᠬᠦ ᠲᠤᠬᠠᠢ ᠶᠢᠨ ᠲᠠᠯᠠᠪᠤᠷ ᠲᠤ ᠣᠯᠡᠨ ᠬᠥᠮᠥᠰ ᠴᠤᠭᠯᠠᠷᠠᠨ᠂ ᠬᠥᠷ ᠨᠠᠷᠭᠢᠶᠠᠨ ᠲᠠᠢ ᠪᠠᠷ ᠪᠠᠷᠠᠬᠤ ᠦᠭᠡᠢ᠂ ᠰᠦᠯᠵᠢᠶᠡᠨ ᠳᠡᠭᠡᠷᠡᠬᠢ ᠠᠵᠢᠯ ᠡᠷᠢᠭᠰᠡᠳ ᠲᠤ ᠴᠦ ᠠᠵᠢᠯ ᠡᠷᠢᠬᠦ ᠲᠣᠬᠢᠶᠠᠯ ᠣᠯᠭᠤᠭᠰᠠᠨ ᠪᠠᠶᠢᠨ᠎ᠠ ᠃ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠤᠳ ᠴᠥᠮ ᠠᠵᠢᠯᠲᠠᠨ ᠡᠯᠰᠡᠬᠦ ᠬᠤᠷᠠᠯ ᠤᠨ ᠲᠤᠬᠠᠢ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠠᠪᠴᠠᠩ ᠪᠠ ᠠᠵᠢᠯ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠤ ᠲᠤᠰᠬᠠᠢ ᠲᠣᠭᠤᠷᠢᠭ ᠭᠠᠷᠭᠠᠵᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ᠂ ᠡᠷᠬᠡ ᠠᠰᠢᠭ ᠤᠨ ᠪᠠᠲᠤᠯᠠᠭ᠎ᠠ᠂ ᠠᠵᠢᠯ ᠡᠷᠢᠬᠦ ᠳᠠᠩᠰᠠᠯᠠᠯᠲᠠ᠂ ᠠᠵᠢᠯ ᠣᠯᠬᠤ ᠵᠢᠯᠣᠭᠤᠳᠤᠯᠭ᠎ᠠ ᠵᠡᠷᠭᠡ ᠠᠯᠢ ᠣᠯᠠᠨ ᠦᠢᠯᠡᠴᠢᠯᠡᠭᠡ ᠶᠢ ᠬᠠᠩᠭᠠᠵᠤ᠂ ᠡᠯ᠎ᠡ ᠲᠥᠷᠥᠯ ᠤᠨ ᠠᠵᠢᠯ ᠡᠷᠢᠭᠰᠡᠳ ᠤᠨ ᠠᠵᠢᠯ ᠣᠯᠬᠤ ᠬᠡᠷᠡᠭᠴᠡᠭᠡ ᠶᠢ ᠪᠦᠲᠦᠮᠵᠢᠲᠡᠶ ᠬᠠᠩᠭᠠᠭᠰᠠᠨ ᠪᠠᠶᠢᠨ᠎ᠠ᠃
2_副本.jpg
3_副本.jpg
       2024 ᠣᠨ ᠳᠤ ᠂ ︽ ᠤᠷᠢᠬᠠᠨ ᠰᠠᠯᠬᠢ ᠠᠵᠢᠯᠯᠠᠭ᠎ᠠ ︾᠎ ᠶᠢ ᠥᠷᠨᠢᠭᠦᠯᠦᠭᠰᠡᠨ ᠠᠴᠠ ᠨᠠᠭᠠᠰᠢ᠂ ᠶᠤᠸᠠᠨ ᠪᠦᠦ ᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ᠂ ᠵᠣᠯᠭᠠᠭᠤᠯᠬᠤ ᠲᠠᠪᠴᠠᠩ ᠪᠠᠶᠢᠭᠤᠯᠬᠤ᠂ ᠰᠢᠯᠵᠢᠭᠦᠯᠦᠨ ᠠᠵᠢᠯ ᠣᠯᠭᠤᠬᠤ ᠠᠵᠢᠯ ᠢ ᠡᠮᠬᠢ ᠵᠢᠷᠤᠮ ᠲᠠᠢ ᠵᠣᠬᠢᠶᠠᠨ ᠪᠠᠶᠢᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠦᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠢᠯᠲᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠬᠥᠮᠥᠨ ᠬᠡᠷᠡᠭᠯᠡᠬᠦ ᠨᠢᠭᠡᠴᠢ ᠵᠢᠴᠢ ᠪᠤᠰᠤᠳ ᠠᠳᠠᠯ ᠦᠢᠯᠡᠰ ᠴᠣᠭᠴᠠᠯᠠᠬᠤ ᠪᠠ ᠠᠵᠢᠯ ᠣᠯᠬᠤ ᠬᠦᠰᠡᠯ ᠡᠷᠡᠮᠡᠯᠵᠡᠯ ᠲᠠᠢ ᠬᠥᠳᠡᠯᠮᠦᠷᠢᠴᠢᠨ ᠳᠤ ᠪᠦᠬᠦ ᠲᠠᠯ᠎ᠠ ᠶᠢᠨ ᠂ ᠤᠯᠠᠨ ᠬᠡᠯᠪᠡᠷᠢ ᠶᠢᠨ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ ᠂ ᠦᠢᠯᠡᠴᠢᠯᠡᠭᠡ ᠎ ᠨᠢ ᠠᠷᠭ᠎ᠠ ᠠᠪᠴᠠᠯ ᠲᠠᠢ ᠂ ᠠᠵᠢᠯ ᠤᠨ ᠪᠠᠶᠢᠷᠢ ᠎ ᠳᠤ ᠪᠠᠨ ᠥᠯᠡᠳᠡᠬᠦ ᠳᠤ ᠬᠠᠯᠠᠮᠵᠢᠯᠠᠯ ᠲᠠᠢ ᠂ ᠠᠵᠢᠯ ᠤᠨ ᠪᠠᠶᠢᠷᠢ ᠳᠤ ᠪᠠᠨ ᠪᠣᠴᠠᠬᠤ ᠳᠤ ᠵᠣᠬᠢᠶᠠᠨ ᠪᠠᠶᠢᠭᠤᠯᠤᠯᠲᠠ ᠲᠠᠢ ᠂ ᠠᠵᠢᠯᠴᠢᠨ ᠬᠡᠷᠡᠭᠯᠡᠬᠦ ᠳᠤ ᠪᠠᠲᠤᠯᠠᠭ᠎ᠠ ᠲᠠᠢ ᠪᠠᠶᠢᠬᠤ ᠶᠢ ᠦᠨᠡᠨ ᠬᠦ ᠪᠠᠲᠤᠯᠠᠵᠤ ᠂ ᠠᠵᠢᠯ ᠣᠯᠭᠤᠯᠲᠠ ᠶᠢᠨ ᠤᠷᠢᠬᠠᠨ ᠰᠠᠯᠬᠢ ᠎ ᠪᠠᠷ ᠲᠦᠭ ᠲᠦᠮᠡᠨ ᠠᠶᠢᠯ ᠡᠷᠤᠭᠡ ᠎ ᠶᠢ ᠦᠭᠡᠳᠡ ᠨᠢ ᠲᠠᠲᠠᠪᠠ᠃    ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠣᠯᠠᠨ ᠬᠡᠯᠪᠡᠷᠢ ᠶᠢᠨ᠂ ᠣᠯᠠᠨ ᠲᠠᠯᠠᠪᠤᠷ ᠤᠳᠠᠭᠠᠨ ᠤ ᠠᠵᠢᠯᠲᠠᠨ ᠡᠯᠰᠡᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯ ᠤᠨ ᠪᠠᠶᠢᠷᠢ ᠶᠢ ᠭᠡᠷ ᠤᠨ ᠡᠭᠦᠳᠡᠨ ᠳᠤ ᠬᠦᠷᠭᠡᠵᠦ᠂ ᠦᠷᠭᠦᠯᠵᠢᠯᠡᠨ ᠬᠠᠯᠠᠭᠤᠨ ᠳᠤᠯᠠᠭᠠᠨ᠂ ᠲᠠᠰᠤᠷᠠᠯᠲᠠ ᠦᠭᠡᠢ ᠠᠵᠢᠯ ᠣᠯᠭᠤᠯᠲᠠ ᠶᠢᠨ ᠦᠢᠯᠡᠴᠢᠯᠡᠭᠡ ᠶᠢ ᠬᠠᠩᠭᠠᠵᠤ᠂ ᠠᠵᠢᠯ ᠡᠷᠢᠭᠰᠡᠳ ᠪᠠ ᠠᠵᠤ ᠠᠬᠤᠶᠢᠯᠠᠯ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢ ᠦᠨᠡᠨ ᠬᠦ ᠰᠠᠶᠢᠲᠤᠷ ᠪᠠᠶᠢᠭᠤᠯᠤᠨ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1