ᠶᠤᠸᠠᠨ ᠪᠦᠦ ᠱᠠᠨ ᠲᠣᠭᠤᠷᠢᠭ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/6
    3 ᠰᠠᠷ᠎ᠠ ᠶᠢᠨ 1᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠶᠤᠸᠠᠨ ᠪᠦᠦ ᠱᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ  ᠫᠧᠩ ᠰᠢᠶᠣᠣ ᠵᠢᠤᠸᠠᠨ ᠬᠤᠷᠠᠯ ᠳᠤ ᠰᠠᠭᠠᠲᠠᠵᠤ ᠶᠠᠷᠢᠶ᠎ᠠ  ᠲᠠᠯᠪᠢᠪᠠ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠂ ᠡᠯ᠎ᠡ ᠪᠠᠯᠭᠠᠰᠤ ᠰᠢᠶᠠᠩ ᠂ ᠳ᠋ᠥᠩᠴᠧᠩ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠪᠣᠯᠣᠨ ᠰᠣᠶᠣᠯ ᠤᠨ  ᠥᠷᠲᠡᠭᠡᠨ ᠤ ᠳᠠᠷᠤᠭ᠎ᠠ ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠭᠤᠣᠯ ᠪᠣᠯᠬᠤ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠂ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠪᠠ ᠃
1_副本.jpg
       ᠬᠤᠷᠠᠯ ᠠᠴᠠ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ  ᠪᠠᠶᠢᠴᠠᠭᠠᠯᠲᠠ ᠪᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠢ ᠠᠵᠢᠯ ᠪᠣᠯᠣᠨ᠎ᠠ ᠂ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠣᠨ᠎ᠠ ᠂ ᠣᠷᠣᠯᠴᠠᠬᠤ ᠰᠠᠯᠠᠭ᠎ᠠ ᠮᠥᠴᠢᠷ ᠤᠯᠠᠨ ᠂ ᠬᠤᠯᠪᠣᠭᠳᠠᠬᠤ ᠬᠡᠪᠴᠢᠶ᠎ᠡ ᠥᠷᠭᠡᠨ ᠶᠤᠮ ᠃ ᠰᠢ ᠶᠢᠨ ᠫᠢᠩ ᠎ ᠤᠨ ᠰᠣᠶᠣᠯ ᠎ ᠤᠨ ᠦᠵᠡᠯ ᠰᠠᠨᠠᠭ᠎ᠠ ᠪᠠᠷ ᠬᠥᠲᠥᠯᠥᠮᠵᠢ ᠪᠣᠯᠭᠠᠬᠤ ᠶᠢ ᠪᠠᠷᠢᠮᠲᠠᠯᠠᠨ ᠂ ᠨᠡᠶᠢᠳᠡᠮ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠨᠡᠶᠢᠳᠡᠮ ᠪᠠᠶᠢᠴᠠᠭᠠᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠲᠣᠳᠣᠷᠬᠠᠶᠢᠯᠠᠨ ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠢᠯᠡᠳᠦᠯᠭᠡᠵᠢᠭᠦᠯᠵᠦ ᠂ ᠲᠡᠦᠬᠡ ᠶᠢᠨ ᠳᠤᠷᠠᠰᠬᠠᠯᠲᠤ ᠵᠦᠢᠯ ᠎ ᠤᠨ ᠠᠭᠤᠯᠤᠭᠳᠠᠬᠤᠨ ᠢ ᠪᠠᠶᠠᠯᠢᠭᠵᠢᠭᠤᠯᠤᠨ ᠂ ᠰᠢᠰᠲ᠋ᠧᠮᠲᠤ ᠬᠠᠮᠠᠭᠠᠯᠠᠯᠲᠠ ᠶᠢ ᠲᠦᠯᠬᠢᠨ ᠠᠬᠢᠭᠤᠯᠵᠤ ᠂ ᠰᠣᠶᠣᠯ ᠤᠨ ᠥᠪ ᠎ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠳᠤ ᠠᠵᠢᠯ ᠤᠨ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠎ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠤᠬᠠᠢ ᠴᠢᠬᠤᠯᠠ ᠥᠭᠦᠯᠡᠯᠲᠡ ᠎ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠎ ᠤᠨ ᠪᠣᠳᠠᠲᠤ ᠪᠠᠶᠢᠳᠠᠯ ᠳᠤ ᠰᠠᠭᠤᠷᠢᠯᠠᠨ ᠂ ᠶᠡᠭᠡ ᠬᠠᠮᠠᠭᠠᠯᠠᠯᠲᠠ ᠎ ᠶᠢᠨ ᠪᠠᠶᠢᠷᠢᠰᠢᠯ ᠎ ᠢ ᠪᠠᠶᠢᠭᠤᠯᠤᠨ ᠂ ᠬᠠᠮᠠᠭᠠᠯᠠᠯᠲᠠ ᠎ ᠶᠢᠨ ᠲᠣᠭᠲᠠᠴᠠ ᠎ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠮᠢᠳᠤᠯᠢᠭᠵᠢᠭᠤᠯᠤᠨ ᠠᠰᠢᠭᠯᠠᠬᠤ ᠎ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ ᠂ ᠬᠠᠤᠯᠢ ᠪᠠᠷ ᠵᠠᠰᠠᠬᠤ ᠪᠠᠲᠤᠯᠠᠭ᠎ᠠ ᠎ ᠶᠢ ᠪᠦᠬᠦ ᠲᠠᠯ᠎ᠠ ᠪᠠᠷ ᠴᠢᠩᠭᠠᠳᠬᠠᠨ ᠂ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠢᠷᠢ ᠬᠡᠮᠵᠢᠶ᠎ᠡ ᠎ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠳᠥᠷᠪᠡᠳᠦᠭᠡᠷ ᠤᠳᠠᠭᠠᠨ ᠎ ᠤ ᠪᠦᠬᠦ ᠤᠯᠤᠰ ᠎ ᠤᠨ ᠲᠡᠦᠬᠡ ᠎ ᠶᠢᠨ ᠳᠤᠷᠠᠰᠬᠠᠯᠲᠤ ᠵᠦᠢᠯ ᠎ ᠤᠨ ᠨᠡᠶᠢᠳᠡᠮ ᠪᠠᠶᠢᠴᠠᠭᠠᠯᠲᠠ ᠎ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠎ ᠠᠴᠠ᠂ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢᠨ ᠲᠤᠰᠬᠠᠢ ᠮᠡᠷᠭᠡᠵᠢᠯ ᠤᠨ ᠬᠡᠮᠵᠢᠶ᠎ᠡ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠬᠠᠪᠰᠤᠷᠤᠨ ᠲᠡᠳᠬᠦᠬᠦ ᠲᠣᠭᠲᠠᠴᠠ ᠶᠢ ᠭᠦᠢᠴᠡᠳ ᠠᠰᠢᠭᠯᠠᠨ᠂ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠮᠠᠨ ᠤ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠡᠯ᠎ᠡ ᠱᠠᠲᠤ ᠦᠶ᠎ᠡ ᠶᠢᠨ ᠠᠵᠢᠯ ᠢ ᠥᠨᠳᠥᠷ ᠬᠢᠷᠢ ᠲᠦᠪᠰᠢᠨ ᠢᠶᠠᠷ ᠰᠠᠶᠢᠲᠤᠷ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ ᠨᠢᠭᠡᠨᠲᠡ ᠮᠠᠭᠠᠳᠯᠠᠨ ᠲᠣᠭᠲᠠᠭᠠᠭᠰᠠᠨ ᠮᠠᠨ ᠤ ᠲᠣᠭᠤᠷᠢᠭ ᠤᠨ 136 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠨᠢᠭᠡᠳ ᠨᠢᠭᠡ ᠪᠠᠷ ᠳᠠᠬᠢᠨ ᠪᠠᠶᠢᠴᠠᠭᠠᠵᠤ ᠬᠠᠷᠭᠤᠭᠤᠯᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠵᠦ᠂ ᠮᠠᠨ ᠤ ᠲᠣᠭᠤᠷᠢᠭ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ︽ᠬᠥᠷᠥᠩᠭᠡ︾᠎ ᠶᠢ ᠲᠣᠳᠣᠷᠬᠠᠢ ᠣᠶᠢᠯᠠᠭᠠᠬᠤ ᠬᠡᠷᠡᠭᠲᠡᠢ ᠭᠡᠵᠦ ᠱᠠᠭᠠᠷᠳᠠᠵᠠᠢ᠃    ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ 2026 ᠣᠨ ᠤ 6 ᠰᠠᠷ᠎ᠠ ᠳᠤ ᠳᠠᠭᠤᠰᠬᠠᠬᠤ ᠪᠠᠷ ᠲᠥᠯᠥᠪᠯᠡᠵᠦ᠂ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠢᠭᠡᠳᠦᠭᠡᠷ ᠱᠠᠲᠤ ᠦᠶ᠎ᠡ ᠠᠴᠠ 2024 ᠣᠨ ᠤ 4 ᠳ᠋ᠣᠭᠡᠷ ᠰᠠᠷ᠎ᠠ ᠬᠦᠷᠲᠡᠯ᠎ᠡ ᠂ ᠭᠤᠣᠯ ᠡᠭᠦᠷᠭᠡ ᠪᠣᠯ ᠨᠡᠶᠢᠳᠡᠮ ᠪᠠᠶᠢᠴᠠᠭᠠᠯᠲᠠ ᠎ ᠶᠢᠨ ᠪᠠᠶᠢᠭᠤᠯᠤᠮᠵᠢ ᠪᠠᠶᠢᠭᠤᠯᠤᠨ ᠂ ᠨᠡᠶᠢᠳᠡᠮ ᠪᠠᠶᠢᠴᠠᠭᠠᠯᠲᠠ ᠎ ᠶᠢᠨ ᠠᠵᠢᠯ ᠎ ᠤᠨ ᠲᠥᠰᠥᠯ ᠲᠣᠭᠲᠠᠭᠠᠵᠤ ᠂ ᠨᠡᠶᠢᠳᠡᠮ ᠪᠠᠶᠢᠴᠠᠭᠠᠯᠲᠠ ᠎ ᠶᠢᠨ ᠮᠡᠷᠭᠡᠵᠢᠯ ᠎ ᠤᠨ ᠪᠠᠷᠢᠮᠵᠢᠶ᠎ᠠ ᠪᠣᠯᠣᠨ ᠵᠢᠷᠤᠮᠵᠢᠯ ᠂ ᠨᠡᠶᠢᠳᠡᠮ ᠪᠠᠶᠢᠴᠠᠭᠠᠯᠲᠠ ᠎ ᠶᠢᠨ ᠰᠢᠰᠲ᠋ᠧᠮ ᠬᠢᠭᠡᠳ ᠵᠥᠭᠡᠯᠡᠨ ᠲᠤᠨᠤᠭ ᠴᠤᠭᠯᠠᠭᠤᠯᠬᠤ ᠲᠣᠭᠤᠷᠢᠨ ᠎ ᠳᠤ᠂ ᠪᠣᠯᠪᠠᠰᠤᠷᠠᠭᠤᠯᠤᠯ ᠎ ᠤᠨ ᠠᠵᠢᠯ ᠥᠷᠨᠢᠭᠦᠯᠦᠨ᠎ᠡ ᠃ ᠬᠤᠶᠠᠳᠤᠭᠠᠷ ᠱᠠᠲᠤ ᠦᠶ᠎ᠡ ᠨᠢ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ᠂ ᠭᠤᠣᠯ ᠡᠭᠦᠷᠭᠡ ᠪᠣᠯ ᠲᠤᠬᠠᠢ ᠶᠢᠨ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯ ᠤᠨ ᠪᠠᠶᠢᠴᠠᠭᠠᠯᠲᠠ ᠬᠢᠵᠦ᠂ ᠭᠤᠷᠪᠠᠳᠤᠭᠠᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠪᠣᠶ ᠪᠦᠬᠦᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠳᠤ ᠨᠢᠭᠡᠳ ᠨᠢᠭᠡ ᠪᠠᠷ ᠲᠤᠬᠠᠢ ᠶᠢᠨ ᠭᠠᠵᠠᠷ ᠲᠤᠨᠢ ᠳᠠᠬᠢᠨ ᠪᠠᠶᠢᠴᠠᠭᠠᠯᠲᠠ ᠬᠢᠵᠦ᠂ ᠳᠠᠬᠢᠨ ᠪᠠᠶᠢᠴᠠᠭᠠᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠣᠳᠣᠬᠠᠨ ᠤ ᠬᠠᠳᠠᠭᠠᠯᠠᠵᠤ ᠪᠠᠶᠢᠭ᠎ᠠ ᠪᠠᠶᠢᠳᠠᠯ ᠢ ᠳᠠᠬᠢᠨ ᠨᠤᠲᠠᠯᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯ ᠤᠨ ᠮᠡᠳᠡᠭᠡ ᠵᠠᠩᠭᠢ ᠶᠢ ᠴᠤᠭᠯᠠᠭᠤᠯᠬᠤ ᠪᠠ ᠲᠠᠭᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠭᠤᠷᠪᠠᠳᠤᠭᠠᠷ ᠱᠠᠲᠤ ᠦᠶ᠎ᠡ ᠪᠣᠯ 2025 ᠣᠨ ᠤ 6 ᠳ᠋ᠤᠭᠠᠷ ᠰᠠᠷ᠎ᠠ ᠠᠴᠠ 2026 ᠣᠨ ᠤ 6 ᠳ᠋ᠤᠭᠠᠷ ᠰᠠᠷ᠎ᠠ ᠪᠣᠯᠲᠠᠯ᠎ᠠ᠂ ᠭᠤᠣᠯ ᠡᠭᠦᠷᠭᠡ ᠪᠣᠯ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠬᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠭᠠᠷᠴᠠᠭ ᠢ ᠲᠡᠭᠦᠯᠳᠡᠷᠵᠢᠭᠦᠯᠦᠨ᠂ ᠰᠢᠯᠭᠠᠨ ᠠᠪᠤᠭᠰᠠᠨ ᠤ ᠳᠠᠷᠠᠭ᠎ᠠ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1