ᠶᠤᠸᠠᠨ ᠪᠦᠦ ᠱᠠᠨ ᠪᠠᠯᠭᠠᠰᠤᠨ ᠤ ᠮᠠ ᠵᠢᠶᠠ ᠽᠢ ᠲᠣᠰᠬᠤᠨ᠄ 26 ᠬᠤᠪᠢ ᠳᠠᠭᠠᠳᠬᠠᠯ ᠨᠢ ᠲᠤᠰᠬᠤᠨ ᠳᠤᠭᠤᠶᠢᠯᠠᠩ ᠤᠨ ᠺᠠᠳ᠋ᠷᠴᠤᠳ ᠤᠨ ᠰᠡᠳᠬᠢᠯ ᠢ ᠠᠮᠤᠷᠵᠢᠭᠤᠯᠪᠠ
ᠨᠡᠶᠢᠲᠡᠯᠡᠭᠰᠡᠨ ᠴᠠᠭ᠄
2024/3/4
    ᠣᠶᠢᠷ᠎ᠠ ᠳᠤ᠂ ᠶᠤᠸᠠᠨ ᠪᠦᠦ ᠱᠠᠨ ᠪᠠᠯᠭᠠᠰᠤᠨ ᠤ ᠮᠠ ᠵᠢᠶᠠ ᠽᠢ ᠲᠣᠰᠬᠤᠨ ᠭᠤᠷᠪᠠᠨ ᠵᠥᠪᠯᠡᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠤᠷᠠᠯ ᠠᠴᠠ ᠰᠤᠳᠤᠯᠤᠨ ᠲᠣᠭᠲᠠᠭᠠᠭᠰᠠᠨ ᠨᠢ᠂ ᠲᠣᠰᠬᠤᠨ ᠳᠤᠭᠤᠶᠢᠯᠠᠩ ᠤᠨ 26 ᠺᠠᠳ᠋ᠷ ᠲᠤ ᠰᠠᠨᠠᠭᠠᠨ ᠳᠤ ᠦᠭᠡᠢ ᠬᠡᠷᠡᠭ ᠤᠨ ᠳᠠᠭᠠᠳᠬᠠᠯ ᠬᠤᠳᠠᠯᠳᠤᠨ ᠠᠪᠴᠤ ᠥᠭᠴᠦ᠂ ᠬᠥᠮᠥᠨ ᠪᠦᠷᠢ ᠶᠢᠨ ᠳᠠᠭᠠᠳᠬᠠᠯ ᠤᠨ ᠵᠠᠷᠤᠳᠠᠯ ᠨᠢ 200 ᠲᠥᠭᠦᠷᠢᠭ᠂ ᠳᠠᠭᠠᠳᠬᠠᠯ ᠤᠨ ᠮᠥᠩᠭᠦ ᠨᠢ 10 ᠲᠦᠮᠡᠨ ᠲᠥᠭᠦᠷᠢᠭ ᠪᠠᠶᠢᠵᠤ᠂ ᠲᠣᠰᠬᠤᠨ ᠳᠤᠭᠤᠶᠢᠯᠠᠩ ᠤᠨ ᠺᠠᠳ᠋ᠷᠴᠤᠳ ᠤᠨ ᠲᠣᠰᠬᠤᠨ ᠳᠤ ᠬᠦᠷᠴᠦ ᠡᠷᠦᠬᠡ ᠳᠤ ᠣᠷᠤᠵᠤ ᠲᠤᠭ᠎ᠠ ᠪᠠᠷᠢᠮᠲᠠ ᠶᠢ ᠪᠠᠶᠢᠴᠠᠭᠠᠬᠤ ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠭᠠᠵᠠᠷ ᠤᠨ ᠭᠠᠢ ᠭᠠᠮᠰᠢᠭ ᠢ ᠵᠢᠭᠰᠠᠭᠠᠨ ᠪᠠᠶᠢᠴᠠᠭᠠᠬᠤ᠂ ᠣᠶ ᠰᠢᠭᠤᠢ ᠶᠢᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠪᠣᠳᠠᠲᠠᠢ ᠠᠵᠢᠯ ᠤᠨ ᠳᠤᠮᠳᠠ ᠲᠣᠬᠢᠶᠠᠯᠳᠤᠵᠤ ᠮᠡᠳᠡᠬᠦ ᠵᠠᠮ ᠬᠠᠷᠢᠯᠴᠠᠭᠠᠨ ᠤ ᠠᠳᠡᠯ᠂ ᠪᠠᠶᠢᠭᠠᠯᠢ ᠶᠢᠨ ᠭᠠᠮᠰᠢᠭ ᠵᠡᠷᠭᠡ ᠰᠠᠨᠠᠭᠠᠨ ᠳᠤ ᠦᠭᠡᠢ ᠠᠳᠡᠯ ᠤᠨ ᠰᠠᠨᠠᠭᠠᠰᠢᠷᠠᠯ ᠢ ᠰᠢᠢᠳᠪᠦᠷᠢᠯᠡᠨ᠂ ᠲᠣᠰᠬᠤᠨ ᠳᠤᠭᠤᠶᠢᠯᠠᠩ ᠤᠨ ᠺᠠᠳ᠋ᠷ ᠵᠢᠴᠢ ᠲᠡᠳᠡᠨ ᠤ ᠭᠡᠷ ᠪᠦᠯᠢ ᠶᠢᠨ ᠬᠢᠨ ᠢ ᠰᠡᠳᠬᠢᠯ ᠠᠮᠤᠷᠵᠢᠭᠤᠯᠪᠠ᠃
1_副本.jpg
2_副本.jpg
       ᠡᠨᠡ ᠬᠦ ᠠᠷᠭ᠎ᠠ ᠨᠢ ᠵᠣᠬᠢᠬᠤ ᠬᠡᠮᠵᠢᠶᠡᠨ ᠳᠤ ᠲᠣᠰᠬᠤᠨ ᠳᠤᠭᠤᠶᠢᠯᠠᠩ ᠤᠨ ᠺᠠᠳ᠋ᠷᠴᠤᠳ ᠤᠨ ᠪᠡᠶ᠎ᠡ ᠶᠢᠨ ᠠᠮᠤᠷ ᠲᠦᠪᠰᠢᠨ ᠳᠤ ᠴᠢᠬᠤᠯᠠ ᠪᠠᠲᠤᠯᠠᠭ᠎ᠠ ᠬᠠᠩᠭᠠᠭᠰᠠᠨ ᠮᠥᠷᠲᠡᠭᠡᠨ ᠲᠡᠳᠡᠨ ᠤ ᠠᠵᠢᠯ ᠤᠨ ᠤᠷᠮ᠎ᠠ ᠶᠢ ᠲᠤᠶᠢᠯ ᠤᠨ ᠶᠡᠭᠡ ᠪᠠᠷ ᠬᠥᠭᠵᠢᠭᠡᠵᠦ ᠂ ᠲᠡᠳᠡᠨ ᠢ ᠰᠡᠳᠬᠢᠯ ᠰᠠᠨᠠᠭ᠎ᠠ ᠠᠮᠤᠷ ᠠᠵᠢᠯᠯᠠᠭᠤᠯᠵᠤ᠂ ᠡᠯ᠎ᠡ ᠵᠦᠢᠯ ᠤᠨ ᠠᠵᠢᠯ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ ᠃ ᠮᠠ ᠵᠢᠶᠠ ᠽᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠸᠠᠩ ᠵᠢᠶᠠᠨ ᠂ ᠬᠤᠶᠢᠰᠢᠳᠠ ᠲᠣᠰᠬᠤᠨ ᠳᠤᠭᠤᠶᠢᠯᠠᠩ ᠤᠨ ᠺᠠᠳ᠋ᠷᠴᠤᠳ ᠲᠤ ᠰᠠᠨᠠᠭᠠᠨ ᠳᠤ ᠦᠭᠡᠢ ᠬᠡᠷᠡᠭ ᠤᠨ ᠳᠠᠭᠠᠳᠬᠠᠯ ᠬᠤᠳᠠᠯᠳᠤᠨ ᠠᠪᠴᠤ ᠥᠭᠬᠦ ᠶᠢ ᠲᠣᠰᠬᠤᠨ ᠳᠤᠭᠤᠶᠢᠯᠠᠩ ᠤᠨ ᠺᠠᠳ᠋ᠷᠴᠤᠳ ᠢ ᠬᠠᠯᠠᠮᠵᠢᠯᠠᠨ ᠵᠣᠷᠢᠭᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠭᠠᠵᠤ ᠂ ᠠᠵᠢᠯ ᠤᠨ ᠳᠤᠮᠳᠠᠬᠢ ᠠᠮᠤᠷ ᠲᠦᠪᠰᠢᠨ ᠤ ᠪᠠᠲᠤᠯᠠᠭ᠎ᠠ ᠶᠢ ᠦᠨᠡᠨᠬᠦ ᠪᠠᠲᠤᠳᠬᠠᠨ᠎ᠠ ᠭᠡᠵᠦ ᠢᠯᠡᠳᠬᠡᠪᠡ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1