ᠼᠤᠤ ᡁᠢ ᠶᠦᠩ ᠪᠦᠯᠬᠦᠮ ᠳᠠᠭᠠᠭᠤᠯᠤᠨ ᠬᠠᠶᠢᠨᠠᠨ ᠮᠤᠵᠢ ᠪᠣᠯᠣᠨ ᠪᠡᠭᠡᠵᠢᠩ ᠬᠤᠳᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/4
    2 ᠰᠠᠷ᠎ᠠ ᠶᠢᠨ 28 ᠤ ᠡᠳᠦᠷ ᠠᠴᠠ 3 ᠰᠠᠷ᠎ᠠ ᠶᠢᠨ 2 ᠤᠨ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠪᠦᠯᠬᠦᠮ ᠳᠠᠭᠠᠭᠤᠯᠤᠨ ᠬᠠᠶᠢᠨᠠᠨ ᠮᠤᠵᠢ᠂ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ᠃    ᠬᠠᠶᠢᠨᠠᠨ ᠤ ᠠᠢ ᠺᠧ ᠡᠮ ᠦᠢᠯᠡᠳᠬᠦ ᠬᠢᠵᠠᠭᠠᠷᠲᠤ ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ  ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠬᠠᠷᠠᠯᠲᠠ ᠵᠢᠴᠢ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠭᠦᠨᠵᠡᠭᠡᠢ ᠣᠶᠢᠯᠠᠭᠠᠵᠤ ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ᠴᠢᠭᠯᠡᠯ ᠂ ᠬᠠᠮᠲᠤᠷᠠᠯᠴᠠᠭᠠᠨ ᠤ ᠠᠷᠭ᠎ᠠ ᠵᠠᠮ ᠵᠡᠷᠭᠡ ᠲᠦᠷᠦᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠤᠨ ᠵᠥᠪᠳᠡᠯᠴᠡᠬᠦ ᠶᠢᠨ ᠬᠠᠮᠲᠤ ᠬᠠᠮᠲᠤᠷᠠᠯᠴᠠᠭ᠎ᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠂ ᠠᠵᠤ ᠠᠬᠤᠶᠢᠯᠠᠯ ᠢ ᠬᠠᠪᠰᠤᠷᠤᠨ ᠣᠷᠣᠰᠢᠵᠤ ᠪᠠᠶᠢᠭ᠎ᠠ ᠠᠰᠠᠭᠤᠳᠠᠯ ᠢ  ᠨᠢ ᠰᠢᠢᠳᠪᠦᠷᠢᠯᠡᠬᠦ ᠂ ᠲᠤᠰᠬᠠᠢ ᠠᠩᠭᠢ ᠶᠢᠨ ᠠᠵᠢᠯ ᠰᠣᠯᠢᠬᠤ ᠬᠤᠭᠤᠴᠠᠭ᠎ᠠ ᠶᠢ ᠲᠣᠳᠤᠷᠬᠠᠶᠢᠯᠠᠵᠤ ᠠᠬᠢᠴᠠ ᠶᠢ ᠪᠠᠲᠤᠯᠠᠬᠤ ᠵᠡᠷᠭᠡ ᠲᠠᠯ᠎ᠠ ᠪᠠᠷ ᠰᠠᠨᠠᠯ ᠨᠢᠭᠡᠲᠡᠢ ᠪᠣᠯᠵᠠᠢ ᠃
1_副本.jpg
2_副本.jpg
       ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠠᠶᠢᠨᠠᠨ ᠮᠤᠵᠢ  ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠴᠢᠶᠦ᠋ᠩ ᠪᠣᠯᠤᠨ ᠥᠪᠥᠷ ᠮᠤᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠲᠠᠨᠢᠯᠴᠠᠭᠤᠯᠬᠤ ᠶᠡᠭᠡ ᠬᠤᠷᠠᠯ ᠳᠤ ᠣᠷᠣᠯᠴᠠᠬᠤ ᠬᠤᠭᠤᠴᠠᠭᠠᠨ ᠳᠠᠭᠠᠨ᠂ ᠬᠤᠳᠠᠯᠳᠤᠭᠠᠴᠢᠳ ᠤᠨ ᠡᠪᠯᠡᠯ ᠤᠨ 60 ᠭᠠᠷᠤᠢ ᠪᠦᠷᠢᠯᠳᠦᠭᠦᠨ ᠠᠵᠤ ᠠᠬᠤᠶᠢᠯᠠᠯ ᠳᠤ ᠶᠤᠸᠠᠨ ᠪᠦᠦ ᠱᠠᠨ ᠲᠣᠭᠤᠷᠢᠭ ᠤᠨ ᠲᠤᠰᠬᠠᠢ ᠰᠡᠳᠦᠪᠲᠦ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠬᠢᠵᠦ ᠂ ᠬᠠᠶᠢᠨᠠᠨ ᠤ ᠮᠠᠨ ᠳ᠋ᠠ ᠠᠵᠤ ᠦᠢᠯᠡᠰ ᠤᠨ ᠬᠢᠵᠠᠭᠠᠷᠲᠤ ᠺᠣᠮᠫᠠᠨᠢ ᠂ ᠬᠠᠶᠢᠨᠠᠨ ᠤ ᠺᠠᠢ ᠯᠢ ᠯᠦᠩ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠤᠯᠠᠨ ᠠᠵᠤ ᠠᠬᠤᠶᠢᠯᠠᠯ ᠬᠠᠮᠲᠤᠷᠠᠯᠴᠠᠭᠠᠨ ᠤ ᠰᠠᠨᠠᠭ᠎ᠠ ᠪᠠᠨ ᠢᠯᠡᠳᠬᠡᠵᠦ ᠂ ᠳᠠᠷᠠᠭᠠᠴᠢ ᠪᠠᠷ ᠣᠯᠡᠮ ᠨᠢᠭᠡ ᠠᠯᠬᠤᠮ ᠭᠦᠨᠵᠡᠭᠡᠢ ᠵᠣᠯᠭᠠᠭᠤᠯᠬᠤ ᠪᠣᠯᠣᠨ᠎ᠠ ᠃
3_副本.jpg
       ᠪᠡᠭᠡᠵᠢᠩ ᠤᠨ ᠵᠦᠩ ᠱᠠᠩ ᠭᠦᠸᠧ ᠴᠧᠩ ᠬᠢᠵᠠᠭᠠᠷᠲᠤ ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠹᠣᠰᠹᠣᠷ ᠬᠦᠴᠢᠯ ᠤᠨ ᠮᠠᠩᠭᠠᠨ ᠲᠡᠮᠦᠷ ᠯᠢᠲ᠋ᠢ ᠶᠢᠨ ᠠᠷᠭ᠎ᠠ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠠᠬᠢᠭᠤᠯᠬᠤ ᠲᠤᠬᠠᠢ ᠶᠠᠷᠢᠯᠴᠠᠪᠠ᠃ ᠠᠵᠤ ᠠᠬᠤᠶᠢᠯᠠᠯᠲᠠᠨ ᠠᠴᠠ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠬᠢᠴᠠ ᠲᠦᠷᠭᠡᠨ ᠪᠥᠭᠡᠳ ᠬᠥᠴᠥᠲᠠᠢ ᠪᠠᠶᠢᠵᠤ ᠂ ᠲᠦᠷᠦᠯ ᠵᠦᠢᠯ ᠤᠨ ᠳᠠᠷᠠᠭᠠᠴᠢ ᠶᠢᠨ ᠠᠯᠬᠤᠮ ᠢ ᠠᠬᠢᠭᠤᠯᠬᠤ ᠢᠲᠡᠭᠡᠯ ᠵᠣᠷᠢᠭ  ᠢ ᠤᠯᠠᠮ ᠪᠠᠲᠤᠳᠬᠠᠵᠤ ᠂ ᠦᠷᠭᠦᠯᠵᠢᠯᠡᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠴᠠᠭ ᠲᠤᠬᠠᠢ ᠳᠤᠨᠢ ᠠᠵᠢᠯ ᠡᠬᠢᠯᠡᠭᠦᠯᠵᠦ ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ ᠭᠡᠵᠦ ᠢᠯᠡᠳᠬᠡᠪᠡ ᠃    ᠵᠦᠩ ᠽᠢ ᠬᠥᠭᠵᠢᠭᠦᠯᠦᠯᠲᠡ ᠶᠢᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠳᠤ ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠢ ᠲᠣᠭᠤᠷᠢᠨ ᠦᠵᠡᠵᠦ ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠴᠢᠭᠯᠡᠯ ᠢ ᠨᠠᠷᠢᠨ ᠣᠶᠢᠯᠠᠭᠠᠵᠤ ᠂ ᠲᠣᠮᠣ ᠳ᠋ᠠᠶᠢᠲ᠋ᠠ ᠶᠢᠨ ᠪᠣᠳᠣᠯᠭ᠎ᠠ ᠶᠢᠨ ᠬᠦᠴᠦᠨ ᠤ ᠲᠥᠪ ᠤᠨ ᠲᠦᠷᠦᠯ ᠵᠦᠢᠯ ᠢ ᠵᠣᠯᠭᠠᠭᠤᠯᠵᠤ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠶᠤᠸᠠᠨ ᠪᠣᠥ ᠱᠠᠨ ᠳᠤ ᠰᠢᠨᠵᠢᠯᠡᠨ ᠪᠠᠶᠢᠴᠠᠭᠠᠬᠤ ᠪᠠᠷ ᠢᠷᠡᠬᠦ ᠶᠢ ᠬᠥᠰᠡᠨ ᠤᠷᠢᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠵᠣᠯᠭᠠᠭᠤᠯᠵᠤ᠂ ᠡᠷᠲᠡᠬᠡᠨ ᠶᠤᠸᠠᠨ ᠪᠣᠥ ᠱᠠᠨ ᠳᠤ ᠬᠦᠷᠴᠦ ᠬᠠᠷᠢᠭᠤ ᠠᠶᠢᠯᠴᠢᠯᠠᠯᠲᠠ ᠬᠢᠵᠦ᠂ ᠪᠣᠳᠠᠲᠠᠢ ᠬᠠᠮᠲᠤᠷᠠᠯᠴᠠᠭᠠᠨ ᠤ ᠵᠦᠢᠯᠡᠰ ᠢ ᠤᠯᠠᠮ ᠨᠢᠭᠡ ᠠᠯᠬᠤᠮ ᠵᠣᠯᠭᠠᠭᠤᠯᠤᠨ᠎ᠠ ᠭᠡᠵᠡᠢ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠤᠯᠠᠭᠠᠨᠬᠠᠳᠠ ᠶᠢᠨ ᠶᠤᠸᠠᠨ ᠪᠦᠦ ᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ  ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠠᠮᠲᠤ ᠰᠢᠨᠵᠢᠯᠡᠨ ᠪᠠᠶᠢᠴᠠᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1