ᠼᠤᠤ ᡁᠢ ᠶᠦᠩ ᠪᠦᠯᠬᠦᠮ ᠳᠠᠭᠠᠭᠤᠯᠤᠨ ᠬᠠᠶᠢᠨᠠᠨ ᠮᠤᠵᠢ ᠪᠣᠯᠣᠨ ᠪᠡᠭᠡᠵᠢᠩ ᠬᠤᠳᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/4
    2 ᠰᠠᠷ᠎ᠠ ᠶᠢᠨ 28᠎ ᠤ ᠡᠳᠦᠷ ᠠᠴᠠ 3 ᠰᠠᠷ᠎ᠠ ᠶᠢᠨ 2᠎ ᠤᠨ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠪᠦᠯᠬᠦᠮ ᠳᠠᠭᠠᠭᠤᠯᠤᠨ ᠬᠠᠶᠢᠨᠠᠨ ᠮᠤᠵᠢ᠂ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ᠃    ᠬᠠᠶᠢᠨᠠᠨ ᠤ ᠠᠢ ᠺᠧ ᠡᠮ ᠦᠢᠯᠡᠳᠬᠦ ᠬᠢᠵᠠᠭᠠᠷᠲᠤ ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠎ ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠬᠠᠷᠠᠯᠲᠠ ᠵᠢᠴᠢ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠭᠦᠨᠵᠡᠭᠡᠢ ᠣᠶᠢᠯᠠᠭᠠᠵᠤ ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠴᠢᠭᠯᠡᠯ ᠂ ᠬᠠᠮᠲᠤᠷᠠᠯᠴᠠᠭᠠᠨ ᠤ ᠠᠷᠭ᠎ᠠ ᠵᠠᠮ ᠵᠡᠷᠭᠡ ᠲᠦᠷᠦᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠤᠨ ᠵᠥᠪᠳᠡᠯᠴᠡᠬᠦ ᠶᠢᠨ ᠬᠠᠮᠲᠤ ᠬᠠᠮᠲᠤᠷᠠᠯᠴᠠᠭ᠎ᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠂ ᠠᠵᠤ ᠠᠬᠤᠶᠢᠯᠠᠯ ᠢ ᠬᠠᠪᠰᠤᠷᠤᠨ ᠣᠷᠣᠰᠢᠵᠤ ᠪᠠᠶᠢᠭ᠎ᠠ ᠠᠰᠠᠭᠤᠳᠠᠯ ᠢ ᠎ ᠨᠢ ᠰᠢᠢᠳᠪᠦᠷᠢᠯᠡᠬᠦ ᠂ ᠲᠤᠰᠬᠠᠢ ᠠᠩᠭᠢ ᠶᠢᠨ ᠠᠵᠢᠯ ᠰᠣᠯᠢᠬᠤ ᠬᠤᠭᠤᠴᠠᠭ᠎ᠠ ᠶᠢ ᠲᠣᠳᠤᠷᠬᠠᠶᠢᠯᠠᠵᠤ ᠠᠬᠢᠴᠠ ᠶᠢ ᠪᠠᠲᠤᠯᠠᠬᠤ ᠵᠡᠷᠭᠡ ᠲᠠᠯ᠎ᠠ ᠪᠠᠷ ᠰᠠᠨᠠᠯ ᠨᠢᠭᠡᠲᠡᠢ ᠪᠣᠯᠵᠠᠢ ᠃
1_副本.jpg
2_副本.jpg
       ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠠᠶᠢᠨᠠᠨ ᠮᠤᠵᠢ ᠎ ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠴᠢᠶᠦ᠋ᠩ ᠪᠣᠯᠤᠨ ᠥᠪᠥᠷ ᠮᠤᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠲᠠᠨᠢᠯᠴᠠᠭᠤᠯᠬᠤ ᠶᠡᠭᠡ ᠬᠤᠷᠠᠯ ᠳᠤ ᠣᠷᠣᠯᠴᠠᠬᠤ ᠬᠤᠭᠤᠴᠠᠭᠠᠨ ᠳᠠᠭᠠᠨ᠂ ᠬᠤᠳᠠᠯᠳᠤᠭᠠᠴᠢᠳ ᠤᠨ ᠡᠪᠯᠡᠯ ᠤᠨ 60 ᠭᠠᠷᠤᠢ ᠪᠦᠷᠢᠯᠳᠦᠭᠦᠨ ᠠᠵᠤ ᠠᠬᠤᠶᠢᠯᠠᠯ ᠳᠤ ᠶᠤᠸᠠᠨ ᠪᠦᠦ ᠱᠠᠨ ᠲᠣᠭᠤᠷᠢᠭ ᠤᠨ ᠲᠤᠰᠬᠠᠢ ᠰᠡᠳᠦᠪᠲᠦ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠬᠢᠵᠦ ᠂ ᠬᠠᠶᠢᠨᠠᠨ ᠤ ᠮᠠᠨ ᠳ᠋ᠠ ᠠᠵᠤ ᠦᠢᠯᠡᠰ ᠤᠨ ᠬᠢᠵᠠᠭᠠᠷᠲᠤ ᠺᠣᠮᠫᠠᠨᠢ ᠂ ᠬᠠᠶᠢᠨᠠᠨ ᠤ ᠺᠠᠢ ᠯᠢ ᠯᠦᠩ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠤᠯᠠᠨ ᠠᠵᠤ ᠠᠬᠤᠶᠢᠯᠠᠯ ᠬᠠᠮᠲᠤᠷᠠᠯᠴᠠᠭᠠᠨ ᠤ ᠰᠠᠨᠠᠭ᠎ᠠ ᠪᠠᠨ ᠢᠯᠡᠳᠬᠡᠵᠦ ᠂ ᠳᠠᠷᠠᠭᠠᠴᠢ ᠪᠠᠷ ᠣᠯᠡᠮ ᠨᠢᠭᠡ ᠠᠯᠬᠤᠮ ᠭᠦᠨᠵᠡᠭᠡᠢ ᠵᠣᠯᠭᠠᠭᠤᠯᠬᠤ ᠪᠣᠯᠣᠨ᠎ᠠ ᠃
3_副本.jpg
       ᠪᠡᠭᠡᠵᠢᠩ ᠤᠨ ᠵᠦᠩ ᠱᠠᠩ ᠭᠦᠸᠧ ᠴᠧᠩ ᠬᠢᠵᠠᠭᠠᠷᠲᠤ ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠹᠣᠰᠹᠣᠷ ᠬᠦᠴᠢᠯ ᠤᠨ ᠮᠠᠩᠭᠠᠨ ᠲᠡᠮᠦᠷ ᠯᠢᠲ᠋ᠢ ᠶᠢᠨ ᠠᠷᠭ᠎ᠠ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠠᠬᠢᠭᠤᠯᠬᠤ ᠲᠤᠬᠠᠢ ᠶᠠᠷᠢᠯᠴᠠᠪᠠ᠃ ᠠᠵᠤ ᠠᠬᠤᠶᠢᠯᠠᠯᠲᠠᠨ ᠠᠴᠠ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠬᠢᠴᠠ ᠲᠦᠷᠭᠡᠨ ᠪᠥᠭᠡᠳ ᠬᠥᠴᠥᠲᠠᠢ ᠪᠠᠶᠢᠵᠤ ᠂ ᠲᠦᠷᠦᠯ ᠵᠦᠢᠯ ᠤᠨ ᠳᠠᠷᠠᠭᠠᠴᠢ ᠶᠢᠨ ᠠᠯᠬᠤᠮ ᠢ ᠠᠬᠢᠭᠤᠯᠬᠤ ᠢᠲᠡᠭᠡᠯ ᠵᠣᠷᠢᠭ ᠎ ᠢ ᠤᠯᠠᠮ ᠪᠠᠲᠤᠳᠬᠠᠵᠤ ᠂ ᠦᠷᠭᠦᠯᠵᠢᠯᠡᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠴᠠᠭ ᠲᠤᠬᠠᠢ ᠳᠤᠨᠢ ᠠᠵᠢᠯ ᠡᠬᠢᠯᠡᠭᠦᠯᠵᠦ ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ ᠭᠡᠵᠦ ᠢᠯᠡᠳᠬᠡᠪᠡ ᠃    ᠵᠦᠩ ᠽᠢ ᠬᠥᠭᠵᠢᠭᠦᠯᠦᠯᠲᠡ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠢ ᠲᠣᠭᠤᠷᠢᠨ ᠦᠵᠡᠵᠦ ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠴᠢᠭᠯᠡᠯ ᠢ ᠨᠠᠷᠢᠨ ᠣᠶᠢᠯᠠᠭᠠᠵᠤ ᠂ ᠲᠣᠮᠣ ᠳ᠋ᠠᠶᠢᠲ᠋ᠠ ᠶᠢᠨ ᠪᠣᠳᠣᠯᠭ᠎ᠠ ᠶᠢᠨ ᠬᠦᠴᠦᠨ ᠤ ᠲᠥᠪ ᠤᠨ ᠲᠦᠷᠦᠯ ᠵᠦᠢᠯ ᠢ ᠵᠣᠯᠭᠠᠭᠤᠯᠵᠤ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠶᠤᠸᠠᠨ ᠪᠣᠥ ᠱᠠᠨ ᠳᠤ ᠰᠢᠨᠵᠢᠯᠡᠨ ᠪᠠᠶᠢᠴᠠᠭᠠᠬᠤ ᠪᠠᠷ ᠢᠷᠡᠬᠦ ᠶᠢ ᠬᠥᠰᠡᠨ ᠤᠷᠢᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠵᠣᠯᠭᠠᠭᠤᠯᠵᠤ᠂ ᠡᠷᠲᠡᠬᠡᠨ ᠶᠤᠸᠠᠨ ᠪᠣᠥ ᠱᠠᠨ ᠳᠤ ᠬᠦᠷᠴᠦ ᠬᠠᠷᠢᠭᠤ ᠠᠶᠢᠯᠴᠢᠯᠠᠯᠲᠠ ᠬᠢᠵᠦ᠂ ᠪᠣᠳᠠᠲᠠᠢ ᠬᠠᠮᠲᠤᠷᠠᠯᠴᠠᠭᠠᠨ ᠤ ᠵᠦᠢᠯᠡᠰ ᠢ ᠤᠯᠠᠮ ᠨᠢᠭᠡ ᠠᠯᠬᠤᠮ ᠵᠣᠯᠭᠠᠭᠤᠯᠤᠨ᠎ᠠ ᠭᠡᠵᠡᠢ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠤᠯᠠᠭᠠᠨᠬᠠᠳᠠ ᠶᠢᠨ ᠶᠤᠸᠠᠨ ᠪᠦᠦ ᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ  ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠠᠮᠲᠤ ᠰᠢᠨᠵᠢᠯᠡᠨ ᠪᠠᠶᠢᠴᠠᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1