ᠶᠤᠸᠠᠨ ᠪᠦᠦ ᠱᠠᠨ ᠲᠣᠭᠤᠷᠢᠭ 2024 ᠣᠨ ᠤ ︽ᠯᠧᠢ ᠹᠧᠩ ᠠᠴᠠ ᠰᠤᠷᠤᠯᠴᠠᠶ᠎ᠠ · ᠪᠣᠯᠪᠠᠰᠤᠨ ᠤ ᠥᠢᠯᠡᠳᠦᠯᠭᠡ ᠳᠤ ᠪᠢ ᠠᠵᠢᠯᠯᠠᠭ᠎ᠠ ᠬᠢᠨ᠎ᠡ︾ ᠭᠡᠬᠦ ᠭᠤᠣᠯ ᠰᠡᠳᠦᠪᠲᠦ ᠬᠥᠳᠡᠯᠭᠡᠭᠡᠨ ᠢ ᠡᠬᠢᠯᠡᠭᠦᠯᠪᠡ
ᠨᠡᠶᠢᠲᠡᠯᠡᠭᠰᠡᠨ ᠴᠠᠭ᠄
2024/3/7
    3 ᠰᠠᠷ᠎ᠠ ᠶᠢᠨ 5᠎ ᠤ ᠡᠳᠦᠷ᠂ ᠶᠤᠸᠠᠨ ᠪᠦᠦ ᠱᠠᠨ ᠲᠣᠭᠤᠷᠢᠭ 2024 ᠣᠨ ᠤ ︽ᠯᠧᠢ ᠹᠧᠩ ᠎ ᠠᠴᠠ ᠰᠤᠷᠤᠯᠴᠠᠶ᠎ᠠ · ᠪᠣᠯᠪᠠᠰᠤᠨ ᠤ ᠥᠢᠯᠡᠳᠦᠯᠭᠡ ᠳᠤ ᠪᠢ ᠠᠵᠢᠯᠯᠠᠭ᠎ᠠ ᠬᠢᠨ᠎ᠡ︾ ᠭᠡᠬᠦ ᠭᠤᠣᠯ ᠰᠡᠳᠦᠪᠲᠦ ᠬᠥᠳᠡᠯᠭᠡᠭᠡᠨ ᠤ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠤᠬᠠᠭᠤᠯᠬᠤ ᠭᠡᠰᠢᠭᠦᠨ ᠂ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠪᠴᠠᠩ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠂ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠬᠥᠳᠡᠯᠭᠡᠭᠡᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃
1_副本.jpg
       ᠡᠬᠢᠯᠡᠯᠲᠡ ᠶᠢᠨ ᠶᠣᠰᠣᠯᠠᠯ ᠳᠡᠭᠡᠷ᠎ᠡ ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ 2024 ᠣᠨ ᠤ ︽ ᠯᠧᠢ ᠹᠧᠩ ᠡᠴᠠ‌‍ᠰᠤᠷᠤᠯᠴᠠᠶ᠎ᠠ · ᠪᠣᠯᠪᠠᠰᠤᠨ ᠎ ᠤ ᠥᠢᠯᠡᠳᠦᠯᠭᠡ ᠳᠤ  ᠪᠢ ᠠᠵᠢᠯᠯᠠᠭ᠎ᠠ ᠬᠢᠨ᠎ᠡ︾ ᠭᠡᠬᠦ ᠭᠤᠣᠯ ᠰᠡᠳᠦᠪᠲᠦ ᠬᠥᠳᠡᠯᠭᠡᠭᠡᠨ ᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ ︔ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ︔ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ᠲᠠᠩᠭᠠᠷᠢᠭᠯᠠᠪᠠ᠃
2_副本.jpg
3_副本.jpg
4_副本.jpg
5_副本.jpg
       ᠣᠶᠢᠯᠠᠭᠠᠭᠰᠠᠨ ᠢᠶᠠᠷ᠂ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠠᠯᠪᠠᠨ ᠵᠢᠷᠤᠮ ᠤᠨ ᠡᠮᠴᠢᠯᠡᠭᠡ᠂ ᠲᠠᠷᠢᠶᠠᠯᠠᠩ ᠤᠨ ᠮᠡᠷᠭᠡᠵᠢᠯ ᠢ ᠬᠥᠳᠡᠭᠡ ᠬᠦᠷᠭᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠨᠠᠰᠤᠲᠠᠨ ᠢ ᠬᠦᠨᠳᠦᠯᠡᠵᠦ ᠨᠠᠰᠤᠲᠠᠨ ᠢ ᠬᠠᠪᠰᠤᠷᠬᠤ᠂ ᠰᠡᠳᠬᠢᠴᠡ ᠶᠢᠨ ᠵᠥᠪᠯᠡᠯᠭᠡ ᠥᠭᠴᠦ ᠵᠢᠯᠤᠭᠤᠳᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠳᠡᠯᠭᠡᠭᠡᠨ ᠢ ᠨᠢᠭᠡᠳᠦᠯᠲᠡᠢ ᠪᠠᠶᠢᠷᠢᠯᠠᠭᠤᠯᠤᠨ ᠥᠷᠨᠢᠭᠦᠯᠵᠦ᠂ ᠡᠭᠦᠨ ᠤ ᠬᠠᠮᠲᠤ᠂ ᠲᠤᠰ ᠤᠳᠠᠭᠠᠨ ᠤ ᠥᠷᠨᠢᠭᠦᠯᠦᠭᠰᠡᠨ ︽ᠯᠧᠢ ᠹᠧᠩ ᠎ ᠠᠴᠠ ᠰᠤᠷᠤᠯᠴᠠᠶ᠎ᠠ · ᠪᠣᠯᠪᠠᠰᠤᠨ ᠎ ᠤ ᠥᠢᠯᠡᠳᠦᠯᠭᠡ ᠳᠤ  ᠪᠢ ᠠᠵᠢᠯᠯᠠᠭ᠎ᠠ ᠬᠢᠨ᠎ᠡ︾ ᠭᠡᠬᠦ ᠭᠤᠣᠯ ᠰᠡᠳᠦᠪᠲᠦ ᠬᠥᠳᠡᠯᠭᠡᠭᠡᠨ ᠎ ᠢᠶᠠᠷ ᠠᠵᠠ ᠲᠣᠬᠢᠶᠠᠯ ᠪᠣᠯᠭᠠᠵᠤ᠂ ᠰᠢᠨ᠎ᠡ ᠬᠠᠷᠢᠭᠤᠴᠠᠯᠭ᠎ᠠ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠴᠠᠭ ᠦᠶ᠎ᠡ ᠶᠢᠨ ᠯᠧᠢ ᠹᠧᠩ ᠤᠨ ᠦᠯᠢᠭᠡᠷ ᠢ ᠪᠢᠴᠢᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ ᠂ ᠨᠠᠮ ᠤᠨ ᠭᠡᠰᠢᠭᠦᠨ ᠺᠠᠳ᠋ᠷ ᠪᠠ ᠰᠠᠶᠢᠨ ᠳᠤᠷ᠎ᠠ ᠶᠢᠨ ᠠᠵᠢᠯᠯᠠᠭᠴᠢᠳ ᠤᠨ ᠯᠧᠢ ᠹᠧᠩ ᠠᠴᠠ ᠰᠤᠷᠤᠯᠴᠠᠬᠤ ᠬᠥᠳᠡᠯᠭᠡᠭᠡᠨ ᠤ ᠳᠤᠮᠳᠠᠬᠢ ᠰᠢᠨ᠎ᠡ ᠬᠦᠴᠦᠨ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠵᠦ ᠪᠣᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠬᠦᠴᠦᠯᠡᠨ ᠡᠭᠦᠳᠴᠦ ᠂ ᠠᠷᠠᠳ ᠤᠯᠠᠨ ᠤ ᠣᠷᠣᠯᠴᠠᠬᠤ ᠬᠡᠮᠵᠢᠶ᠎ᠡ ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠠᠷ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1