ᠰᠢᠨ᠎ᠡ ᠰᠤᠷᠤᠯᠭ᠎ᠠ ᠶᠢᠨ ᠬᠤᠭᠤᠴᠠᠭ᠎ᠠ    ᠰᠢᠨ᠎ᠡ ᠬᠠᠷᠠᠯᠲᠠ    ᠰᠢᠨ᠎ᠡ ᠬᠦᠰᠡᠯ ᠡᠷᠡᠮᠡᠯᠵᠡᠯ  ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾᠎ ᠢ ᠰᠠᠶᠢᠲᠤᠷ ᠣᠷᠤᠨ᠎ᠠ
ᠨᠡᠶᠢᠲᠡᠯᠡᠭᠰᠡᠨ ᠴᠠᠭ᠄
2024/3/4
    3 ᠰᠠᠷ᠎ᠠ ᠶᠢᠨ 1᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠡᠬᠢᠯᠡᠬᠦ ᠳᠤ᠂ ᠡᠯ᠎ᠡ ᠰᠤᠷᠭᠠᠭᠤᠯᠢ ᠶᠢᠨ ᠬᠢᠨ ᠪᠥᠷ ︽ᠡᠬᠢᠯᠡᠭᠦᠯᠬᠦ ᠳᠠᠷᠤᠪᠴᠢ︾᠎ ᠶᠢ ᠳᠠᠷᠤᠵᠤ᠂ ᠥᠩᠭᠡ ᠭᠢᠯᠠᠯᠵᠠᠮ᠎ᠠ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠤᠭᠲᠤᠨ ᠠᠪᠴᠢᠷᠠᠯ᠎ᠠ ᠃ ᠠᠮᠤᠷ ᠲᠦᠪᠰᠢᠨ ᠤ ᠬᠥᠮᠦᠵᠢᠯ ᠂ ᠰᠡᠳᠬᠢᠴᠡ ᠶᠢᠨ ᠬᠥᠮᠦᠵᠢᠯ᠂ ᠭᠤᠣᠯ ᠰᠡᠳᠦᠪᠲᠦ ᠠᠩᠭᠢ ᠶᠢᠨ ᠬᠤᠷᠠᠯ ᠵᠡᠷᠭᠡ ᠣᠯᠠᠨ ᠬᠡᠯᠪᠡᠷᠢ ᠶᠢᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾᠎ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠤᠷᠤᠭᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠴᠢᠷᠮᠠᠶᠢᠨ ᠲᠡᠮᠡᠴᠡᠬᠦ ᠣᠪᠣᠷ ᠪᠠᠶᠢᠳᠠᠯ ᠢᠶᠠᠷ ᠬᠦᠰᠡᠯ ᠮᠥᠷᠥᠭᠡᠳᠥᠯ ᠥᠭᠡᠳᠡ ᠨᠢ ᠠᠶᠠᠯᠠᠭᠤᠯᠵᠤ᠂ ᠡᠷᠡᠭᠦᠯ ᠴᠢᠭᠢᠷᠠᠭ ᠪᠠᠶᠠᠷ ᠪᠠᠶᠠᠰᠤᠯ ᠲᠠᠢ ᠪᠠᠷ ᠦᠰᠦᠨ ᠪᠣᠶᠢᠵᠢᠭᠤᠯᠤᠨ᠎ᠠ ᠃
1_副本.jpg
2_副本.jpg
       ᠠᠮᠤᠷ ᠲᠦᠪᠰᠢᠨ ᠤ ᠬᠥᠮᠦᠵᠢᠯ ᠎ ᠨᠢ ᠰᠤᠷᠭᠠᠭᠤᠯᠢ ᠶᠢᠨ ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠭᠰᠠᠭᠠᠷ ᠢᠷᠡᠵᠡᠢ ᠃ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠨᠢᠭᠡᠳᠦᠭᠡᠷ ᠡᠳᠦᠷ ᠰᠢ ᠴᠧᠩ ᠪᠠᠭ᠎ᠠ ᠰᠤᠷᠭᠠᠭᠤᠯᠢ ᠳᠤ ᠣᠷᠣᠬᠤ ᠳᠤ᠂ ᠡᠯ᠎ᠡ ᠠᠩᠭᠢ ᠶᠢᠨ ᠬᠢᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠠᠩᠭᠢ ᠶᠢᠨ ᠡᠷᠬᠢᠯᠡᠭᠴᠢ ᠨᠠᠷ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠢ ᠨᠠᠷᠢᠯᠢᠭ ᠵᠠᠳᠠᠯᠤᠯᠲᠠ ᠬᠢᠵᠦ᠂ ᠰᠤᠷᠤᠭᠴᠢᠳ ᠲᠤ ᠴᠠᠭ ᠢᠮᠠᠭᠲᠠ ᠠᠮᠤᠷ ᠲᠦᠪᠰᠢᠨ ᠢ ᠠᠩᠬᠠᠷᠬᠤ ᠶᠢ ᠰᠠᠨᠠᠭᠤᠯᠬᠤ ᠶᠢᠨ ᠬᠠᠮᠲᠤ ᠣᠯᠠᠨ ᠵᠦᠢᠯ ᠤᠨ ᠠᠮᠤᠷ ᠲᠦᠪᠰᠢᠨ ᠤ ᠶᠡᠷᠥ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠤᠣᠯᠳᠠᠭᠤ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠦᠶᠯᠡ ᠠᠵᠢᠯᠯᠠᠭᠠᠨ ᠤ ᠪᠠᠷᠢᠮᠵᠢᠶ᠎ᠠ ᠵᠡᠷᠭᠡ ᠲᠠᠯ᠎ᠠ ᠪᠠᠷ ᠰᠤᠷᠤᠭᠴᠢᠳ ᠢ ᠬᠠᠪᠰᠤᠷᠤᠨ ᠠᠮᠤᠷ ᠲᠦᠪᠰᠢᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠪᠠᠬᠢᠵᠢᠭᠦᠯᠪᠡ᠃
3_副本.jpg
4_副本.jpg
       ᠰᠢ ᠴᠧᠩ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠭᠤᠷᠪᠠᠳᠤᠭᠠᠷ ᠠᠩᠭᠢ ᠶᠢᠨ ᠰᠤᠷᠤᠭᠴᠢ ᠶᠤᠸᠠᠨ ᠱᠤ᠋ ᠶᠤᠸᠠᠢ ᠄ ︽ᠪᠠᠭᠰᠢ ᠶᠢᠨ ᠶᠠᠷᠢᠬᠤ ᠶᠢ ᠰᠣᠨᠣᠰᠤᠭᠠᠳ᠂  ᠪᠢ ᠠᠶᠤᠯ ᠲᠦᠭᠰᠢᠭᠦᠷᠢ ᠲᠤᠯᠭᠠᠷᠠᠬᠤ ᠦᠶ᠎ᠡ ᠳᠤ ᠥᠪᠡᠷ ᠢ ᠪᠠᠨ ᠬᠡᠷᠬᠢᠨ ᠬᠠᠮᠠᠭᠠᠯᠠᠪᠠᠯ ᠵᠣᠬᠢᠬᠤ ᠶᠢ ᠮᠡᠳᠡᠵᠠᠢ ᠂ ᠪᠢ ᠪᠠᠰᠠ ᠥᠨᠥᠳᠥᠷ ᠤᠨ ᠰᠣᠷᠣᠭᠰᠠᠨ ᠮᠡᠳᠡᠯᠭᠡ ᠪᠠᠨ ᠳᠡᠷᠭᠡᠳᠡᠬᠢ ᠬᠥᠮᠥᠰ ᠲᠡᠭᠡᠨ ᠬᠤᠪᠢᠶᠠᠯᠴᠠᠨ᠎ᠠ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠢ ᠪᠠᠰᠠ ᠦᠷᠭᠦᠯᠵᠢᠯᠡᠨ ᠴᠢᠷᠮᠠᠶᠢᠵᠤ᠂ ᠪᠢᠳᠡ ᠪᠦᠭᠦᠳᠡᠭᠡᠷ ᠰᠤᠷᠭᠠᠭᠤᠯᠢ ᠲᠠᠢ ᠪᠠᠨ ᠬᠠᠮᠲᠤ ᠪᠠᠷ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠶᠢ ᠬᠦᠰᠡᠵᠦ ᠪᠠᠶᠢᠨ᠎ᠠ︾ ᠭᠡᠵᠡᠢ᠃    ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠡᠯ᠎ᠡ ᠠᠩᠭᠢ ᠶᠢᠨ ᠎ ᠬᠢᠨ ᠰᠤᠷᠭᠠᠭᠤᠯᠢ ᠶᠢᠨ ᠨᠠᠷᠢᠨ ᠨᠢᠮᠪᠠᠢ ᠵᠣᠬᠢᠶᠠᠨ ᠪᠠᠶᠢᠭᠤᠯᠤᠯᠲᠠ ᠳᠣᠣᠷ᠎ᠠ ᠂ ᠰᠡᠳᠬᠢᠴᠡ ᠶᠢᠨ ᠡᠷᠡᠭᠦᠯ ᠮᠡᠨᠳᠦ ᠂ ᠬᠥᠳᠡᠯᠮᠦᠷᠢ ᠶᠢᠨ ᠦᠢᠯᠡᠳᠦᠯᠭᠡ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ︽ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ︾᠎ ᠢ ᠰᠠᠶᠢᠲᠤᠷ ᠣᠷᠤᠵᠤ᠂ ᠬᠡᠦᠬᠡᠳ ᠢ ᠬᠠᠪᠰᠤᠷᠤᠨ ᠰᠤᠷᠤᠯᠭ᠎ᠠ ᠡᠬᠢᠯᠡᠬᠦ ᠰᠡᠳᠬᠢᠴᠡ ᠶᠢᠨ ᠪᠠᠶᠢᠳᠠᠯ ᠢ ᠨᠢ ᠲᠦᠷᠭᠡᠨ ᠲᠣᠬᠢᠷᠠᠭᠤᠯᠵᠤ ᠂ ᠰᠤᠷᠤᠯᠴᠠᠬᠤ ᠤᠷᠮ᠎ᠠ ᠵᠣᠷᠢᠭ ᠢ ᠨᠢ ᠬᠥᠭᠵᠢᠭᠡᠵᠦ ᠂ ᠠᠮᠤᠷ ᠲᠦᠪᠰᠢᠨ ᠤ ᠤᠬᠠᠮᠰᠠᠷ ᠢ ᠨᠢ ᠪᠤᠢ ᠪᠣᠯᠭᠠᠵᠤ ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠎ ᠨᠢ ᠴᠢᠩᠭᠠᠳᠬᠠᠵᠠᠢ ᠃    ᠬᠡᠰᠡᠭ ᠠᠩᠭᠢ ᠨᠢ ᠪᠠᠰᠠ ᠠᠩᠭᠢ ᠶᠢᠨ ᠡᠷᠬᠢᠯᠡᠭᠴᠢ ᠶᠢᠨ ᠳᠠᠭᠠᠭᠤᠯᠭ᠎ᠠ ᠪᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠳᠤᠭᠠᠷ ᠤᠳᠠᠭᠠᠨ ᠤ ᠭᠤᠣᠯ ᠰᠡᠳᠦᠪᠲᠦ ᠠᠩᠭᠢ ᠶᠢᠨ ᠬᠤᠷᠠᠯ ᠬᠢᠵᠦ᠂ ᠰᠤᠷᠤᠭᠴᠢᠳ ᠰᠢᠯᠦᠭ ᠤᠶᠠᠩᠭᠠᠯᠠᠨ ᠤᠩᠰᠢᠬᠤ᠂ ᠠᠮᠠᠷᠠᠯᠲᠠ ᠶᠢᠨ ᠬᠤᠭᠤᠴᠠᠭᠠᠨ ᠤ ᠦᠵᠡᠵᠦ ᠰᠣᠨᠣᠰᠤᠭᠰᠠᠨ ᠢᠶᠠᠨ ᠬᠤᠪᠢᠶᠠᠯᠴᠠᠬᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢᠨ ᠪᠠᠭ᠎ᠠ ᠬᠠᠷᠠᠯᠲᠠ ᠲᠣᠭᠲᠠᠭᠠᠬᠤ᠂ ︽ᠯᠣᠣ︾᠎ ᠶᠢᠨ ᠭᠠᠷ ᠤᠷᠠᠯᠠᠯ ᠤᠨ ᠪᠦᠲᠦᠭᠡᠯ ᠢ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠨᠡᠩ ᠣᠯᠠᠨ ᠪᠠᠶᠠᠷ ᠪᠠᠭ᠋ᠠᠳᠤᠯ ᠨᠡᠮᠡᠭᠰᠡᠨ ᠪᠠᠶᠢᠨ᠎ᠠ᠃    ᠰᠢᠨ᠎ᠡ ᠰᠤᠷᠤᠯᠭ᠎ᠠ ᠶᠢᠨ ᠬᠤᠭᠤᠴᠠᠭᠠᠨ ᠎ ᠨᠢ ᠰᠢᠨ᠎ᠡ ᠳᠦᠷᠬᠦ ᠪᠠᠶᠢᠳᠠᠯ ᠲᠠᠢ ᠎ ᠢ ᠤᠭᠲᠤᠨ ᠠᠪᠴᠢᠷᠠᠵᠤ᠂ ᠰᠢᠨ᠎ᠡ ᠬᠦᠰᠡᠯ ᠡᠷᠡᠮᠡᠯᠵᠡᠯ ᠎ ᠨᠢ ᠰᠢᠨ᠎ᠡ ᠠᠶᠠᠨ ᠢ ᠡᠬᠢᠯᠡᠭᠦᠯᠦᠯ᠎ᠡ ᠃ ᠤᠯᠠᠨ ᠶᠠᠩᠵᠤ ᠶᠢᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠎ ᠨᠢ ᠮᠠᠨ ᠤ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠴᠣ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠠᠮᠢᠳᠤᠷᠠᠯ ᠳᠤ ᠣᠷᠣᠯᠴᠠᠭᠤᠯᠵᠠᠢ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1