ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠶ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/3/6
    ᠬᠠᠪᠤᠷ ᠤᠨ ᠤᠯᠠᠷᠢᠯ ᠤᠨ ᠲᠠᠷᠢᠶᠠᠯᠠᠩ ᠳᠤ ᠭᠠᠯ ᠬᠡᠷᠡᠭᠯᠡᠬᠦ ᠨᠡᠶᠢᠳᠡᠮ ᠠᠷᠪᠢᠳᠬᠤ ᠶᠢ ᠳᠠᠭᠠᠯᠳᠤᠨ᠂ ᠣᠶ ᠰᠢᠭᠤᠢ ᠶᠢᠨ ᠭᠠᠯ ᠤᠨ ᠭᠠᠮᠰᠢᠭ ᠤᠨ ᠬᠡᠮ ᠰᠤᠭᠤᠭ ᠤᠯᠠᠮ ᠢᠶᠠᠷ ᠨᠡᠮᠡᠭᠳᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠣᠯᠠᠨ ᠡᠭᠦᠰᠬᠦ ᠬᠤᠭᠤᠴᠠᠭᠠᠨ ᠳᠤ ᠣᠷᠣᠪᠠ᠃ ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠶ ᠰᠢᠭᠤᠢ ᠶᠢᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠵᠤ ᠪᠠᠶᠢᠨ᠎ᠠ᠃
1_副本.jpg
2_副本.jpg
3_副本.jpg
       ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠎ ᠨᠢ ᠲᠣᠥᠷᠵᠢᠭᠤᠯᠤᠭᠰᠠᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠤ ᠶᠣᠰᠣᠭᠠᠷ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠬᠥᠮᠥᠰ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠣᠶ ᠰᠢᠭᠤᠢ ᠶᠢᠨ ᠭᠠᠯ ᠤᠨ ᠭᠠᠮᠰᠢᠭ ᠤᠨ ᠭᠡᠮ ᠰᠤᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ ᠪᠠᠶᠢᠨ᠎ᠠ︔ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ ᠡᠳ᠋ ᠪᠣᠳᠠᠰ ᠤᠨ ᠪᠠᠲᠤᠯᠠᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠭᠠᠯ ᠤᠨ ᠠᠶᠤᠯ ᠭᠠᠷᠤᠮᠠᠭᠴᠠ ᠳᠠᠷᠤᠢ ᠲᠦᠷᠭᠡᠨ ᠲᠤᠬᠠᠢ ᠶᠢᠨ ᠲᠠᠯᠠᠪᠤᠷ ᠲᠤ ᠬᠦᠷᠴᠦ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ ᠣᠲᠣ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠨᠡᠶᠢᠲᠡ 150 ᠭᠠᠷᠤᠢ ᠬᠥᠮᠥᠨ ᠤ ᠡᠭᠡᠯᠵᠢ᠂ 30 ᠭᠠᠷᠤᠢ ᠲᠡᠷᠭᠡ ᠬᠦᠰᠭᠡᠨ ᠤ ᠡᠭᠡᠯᠵᠢ ᠭᠠᠷᠭᠠᠵᠤ᠂ ᠡᠯ᠎ᠡ ᠲᠥᠷᠥᠯ ᠤᠨ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠡᠳ᠋ ᠪᠣᠳᠠᠰ ᠢ ᠬᠤᠶᠠᠷ ᠲᠦᠮᠡ ᠭᠠᠷᠤᠢ ᠬᠤᠪᠢ ᠲᠠᠷᠬᠠᠭᠠᠵᠤ᠂ ᠭᠠᠯ ᠢ ᠰᠡᠷᠭᠡᠶᠢᠯᠡᠬᠦ ᠲᠤᠭ ᠢ 500 ᠭᠠᠷᠤᠢ ᠬᠠᠪᠴᠢᠭᠤᠯᠵᠤ᠂ ᠡᠯᠭᠦᠭᠡ ᠪᠢᠴᠢᠭᠡᠰᠦ 50 ᠭᠠᠷᠤᠢ ᠡᠯᠭᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠡᠯ᠎ᠡ ᠵᠦᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ ᠂ ᠡᠯ᠎ᠡ ᠵᠦᠢᠯ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ ᠂ ᠮᠠᠨ ᠤ ᠲᠣᠭᠤᠷᠢᠭ ᠤᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠤᠢ ᠰᠢᠭᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1