ᠼᠤᠤ ᡁᠢ ᠶᠦᠩ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/31
    3 ᠰᠠᠷ᠎ᠠ ᠶᠢᠨ 28᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠳᠤ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ᠂ ᠪᠥᠬᠦ ᠤᠯᠤᠰ ᠤᠨ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠰᠤᠷᠤᠯᠴᠠᠪᠠ︔ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠯᠭ᠎ᠠ ᠬᠢᠵᠦ ᠂ ᠬᠤᠷᠠᠯ ᠳᠤ ᠣᠷᠣᠯᠴᠠᠭᠰᠠᠳ ᠪᠠᠰᠠ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠦᠵᠡᠪᠡ ᠃ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ ᠃    ᠬᠤᠷᠠᠯ ᠠᠴᠠ ᠂ ᠪᠦᠬᠦ ᠲᠣᠭᠤᠷᠢᠭ ᠢᠶᠠᠷ ᠢᠶᠠᠨ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ ᠂ ᠶᠡᠷᠦᠩᠬᠡᠢ ᠱᠦᠵᠢ ᠰᠢ ᠶᠢᠨ ᠫᠢᠩ ᠎ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠎ ᠢ ᠬᠥᠭᠵᠢᠭᠦᠯᠬᠦ ᠶᠢᠨ ᠪᠣᠳᠠᠲᠤ ᠠᠴᠢ ᠬᠤᠯᠪᠣᠭᠳᠠᠯ ᠂ ᠭᠤᠣᠯᠯᠠᠭᠴᠢ ᠡᠯᠧᠮᠧᠨ᠋ᠲ ᠪᠣᠯᠣᠨ ᠠᠷᠭ᠎ᠠ ᠪᠠᠷᠢᠯ ᠠᠷᠭ᠎ᠠ ᠬᠡᠮᠵᠢᠶ᠎ᠡ ᠶᠢ ᠦᠨᠡᠨᠬᠦ ᠣᠨᠣᠪᠴᠢᠲᠠᠢ ᠨᠡᠪᠲᠡᠷᠡᠲᠡᠯ᠎ᠡ ᠡᠵᠡᠮᠰᠢᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠤᠯᠤᠰ ᠲᠦᠷᠦ ᠶᠢᠨ ᠴᠢᠳᠠᠪᠤᠷᠢ ᠂ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠣᠨ ᠲᠤᠰᠬᠠᠢ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠡᠶᠢᠰᠢ ᠲᠦᠷᠭᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠥᠭᠡᠷᠡᠴᠢᠯᠡᠯᠲᠡ ᠶᠢ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠮᠠᠨ ᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠭᠠᠳᠠᠭᠠᠳᠤ ᠨᠡᠭᠡᠭᠡᠯᠲᠡ ᠵᠡᠷᠭᠡ ᠲᠠᠯ᠎ᠠ ᠪᠠᠷ ᠎ ᠬᠢ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠬᠤᠷᠢᠭ᠎ᠠ ᠴᠡᠭ ᠢ ᠨᠠᠪᠲᠠᠷᠡᠭᠦᠯᠵᠦ ᠂ ᠡᠯ᠎ᠡ ᠲᠦᠷᠦᠯ ᠤᠨ ᠲᠡᠷᠢᠭᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠲᠡᠶᠢᠰᠢ ᠰᠢᠯᠤᠭᠤᠬᠠᠨ ᠰᠢᠯᠵᠢᠬᠦ ᠶᠢ ᠲᠦᠷᠭᠡᠨ ᠠᠬᠢᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠠᠶᠢᠴᠢᠯᠠᠨ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠵᠤ ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠂ ᠥᠷᠭᠡᠨ ᠤᠯᠠᠨ ᠺᠠᠳ᠋ᠷᠴᠤᠳ ᠢ ᠦᠨᠡᠨ ᠬᠦ ᠵᠣᠷᠢᠭᠲᠠᠢ ᠪᠠᠷ ᠠᠵᠢᠯᠯᠠᠭᠤᠯᠵᠤ ᠂ ᠳᠠᠷᠤᠭᠠᠰᠤ ᠪᠠᠨ ᠲᠠᠶᠠᠭᠳᠠᠭᠤᠯᠵᠤ ᠂ ᠰᠡᠳᠬᠢᠯ ᠰᠠᠨᠠᠭ᠎ᠠ ᠠᠮᠤᠷ ᠠᠵᠢᠯᠯᠠᠵᠤ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ ᠰᠤᠳᠤᠯᠵᠤ ᠂ ᠨᠠᠷᠢᠨ ᠬᠢᠨᠠᠮᠠᠭᠠᠢ ᠪᠣᠳᠣᠯᠬᠢᠯᠠᠵᠤ ᠂ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠢ ᠣᠯᠵᠤ ᠂ ᠪᠣᠳᠠᠲᠠᠢ ᠶᠢ ᠡᠷᠬᠢᠮᠯᠡᠨ ᠲᠤᠰᠠᠲᠠᠢ ᠠᠷᠭ᠎ᠠ ᠬᠡᠮᠵᠢᠶ᠎ᠡ ᠠᠪᠴᠤ ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠡᠶᠢᠴᠡᠭᠰᠡᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1