3 ᠰᠠᠷ᠎ᠠ ᠶᠢᠨ 1 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠫᠢᠩᠵᠤᠸᠠᠩ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ | ᠬᠤᠸᠠᠩ ᠾᠧ ᠨᠡᠶᠢᠭᠡᠮ ᠲᠣᠭᠤᠷᠢᠭ ᠲᠤ ᠬᠦᠷᠴᠦ ᠯᠧᠢ ᠹᠧᠩ ᠠᠴᠠ ᠰᠤᠷᠤᠯᠴᠠᠬᠤ ᠵᠢᠴᠢ ︽ᠪᠣᠯᠪᠠᠰᠤᠨ ᠤ | ᠦᠢᠯᠡᠳᠦᠯᠭᠡ ᠳᠤ ᠪᠢ ᠪᠣᠯ ᠠᠵᠢᠯᠯᠠᠭᠴᠢ ᠮᠥᠨ ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ | ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠨᠠᠮ ᠤᠨ ᠭᠡᠰᠢᠭᠦᠨ | ᠺᠠᠳ᠋ᠷ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠨᠢ | ᠪᠠᠲᠤᠳᠬᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠪᠡ᠃ | | | | ᠠᠵᠢᠯᠯᠠᠭ᠎ᠠ ᠶᠢᠨ ᠳᠤᠮᠳᠠ ᠣᠯᠠᠨ ᠢᠶᠠᠷ ᠢᠶᠠᠨ ᠤᠯᠠᠭᠠᠨ ᠤᠭᠤᠵᠢ ᠡᠮᠦᠰᠦᠨ᠂ ᠭᠠᠷ ᠲᠠᠭᠠᠨ ᠱᠦᠭᠦᠷ᠂ ᠵᠢᠵᠢᠭ | ᠬᠤᠰᠤᠭᠤᠷ ᠵᠡᠷᠭᠡ ᠴᠡᠪᠡᠷᠯᠡᠭᠡ ᠶᠢᠨ ᠪᠠᠭᠠᠵᠢ ᠬᠡᠷᠡᠭᠰᠡᠯ ᠪᠠᠷᠢᠵᠤ ᠂ ᠬᠠᠮᠲᠤᠷᠠᠨ ᠠᠵᠢᠯᠯᠠᠵᠤ᠂ ᠠᠵᠢᠯ ᠢᠶᠠᠨ ᠵᠣᠬᠢᠰᠲᠠᠢ | ᠬᠤᠪᠢᠶᠠᠷᠢᠯᠠᠨ ᠂ ᠱᠦᠭᠦᠷᠳᠡᠯᠲᠡ ᠶᠢᠨ ᠠᠵᠢᠯ ᠳᠤ ᠢᠳᠡᠪᠬᠢᠲᠡᠢ ᠣᠷᠣᠯᠴᠠᠵᠤ᠂ ᠨᠠᠮ ᠤᠨ ᠭᠡᠰᠢᠭᠦᠨ ᠰᠠᠶᠢᠨ ᠳᠤᠷ᠎ᠠ | ᠶᠢᠨ ᠦᠢᠯᠡᠴᠢᠯᠡᠭᠴᠢᠳ ᠤᠨ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠵᠣᠷᠢᠭ | ᠰᠠᠨᠠᠭᠠᠨ ᠠᠴᠠ ︽ᠯᠧᠢ ᠹᠧᠩ︾ ᠤᠨ ᠪᠠᠷ᠎ᠠ ᠶᠢ ᠣᠯᠵᠤ ᠬᠠᠷᠠᠭᠰᠠᠨ ᠰᠢᠭ᠋ ᠪᠠᠶᠢᠯ᠎ᠠ᠃ | ᠠᠵᠢᠯᠯᠠᠭ᠎ᠠ ᠶᠢᠨ ᠬᠤᠭᠤᠴᠠᠭᠠᠨ ᠳᠤ᠂ ᠲᠣᠭᠤᠷᠢᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶᠠᠨ ᠤ ᠰᠠᠶᠢᠨ | ᠳᠤᠷ᠎ᠠ ᠶᠢᠨ ᠠᠵᠢᠯᠯᠠᠭᠴᠢᠳ ᠪᠠᠰᠠ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠬᠠᠷᠠᠭᠠᠯᠵᠠᠯ | ᠭᠥᠷᠳᠡᠬᠦ᠂ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ᠂ ᠠᠵᠢᠯᠲᠠᠨ ᠠᠵᠢᠯᠴᠢᠨ ᠤ | ᠡᠭᠦᠳᠡᠨ ᠡᠮᠨᠡᠯᠭᠡ ᠶᠢ ᠨᠢᠭᠡᠳᠦᠯᠲᠡᠢ ᠲᠥᠯᠥᠪᠯᠡᠬᠦ ᠵᠡᠷᠭᠡ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠤᠬᠠᠭᠤᠯᠵᠤ | ᠂ ᠡᠮ ᠡᠮᠨᠡᠯᠭᠡ ᠶᠢᠨ ᠳᠠᠭᠠᠳᠬᠠᠯ ᠤᠨ ᠬᠠᠯᠠᠮᠰᠢᠯ ᠠᠰᠠᠭᠤᠳᠠᠯ ᠢ ᠨᠢᠭᠤᠷᠲᠠᠨ ᠲᠠᠶᠢᠯᠪᠤᠷᠢᠯᠠᠨ ᠥᠭᠴᠦ᠂ ᠥᠷᠭᠡᠨ | ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠡᠢ᠃ | ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠲᠣᠰ ᠲᠣᠪᠴᠢᠶ᠎ᠠ 200 ᠭᠠᠷᠤᠢ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠢ ᠵᠠᠭᠤ ᠭᠠᠷᠤᠢ ᠬᠥᠮᠥᠨ ᠡᠭᠡᠯᠵᠢ ᠭᠥᠯᠢᠶᠡᠨ ᠠᠪᠴᠤ ᠠᠰᠠᠭᠤᠨ | ᠯᠠᠪᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠵᠦ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠶᠢ ᠳᠡᠭᠡᠭᠰᠢᠯᠡᠭᠦᠯᠪᠡ᠃ | |