ᠶᠤᠸᠠᠨ ᠪᠦᠦ ᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ 2024 ᠣᠨ ᠤ ᠡᠪᠦᠯ ᠬᠠᠪᠤᠷ ᠤᠨ ᠲᠠᠷᠢᠶᠠᠴᠢᠳ ᠤᠨ ᠶᠡᠭᠡ ᠪᠣᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/7
   
1_副本.jpg
       3 ᠰᠠᠷ᠎ᠠ ᠶᠢᠨ 4᠎ ᠤ ᠡᠳᠦᠷ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠫᠢᠩᠵᠤᠸᠠᠩ ᠵᠣᠴᠢᠳ ᠤᠨ ᠪᠠᠭᠤᠳᠠᠯ ᠳᠤ 2024 ᠣᠨ ᠤ ᠡᠪᠦᠯ ᠬᠠᠪᠤᠷ ᠤᠨ ᠲᠠᠷᠢᠶᠠᠴᠢᠳ ᠤᠨ ᠶᠡᠭᠡ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠰᠢᠤᠸᠠᠢ ᠵᠢᠶᠦ᠋ᠨ ᠳ᠋ᠣᠺᠲ᠋ᠣᠷ ᠢ ᠲᠤᠰᠬᠠᠶᠢᠯᠠᠨ ᠤᠷᠢᠵᠤ ᠵᠢᠭᠠᠨ ᠵᠢᠯᠣᠭᠤᠳᠤᠭᠤᠯᠪᠠ᠃ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ‌‍ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶᠠᠨ ᠤ ᠠᠮᠤ ᠪᠤᠳᠠᠭ᠎ᠠ ᠳᠤᠰᠤᠨ ᠤ ᠰᠠᠯᠠᠭ᠎ᠠ ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶᠠᠨ ᠤ ᠮᠡᠷᠭᠡᠵᠢᠯ ᠳᠡᠯᠭᠡᠷᠡᠭᠦᠯᠬᠦ ᠲᠥᠪ ᠤᠨ ᠬᠠᠷᠢᠭᠤᠴᠠᠯᠭᠠᠲᠠᠨ ᠂ ᠪᠦᠬᠦ ᠲᠣᠭᠤᠷᠢᠭ ᠤᠨ ᠡᠯ᠎ᠡ ᠪᠠᠯᠭᠠᠰᠤ ᠰᠢᠶᠠᠩ ᠤᠨ ᠲᠤᠰᠬᠠᠢ ᠠᠵᠢᠯ ᠤᠨ ᠬᠤᠷᠰᠢᠶ᠎ᠠ ᠂ ᠲᠠᠷᠢᠮᠠᠯ ᠤᠨ ᠲᠣᠮᠣ ᠡᠷᠦᠬᠡ ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠵᠡᠷᠭᠡ 300 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ ᠃    ᠲᠣᠰ ᠤᠳᠠᠭᠠᠨ ᠤ ᠪᠣᠯᠪᠠᠰᠤᠷᠠᠯ ᠤᠨ ᠬᠢᠴᠢᠶᠡᠯ ᠨᠢ ᠡᠷᠳᠡᠨᠢ ᠰᠢᠰᠢ ᠶᠢ ᠨᠢᠭᠲᠠ ᠲᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ᠂ ᠪᠦᠷᠬᠦᠭᠦᠯ ᠦᠭᠡᠢ ᠪᠠᠷ ᠭᠦᠶᠦᠬᠡᠨ ᠪᠤᠯᠠᠵᠤ ᠳᠤᠰᠤᠯᠭᠠᠨ ᠤᠰᠤᠯᠠᠵᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠪᠥᠬᠦ ᠪᠦᠷᠬᠦᠭᠦᠯ ᠢᠶᠠᠷ ᠬᠤᠣᠰ ᠳᠠᠯᠠᠩ ᠤᠨ ᠭᠤᠤ ᠶᠢ ᠪᠥᠷᠬᠦᠭᠦᠯᠵᠦ ᠳᠠᠷᠢᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠭᠠᠵᠠᠷ ᠲᠡᠭᠰᠢᠯᠡᠬᠦ ᠂ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠬᠤ ᠂ ᠵᠠᠮᠴᠢᠯᠠᠨ ᠨᠠᠷᠢᠯᠢᠭ ᠲᠠᠷᠢᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠭᠤᠣᠯᠳᠠᠯᠭ᠎ᠠ ᠲᠠᠢ ᠪᠠᠷ ᠲᠠᠶᠢᠯᠤᠮᠵᠢ ᠬᠢᠵᠦ ᠂ ᠬᠢᠴᠢᠶᠡᠯ ᠤᠨ ᠠᠭᠤᠯᠭ᠎ᠠ ᠨᠢ ᠠᠮᠢᠳᠤᠯᠢᠭ ᠪᠠᠶᠠᠯᠢᠭ ᠂ ᠤᠨᠤᠯ ᠪᠠ ᠦᠢᠯᠡᠳᠦᠯᠭᠡ ᠶᠢ ᠤᠶᠠᠯᠳᠤᠭᠤᠯᠤᠨ᠂ ᠮᠠᠰᠢ ᠴᠢᠩᠭ᠎ᠠ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ ᠂ ᠲᠠᠷᠢᠮᠠᠯ ᠤᠨ ᠡᠷᠦᠬᠡ ᠶᠢᠨ ᠡᠷᠳᠡᠨᠢ ᠰᠢᠰᠢ ᠶᠢᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠬᠤ ᠳᠤ ᠵᠢᠯᠣᠭᠤᠳᠤᠯᠭ᠎ᠠ ᠪᠠ ᠯᠠᠪᠯᠠᠯᠲᠠ ᠬᠠᠩᠭᠠᠪᠠ ᠃    ᠣᠶᠢᠯᠠᠭᠠᠭᠰᠠᠨ ᠢᠶᠠᠷ ᠂ ᠲᠣᠰ ᠤᠳᠠᠭᠠᠨ ᠤ ᠪᠣᠯᠪᠠᠰᠤᠷᠠᠯ ᠪᠣᠯ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ  ᠲᠣᠪᠴᠢᠶᠠᠨ ᠤ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠲᠥᠷᠥᠯ ᠵᠦᠢᠯ ᠳᠤ ᠲᠦᠰᠢᠭᠯᠡᠨ᠂ ︽ᠵᠠᠩᠭᠢᠯᠠᠭ᠎ᠠ ᠶᠢ ᠳᠣᠪᠤᠶᠢᠯᠭᠠᠬᠤ᠂ ᠬᠦᠴᠦᠨ ᠢᠶᠠᠨ ᠲᠥᠪᠯᠡᠷᠡᠭᠦᠯᠬᠦ᠂ ᠬᠠᠮᠵᠢᠯᠴᠠᠨ ᠪᠠᠶᠢᠯᠳᠤᠬᠤ︾ ᠰᠡᠳᠬᠢᠮᠵᠢ ᠶᠣᠰᠣᠭᠠᠷ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠪᠠᠷ ᠭᠤᠣᠯᠳᠠᠯᠭ᠎ᠠ ᠪᠣᠯᠭᠠᠵᠤ ᠥᠷᠨᠢᠭᠦᠯᠥᠭᠰᠡᠨ ᠲᠤᠰᠬᠠᠢ ᠰᠡᠳᠦᠪᠲᠦ ᠪᠣᠯᠪᠠᠰᠤᠷᠠᠯ ᠤᠨ ᠬᠥᠳᠡᠯᠭᠡᠭᠡᠨ ᠪᠣᠯᠣᠨ᠎ᠠ᠃    ᠳᠠᠷᠠᠭᠠᠴᠢ ᠶᠢᠨ ᠠᠯᠬᠤᠮ ᠳᠤ ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠲᠥᠬᠦᠭᠡᠷᠦᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠦᠢᠯᠡᠳᠪᠦᠷᠢᠯᠡᠯ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠵᠢᠷᠤᠮᠵᠢᠭᠤᠯᠤᠨ ᠦᠢᠯᠡᠳᠪᠦᠷᠢᠯᠡᠵᠦ ᠡᠵᠡᠩᠨᠡᠬᠦ ᠵᠡᠷᠭᠡ ᠬᠦᠷᠢᠶᠡᠨ ᠤ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ ᠂ ᠪᠦᠬᠦ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠬᠦᠴᠦᠲᠡᠢ ᠮᠡᠷᠭᠡᠵᠢᠯ ᠤᠨ ᠪᠠᠲᠤᠯᠠᠭ᠎ᠠ ᠬᠠᠩᠭᠠᠨ᠎ᠠ ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1