ᠶᠤᠸᠠᠨ ᠪᠦᠦ ᠱᠠᠨ ᠲᠣᠭᠤᠷᠢᠭ ︽ᠭᠤᠷᠪᠠ ᠶᠢ ᠬᠥᠷᠭᠡᠬᠦ᠂ ᠭᠤᠷᠪᠠ ᠶᠢ ᠠᠰᠠᠭᠤᠬᠤ᠂ ᠭᠤᠷᠪᠠ ᠳᠤ ᠣᠷᠤᠬᠤ︾ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/4
    3 ᠰᠠᠷ᠎ᠠ ᠶᠢᠨ 1᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠎ ᠲᠠᠢ ᠬᠤᠯᠪᠤᠭᠠᠯᠠᠨ ︽ᠭᠤᠷᠪᠠ ᠶᠢ ᠬᠥᠷᠭᠡᠬᠦ᠂ ᠭᠤᠷᠪᠠ ᠶᠢ ᠠᠰᠠᠭᠤᠬᠤ᠂ ᠭᠤᠷᠪᠠ ᠳᠤ ᠣᠷᠤᠬᠤ︾ ︵ᠲᠥᠷᠥ ᠶᠢᠨ ᠪᠣᠳᠣᠯᠭ᠎ᠠ ᠬᠦᠷᠭᠡᠬᠦ᠂ ᠬᠠᠯᠠᠮᠵᠢᠯᠠᠯ ᠬᠦᠷᠭᠡᠬᠦ᠂ ᠦᠢᠯᠡᠴᠢᠯᠡᠭᠡ ᠬᠦᠷᠭᠡᠬᠦ ︔ ᠬᠡᠷᠡᠭᠴᠡᠭᠡ ᠶᠢ ᠠᠰᠠᠭᠤᠬᠤ ᠂ ᠰᠠᠨᠠᠭᠤᠯᠭ᠎ᠠ ᠶᠢ ᠠᠰᠠᠭᠤᠬᠤ ᠂ ᠠᠷᠭ᠎ᠠ ᠪᠣᠳᠤᠯᠭ᠎ᠠ ᠶᠢ ᠠᠰᠠᠭᠤᠬᠤ ︔ ᠬᠦᠷᠢᠶᠡᠯᠡᠩ ᠲᠣᠭᠤᠷᠢᠭ ᠲᠤ ᠣᠷᠤᠬᠤ᠂ ᠬᠤᠳᠠᠯᠳᠤᠭᠠᠨ ᠤ ᠡᠪᠯᠡᠯ ᠳᠤ ᠣᠷᠤᠬᠤ᠂ ᠠᠵᠤ ᠠᠬᠤᠶᠢᠯᠠᠯ ᠳᠤ ᠣᠷᠣᠬᠤ︶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠪᠥᠷᠢᠯᠳᠥᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠥᠨ ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ ᠃ 43 ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ ᠃
1_副本.jpg
       ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠬᠤᠷᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠣᠳᠣᠬᠢ ᠱᠠᠲᠤᠨ ᠤ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠣᠳᠣᠯᠬᠢᠯᠠᠨ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠬᠦᠴᠢᠷᠳᠡᠯ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠲᠣᠰ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠵᠢᠱᠢᠶ᠎ᠡ ᠵᠢᠴᠢ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠭᠤᠣᠯᠳᠠᠯᠭ᠎ᠠ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶᠢᠯᠠᠯ ᠢ ᠳᠡᠮᠵᠢᠬᠦ ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠪᠠ ᠵᠠᠳᠠᠯᠤᠯᠲᠠ ᠬᠢᠪᠡ︔ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠵᠢᠴᠢ ᠥᠪᠦᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ ᠬᠢᠨ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠦᠢᠯᠡᠳᠬᠦᠨ ᠢ ᠨᠠᠷᠢᠨ ᠲᠠᠶᠢᠯᠪᠤᠷᠢᠯᠠᠵᠤ ᠥᠭᠪᠡ︔ ᠲᠤᠬᠠᠢ ᠶᠢᠨ ᠲᠠᠯᠠᠪᠠᠢ ᠳᠤ 43 ᠬᠤᠪᠢ ᠠᠰᠠᠭᠤᠳᠠᠯ ᠤᠨ ᠨᠠᠷᠢᠨ ᠳᠠᠩᠰᠠ ᠶᠢ ᠲᠠᠷᠬᠠᠭᠠᠵᠤ ᠂ ᠠᠵᠤ ᠠᠬᠤᠶᠢᠯᠠᠯ ᠠᠴᠠ ᠨᠡᠶᠢᠲᠡ 25 ᠬᠤᠪᠢ ᠠᠰᠠᠭᠤᠳᠠᠯ ᠵᠢᠴᠢ ᠰᠠᠨᠠᠭᠤᠯᠭ᠎ᠠ ᠴᠤᠭᠯᠠᠭᠤᠯᠵᠤ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠤ ᠠᠵᠤ ᠠᠬᠤᠶᠢᠯᠠᠯ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠥᠨᠳᠥᠰᠥᠯᠡᠨ᠂ ᠤᠬᠠᠭᠤᠯᠤᠨ ᠲᠠᠶᠢᠯᠪᠤᠷᠢᠯᠠᠬᠤ ᠪᠦᠯᠬᠦᠮ ᠲᠠᠢ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ ᠂ ᠪᠠᠭᠰᠢ ᠨᠠᠷ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠪᠠᠷ ᠲᠠᠮᠵᠢᠨ ᠂ ᠮᠠᠰᠢ ᠤᠯᠠᠨ ᠠᠰᠢᠭ ᠬᠦᠷᠲᠡᠵᠡᠢ ᠭᠡᠵᠦ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠳ ᠢᠯᠡᠳᠬᠡᠵᠡᠭᠡᠪᠡ᠃
2_副本.jpg
       ᠦᠢᠯᠡᠳᠪᠦᠷᠢ ᠬᠤᠳᠠᠯᠳᠤᠭᠠᠨ ᠤ ᠬᠤᠯᠪᠤᠭᠠᠨ ᠤ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠤᠨ ᠪᠣᠭᠤᠮᠢ᠂ ᠠᠵᠤ ᠦᠢᠯᠡᠰ ᠤᠨ ᠬᠥᠭᠵᠢᠯᠲᠡ ᠶᠢᠨ ᠡᠪᠡᠷᠰᠢᠶᠡᠯ ᠤᠨ ᠴᠡᠭ᠂ ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠶᠢᠯᠠᠯ ᠢ ᠬᠠᠪᠰᠤᠷᠤᠨ ᠡᠯ᠎ᠡ ᠵᠦᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠯᠠᠮ ᠴᠢᠨᠠᠭᠰᠢᠳᠠ ᠣᠶᠢᠯᠠᠭᠠᠨ ᠡᠵᠡᠮᠰᠢᠭᠦᠯᠵᠦ ᠂ ᠡᠳ᠋ᠯᠡᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠤᠰ ᠤᠳᠠᠭᠠᠨ ᠤ ︽ ᠭᠤᠷᠪᠠ ᠶᠢ ᠬᠥᠷᠭᠡᠬᠦ᠂ ᠭᠤᠷᠪᠠ ᠶᠢ ᠠᠰᠠᠭᠤᠬᠤ᠂ ᠭᠤᠷᠪᠠ ᠳᠤ ᠣᠷᠤᠬᠤ︾ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠎ ᠶᠢ ᠠᠮᠵᠢᠵᠤ ᠂ ᠰᠤᠷᠤᠭᠰᠠᠨ ᠢᠶᠠᠨ ᠬᠡᠷᠡᠭᠯᠡᠵᠦ ᠂ ᠲᠦᠷᠦ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠢ ᠲᠦᠷᠭᠡᠨ ᠳᠡᠭᠡᠭᠰᠢᠯᠡᠭᠦᠯᠵᠦ ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠬᠥᠮᠥᠨ ᠬᠥᠳᠡᠯᠮᠥᠷᠢᠴᠢ ᠪᠣᠯ ᠬᠠᠪᠤᠷ ᠡᠷᠲᠡ ᠢᠷᠡᠳᠡᠭ᠂ ᠴᠢᠷᠮᠠᠶᠢᠯᠠᠭ᠎ᠠ ᠲᠡᠮᠡᠴᠡᠯ ᠶᠠᠭ ᠡᠷᠴᠢᠨ ᠳᠡᠭᠡᠷ᠎ᠡ ᠪᠠᠨ ᠪᠣᠢ᠃ ᠳᠠᠷᠠᠭᠠᠴᠢ ᠶᠢᠨ ᠠᠯᠬᠤᠮ ᠳᠤ ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠦᠷᠭᠦᠯᠵᠢᠯᠡᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ ᠂ ᠬᠥᠭᠦᠷᠭᠡ ᠬᠤᠯᠪᠣᠭᠠᠰᠤ ᠪᠠᠶᠢᠭᠤᠯᠵᠤ ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠵᠤ ᠂ ᠨᠠᠮ ᠵᠠᠰᠠᠭ ᠤᠨ ᠪᠠᠶᠢᠭᠤᠯᠤᠯᠭ᠎ᠠ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠤᠯᠪᠤᠭᠠᠯᠠᠨ ᠬᠥᠳᠡᠯᠦᠯᠴᠡᠵᠦ ᠂ ᠪᠣᠳᠠᠲᠠᠢ ᠠᠵᠢᠯᠯᠠᠬᠤ ᠪᠠ ᠥᠢᠯᠡᠴᠢᠯᠡᠭᠡ ᠴᠢᠷᠮᠠᠶᠢᠯᠭ᠎ᠠ ᠪᠠᠷ ᠢᠶᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠠᠵᠠ ᠲᠣᠬᠢᠶᠠᠯ ᠣᠯᠭᠤᠵᠤ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ︽ ᠬᠤᠶᠠᠷ ᠡᠷᠡᠭᠦᠯ ︾ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1