ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/31
   
1_副本.jpg
       3 ᠰᠠᠷ᠎ᠠ ᠶᠢᠨ 28᠎ ᠤ ᠡᠳᠦᠷ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ᠂ ᠳᠡᠳ᠋ ᠡᠷᠬᠢᠯᠡᠭᠴᠢ ᠵᠠᠩ ᠴᠢᠶᠥ᠋ᠨ ᠂ ᠵᠢᠶᠠ ᠱᠣ᠋ ᠱᠦᠨ᠂ ᠢᠦᠢ ᠵᠢᠩ ᠴᠦᠨ ᠵᠢᠴᠢ 25 ᠭᠡᠰᠢᠭᠦᠨ ᠬᠤᠷᠠᠯ ᠳᠤ ᠰᠠᠭᠠᠲᠠᠪᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠹᠠᠨ ᠰᠢᠶᠣᠣ ᠴᠢᠦ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠭᠤᠣᠯ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠎ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠥᠬᠦ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠲᠤᠬᠠᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠶᠤᠸᠠᠨ ᠪᠦᠦ ᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠎ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ ᠵᠢᠴᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠰᠢᠭᠦᠬᠦ  ᠬᠤᠷᠢᠶᠠᠨ ᠤ ᠳᠡᠪᠰᠢᠭᠦᠯᠦᠭᠰᠡᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠥᠯ ᠢ ᠪᠠᠲᠤᠯᠠᠪᠠ᠃
2_副本.jpg
       ᠯᠢ ᠺᠠᠢ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠥᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠥᠰ ᠲᠥᠪ ᠴᠢᠩᠭ᠎ᠠ ᠪᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1