ᠵᠠᠩ ᡁᠢ ᠸᠧᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/7
    3 ᠰᠠᠷ᠎ᠠ ᠶᠢᠨ 5᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
1_副本.jpg
2_副本.jpg
3_副本.jpg
4_副本.jpg
       ᠤᠯᠠᠭᠠᠨᠬᠠᠳᠠ ᠬᠤᠳᠠ ᠶᠢᠨ ᠰᠢᠶᠠᠩ ᠶᠠᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠵᠢᠶᠠᠨ ᠴᠠᠩ ᠶᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠭᠦ᠋ ᠱᠠᠨ ᠪᠠᠯᠭᠠᠰᠤᠨ ᠤ ᠨᠢᠭᠡᠳᠦᠭᠡᠷ ᠨᠡᠭᠦᠷᠡᠰᠦᠨ ᠠᠭᠤᠷᠬᠠᠢ ᠳᠤ ᠂ ᠵᠠᠩ ᡁᠢ ᠸᠧᠢ ᠨᠡᠭᠦᠷᠡᠰᠦᠨ ᠠᠭᠤᠷᠬᠠᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠵᠤ ᠂ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠠᠰᠠᠭᠤᠨ ᠯᠠᠪᠯᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠴᠡᠢ ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ ᠂ ᠠᠵᠢᠯᠲᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ᠃ ᠲᠤᠰᠬᠠᠢ ᠮᠡᠷᠭᠡᠵᠢᠯᠲᠡᠨ ᠢ ᠤᠷᠢᠵᠤ ᠠᠮᠤᠷ ᠲᠦᠪᠰᠢᠨ ᠤ ᠪᠠᠶᠢᠴᠠᠭᠠᠯᠲᠠ ᠶᠢᠨ ᠵᠢᠯᠤᠭᠤᠳᠬᠤ ᠠᠵᠢᠯ ᠢ ᠥᠷᠨᠢᠭᠦᠯᠵᠦ ᠂ ᠪᠦᠬᠦ ᠶᠠᠪᠤᠴᠠ ᠶᠢᠨ ᠡᠯ᠎ᠡ ᠭᠤᠭᠴᠤᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃ ᠤᠯᠠᠭᠠᠨᠬᠠᠳᠠ ᠬᠤᠲᠠ ᠶᠢᠨ ᠰᠢᠶᠠᠩ ᠶᠠᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠠᠭᠤᠷᠬᠠᠢ ᠶᠢᠨ ᠬᠤᠳᠳᠤᠭ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠬᠡᠷᠡᠭᠲᠡᠢ᠃ ᠭᠦ᠋ ᠱᠠᠨ ᠪᠠᠯᠭᠠᠰᠤᠨ ᠤ ᠨᠢᠭᠡᠳᠦᠭᠡᠷ ᠨᠡᠭᠦᠷᠡᠰᠦᠨ ᠠᠭᠤᠷᠬᠠᠢ ᠶᠢᠨ ᠬᠢᠨ ᠨᠡᠭᠦᠷᠡᠰᠦᠨ ᠠᠭᠤᠷᠬᠠᠢ ᠶᠢᠨ ᠡᠬᠢ ᠪᠠᠶᠠᠯᠢᠭ ᠢ ᠨᠢᠢᠳᠬᠡᠬᠦ᠂ ᠬᠤᠯᠪᠤᠭᠠᠯᠠᠨ ᠥᠭᠡᠷᠡᠴᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠠᠭᠤᠷᠬᠠᠢ ᠶᠢᠨ ᠬᠤᠳᠳᠤᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠪᠦᠬᠦᠯᠢ ᠴᠣᠭᠴᠠ ᠶᠢᠨ ᠨᠡᠭᠡᠭᠡᠨ ᠬᠥᠭᠵᠢᠭᠦᠯᠬᠦ ᠲᠦᠪᠰᠢᠨ ᠢ ᠳᠡᠭᠡᠭᠰᠢᠯᠡᠭᠦᠯᠵᠦ ᠂ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠨ ᠪᠠᠳᠠᠷᠠᠭᠤᠯᠬᠤ ᠬᠡᠷᠡᠭᠲᠡᠢ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ᠂ ᠠᠮᠤᠷ ᠲᠦᠪᠰᠢᠨ ᠤ ᠭᠡᠮ ᠰᠤᠭᠤᠭ ᠪᠠ ᠠᠰᠠᠭᠤᠳᠠᠯ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃    ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠨ᠎ᠡ ᠡᠨᠧᠷᠭᠢ ᠶᠢᠨ ᠰᠠᠯᠬᠢᠨ ᠤ ᠮᠠᠰᠢᠨ ᠤ ᠲᠤᠬᠠᠢ ᠶᠢᠨ ᠲᠠᠯᠠᠪᠠᠢ ᠳᠤ ᠂ ᠵᠠᠩ ᡁᠢ ᠸᠧᠢ ᠰᠢᠨ᠎ᠡ ᠡᠨᠧᠷᠭᠢ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠵᠣᠯᠭᠠᠯᠴᠠᠨ ᠣᠯᠣᠯᠴᠠᠬᠤ ᠪᠠᠨ ᠴᠢᠨᠠᠭᠰᠢᠳᠠ ᠴᠢᠩᠭᠠᠳᠬᠠᠵᠤ ᠂ ᠬᠠᠮᠲᠤᠪᠠᠷ ᠬᠦᠴᠦᠯᠡᠵᠦ ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭ᠎ᠠ ᠶᠢ ᠡᠵᠡᠮᠳᠡᠵᠦ ᠂ ᠨᠢᠭᠡ ᠪᠦᠯᠦᠭ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠪᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠂ ᠨᠡᠭᠦᠷᠡᠰᠥᠨ ᠴᠠᠬᠢᠯᠭᠠᠨ ᠪᠣᠯᠣᠨ ᠳᠠᠬᠢᠠ ᠡᠭᠦᠰᠴᠦ ᠪᠣᠯᠬᠤ ᠡᠨᠧᠷᠭᠢ ᠶᠢᠨ ᠬᠤᠯᠪᠤᠭᠠᠯᠠᠨ ᠡᠵᠡᠩᠨᠡᠬᠦ ᠶᠢ ᠨᠢᠭᠡ ᠴᠣᠭᠴᠠᠵᠢᠭᠤᠯᠬᠤ ᠲᠦᠷᠦᠯ ᠵᠦᠢᠯ ᠢ ᠲᠦᠷᠭᠡᠨ ᠠᠬᠢᠭᠤᠯᠬᠤ ᠬᠡᠷᠡᠭᠲᠡᠢ᠃ ᠶᠤᠸᠠᠨ ᠪᠣᠥ ᠱᠠᠨ ᠤ ᠴᠠᠬᠢᠯᠭᠠᠨ ᠤ ᠠᠵᠤ ᠦᠢᠯᠡᠳᠪᠦᠷᠢ ᠶᠢᠨ ᠥᠪ ᠬᠥᠷᠥᠩᠭᠡ ᠶᠢ ᠬᠠᠮᠠᠭᠠᠯᠠᠬᠤ ᠪᠠ ᠠᠰᠢᠭᠯᠠᠬᠤ ᠪᠠᠷ ᠳᠠᠮᠵᠢᠭᠤᠯᠤᠨ᠂ ᠠᠵᠤ ᠦᠢᠯᠡᠳᠪᠦᠷᠢ ᠬᠢᠭᠡᠳ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠬᠤ ᠬᠡᠷᠡᠭᠲᠡᠢ ᠭᠡᠵᠡᠢ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠂ ᠵᠠᠩ ᡁᠢ ᠸᠧᠢ ᠪᠠᠰᠠ ᠢᠨᠵᠠᠭ᠎ᠠ ᠶᠢᠨ ᠭᠤᠣᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠢᠨᠠᠨ ᠵᠢᠯᠣᠭᠤᠳᠪᠠ ᠃ ᠲᠡᠷᠡ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠨᠵᠠᠭ᠎ᠠ ᠶᠢᠨ ᠭᠤᠣᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠯᠭᠠᠰᠤ ᠬᠢᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1