ᠹᠧᠩ ᠱᠦᠢ ᠭᠧᠦ ᠪᠠᠯᠭᠠᠰᠤ᠄ ᠡᠯ᠎ᠡ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ  ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/8
    ᠣᠶᠢᠷ᠎ᠠ ᠶᠢᠨ ᠡᠳᠦᠷ ᠤᠳ ᠲᠤ᠂ ᠹᠧᠩ ᠱᠦᠢ ᠭᠧᠦ ᠪᠠᠯᠭᠠᠰᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ ᠂ ᠬᠠᠷᠢᠶ᠎ᠠ ᠣᠷᠣᠨ ᠤ ᠳᠣᠲᠣᠷᠠᠬᠢ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ ᠂ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠵᠦ ᠂ ᠠᠶᠤᠯᠭᠦᠢ ᠦᠢᠯᠡᠳᠪᠦᠷᠢᠯᠡᠯ ᠤᠨ ︽ ᠠᠩᠬᠠᠨ ᠤ ᠬᠢᠴᠢᠶᠡᠯ ︾᠎ ᠢ ᠢᠳᠡᠪᠬᠢᠲᠡᠢ ᠰᠠᠶᠢᠲᠤᠷ ᠰᠤᠷᠤᠯᠴᠠᠵᠤ ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠡ ᠦᠭᠡᠢ ᠪᠠᠬᠢᠵᠢᠭᠦᠯᠵᠦ ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠪᠠ ᠃
1_副本.jpg
       ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠪᠠᠯᠭᠠᠰᠤᠨ ᠤ ᠬᠡᠪᠴᠢᠶᠡᠨ ᠎ ᠳᠠᠬᠢ ᠠᠮᠤᠷ ᠲᠦᠪᠰᠢᠨ ᠤ ᠲᠤᠤᠷ ᠢ ᠨᠢᠭᠲᠠ ᠰᠥᠯᠵᠢᠪᠡ᠃    ᠹᠧᠩ ᠱᠦᠢ ᠭᠧᠦ ᠪᠠᠯᠭᠠᠰᠤ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠵᠤ ᠠᠬᠤᠶᠢᠯᠠᠯ ᠂ ᠭᠠᠯ ᠤᠨᠲᠠᠷᠠᠭᠠᠬᠤ ᠂ ᠤᠢ ᠰᠢᠭᠤᠢ ᠂ ᠬᠥᠳᠡᠭᠡ ᠠᠵᠤ ᠠᠬᠤᠢ ᠵᠡᠷᠭᠡ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠢ ᠬᠤᠷᠠᠯᠳᠤᠭᠤᠯᠵᠤ ᠂ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠤ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠤ ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠬᠦᠷᠢᠶᠡᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠴᠠᠭᠠᠨ ᠰᠠᠷ᠎ᠠ ᠶᠢᠨ ᠪᠠᠶᠠᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ︔ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠂ ᠡᠯ᠎ᠡ ᠲᠣᠰᠬᠤᠨ ︵ ᠨᠡᠶᠢᠭᠡᠮ ᠲᠣᠭᠤᠷᠢᠭ ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠥᠮᠥᠨ ᠤᠯᠠᠨ ᠴᠤᠭᠯᠠᠷᠠᠭᠰᠠᠨ ᠂ ᠨᠣᠴᠣᠮᠠᠲᠠᠭᠠᠢ ᠳᠡᠯᠪᠡᠷᠡᠮᠡᠲᠡᠭᠡᠢ ᠂ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ ᠂ ᠭᠠᠷᠴᠤ ᠮᠡᠳᠡᠬᠦ ᠡᠯ᠎ᠡ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠷᠢᠳᠴᠢᠯᠠᠨ ᠰᠤᠳᠤᠯᠤᠨ ᠮᠠᠭᠠᠳᠯᠠᠵᠤ ᠂ ᠴᠢᠭᠯᠡᠭᠦᠯᠬᠦ ᠴᠢᠨᠠᠷᠲᠠᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠪᠠ ︔ ᠪᠠᠯᠭᠠᠰᠤ ᠲᠣᠰᠬᠤᠨ ᠬᠤᠶᠠᠷ ᠱᠠᠲᠤᠨ ᠤ ᠬᠢᠨ ︽ᠣᠶ ᠰᠢᠭᠤᠢ ᠶᠢᠨ ᠳᠠᠷᠤᠭ᠎ᠠ ᠶᠢᠨ ᠳᠦᠷᠢᠮ︾᠎ ᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠢ ᠬᠠᠮᠠᠭᠠᠯᠠᠭᠴᠢ ᠡᠳᠦᠷ ᠪᠦᠷᠢ ᠭᠤᠣᠯᠳᠠᠯᠭ᠎ᠠ ᠲᠠᠢ ᠣᠷᠣᠨ ᠪᠦᠰᠡ ᠳᠤ ᠬᠦᠷᠴᠦ ᠲᠣᠭᠤᠷᠢᠨ ᠪᠠᠶᠢᠴᠠᠭᠠᠯᠲᠠ ᠬᠢᠵᠦ᠂ ᠭᠤᠣᠯᠳᠠᠯᠭ᠎ᠠ ᠲᠠᠢ ᠬᠥᠮᠥᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠭᠤᠯᠠᠨ ᠳᠤ ᠣᠷᠣᠵᠤ ᠭᠠᠷᠬᠤ ᠬᠥᠮᠥᠰ ᠢ ᠴᠢᠩᠭ᠎ᠠ ᠪᠠᠶᠢᠴᠠᠭᠠᠵᠤ᠂ ᠭᠠᠯ ᠤᠨ ᠠᠶᠤᠯ ᠤᠨ ᠭᠡᠮ ᠰᠤᠭᠤᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠠᠮᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠪᠡᠯᠡᠳᠬᠡᠯ ᠢ ᠢᠳᠡᠪᠬᠢᠲᠡᠢ ᠰᠠᠶᠢᠲᠤᠷ ᠬᠢᠪᠡ᠃
2_副本.jpg
3_副本.jpg
       ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠬᠡᠮ ᠰᠣᠭᠤᠭ ᠢ ᠪᠦᠬᠦ ᠬᠦᠴᠥᠨ ᠢᠶᠠᠷ ᠢᠶᠠᠨ ᠵᠢᠭᠰᠠᠭᠠᠨ ᠪᠠᠶᠢᠴᠠᠭᠠᠪᠠ᠃    ᠹᠧᠩ ᠱᠦᠢ ᠭᠧᠦ ᠪᠠᠯᠭᠠᠰᠤ ᠣᠳᠣᠬᠠᠨ ᠤ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠭᠰᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠣᠰᠬᠤᠨ ᠤ ᠳᠠᠭᠠᠭᠠᠴᠢᠯᠠᠭᠰᠠᠨ ᠤᠳᠤᠷᠢᠳᠤᠯᠭ᠎ᠠ᠂ ᠪᠠᠯᠭᠠᠰᠤᠨ ᠤ ᠲᠤᠰᠬᠠᠢ ᠬᠦᠷᠢᠶᠡᠨ ᠤ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠬᠤᠳᠠᠯᠳᠤᠭ᠎ᠠ ᠴᠢᠯᠥᠭᠡᠲᠥ ᠳᠡᠯᠭᠡᠭᠦᠷ᠂ ᠠᠶᠤᠯᠲᠠᠢ ᠬᠢᠮᠢ ᠶᠢᠨ ᠪᠣᠳᠠᠰ᠂ ᠰᠢᠭᠤᠶᠢᠲᠤ ᠣᠷᠣᠨ ᠤ ᠵᠠᠮ ᠤᠨ ᠠᠭᠤᠯᠵᠠᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ᠂ ᠨᠣᠴᠣᠮᠠᠲᠠᠭᠠᠢ ᠳᠡᠯᠪᠡᠷᠡᠮᠡᠲᠡᠭᠡᠢ ᠲᠠᠯᠠᠪᠤᠷ ᠲᠤ ᠭᠦᠨᠵᠡᠭᠡᠶᠢᠷᠡᠨ ᠪᠦᠬᠦ ᠲᠠᠯ᠎ᠠ ᠶᠢᠨ᠂ ᠲᠣᠣᠷ ᠲᠠᠲᠠᠬᠤ ᠮᠠᠶ᠋ᠢᠭ ᠤᠨ ᠠᠮᠤᠷ ᠲᠦᠪᠰᠢᠨ ᠤ ᠭᠡᠮ ᠰᠤᠭᠤᠭ ᠢ ᠵᠢᠭᠰᠠᠭᠠᠨ ᠪᠠᠶᠢᠴᠠᠭᠠᠵᠤ᠂ ᠲᠡᠷᠡᠴᠢᠯᠡᠨ ᠭᠤᠣᠯᠳᠠᠯᠭ᠎ᠠ ᠲᠠᠢ ᠰᠢᠭᠤᠶᠢᠲᠤ ᠣᠷᠣᠨ᠂ ᠠᠭᠤᠯᠠᠨ ᠠᠮᠠ᠂ ᠭᠤᠣᠯ ᠤᠨ ᠵᠠᠮ ᠢᠶᠠᠷ ᠲᠣᠭᠤᠷᠢᠨ ᠴᠠᠭᠳᠠᠵᠤ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠳᠤᠲᠠᠭᠳᠠᠵᠤ ᠪᠠᠶᠢᠬᠤ᠂ ᠭᠠᠯ ᠤᠨᠲᠠᠷᠠᠭᠠᠬᠤ ᠵᠠᠮ ᠤᠨ ᠡᠮᠦᠨ᠎ᠡ ᠡᠯᠳᠡᠪ ᠪᠣᠳᠠᠰ ᠪᠠᠶᠢᠬᠤ᠂ ᠭᠠᠯ ᠤᠨᠲᠠᠷᠠᠭᠠᠭᠤᠷ ᠦᠢᠯᠡᠳᠦᠯ ᠢᠶᠠᠨ ᠠᠯᠳᠠᠭᠰᠠᠨ᠂ ᠲᠠᠷᠢᠶᠠᠯᠠᠩ ᠤᠨ ᠪᠡᠯᠡᠳᠬᠡᠮᠵᠢ ᠲᠥᠬᠦᠭᠡᠷᠦᠮᠵᠢ ᠶᠢᠨ ᠬᠡᠷᠡᠭᠯᠡᠯᠲᠡ ᠵᠢᠷᠤᠮᠵᠢᠯ ᠦᠭᠡᠢ ᠪᠠᠶᠢᠬᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠡᠷᠭᠡ ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠦᠭᠰᠡᠨ ᠪᠠᠶᠢᠳᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ ᠵᠢᠭᠠᠵᠤ ᠭᠠᠷᠭᠠᠭᠰᠠᠨ ᠨᠢ᠂ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠠᠰᠠᠭᠤᠳᠠᠯ ᠪᠠ ᠠᠮᠤᠷ ᠲᠦᠪᠰᠢᠨ ᠤ ᠬᠡᠮ ᠰᠣᠭᠤᠭ ᠤᠨ ᠴᠡᠭ ᠲᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠣᠲᠣ ᠪᠣᠯᠲᠠᠯ᠎ᠠ᠂ ᠲᠣᠰ ᠪᠠᠯᠭᠠᠰᠤᠨ ᠤ ᠪᠠᠶᠢᠴᠠᠭᠠᠬᠤ ᠳᠤᠭᠤᠶᠢᠯᠠᠩ ᠤᠨ ᠎ ᠬᠢᠨ ᠨᠡᠶᠢᠲᠡ 64 ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢ ᠵᠢᠭᠰᠠᠭᠠᠨ ᠪᠠᠶᠢᠴᠠᠭᠠᠵᠤ᠂ 72 ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠵᠦ᠂ ᠴᠥᠮ ᠴᠡᠭᠴᠡᠯᠡᠨ ᠵᠠᠰᠠᠵᠤ ᠳᠠᠭᠤᠰᠬᠠᠭᠰᠠᠨ ᠪᠤᠶᠤ ᠴᠡᠭᠴᠡᠯᠡᠨ ᠵᠠᠰᠠᠬᠤ ᠬᠤᠭᠤᠴᠠᠭᠠᠨ ᠳᠤ ᠣᠷᠣᠭᠤᠯᠤᠭᠰᠠᠨ ᠪᠠᠶᠢᠨ᠎ᠠ︔ ᠵᠠᠮ ᠬᠠᠷᠢᠯᠴᠠᠭᠠᠨ ᠤ ᠠᠳᠡᠯ ᠣᠯᠠᠨ ᠭᠠᠷᠳᠠᠭ ᠵᠠᠮ ᠤᠨ ᠬᠡᠰᠡᠭ᠂ ᠭᠤᠣᠯ ᠨᠠᠭᠤᠷ ᠤᠨ ᠡᠷᠭᠢ᠂ ᠪᠣᠷᠳᠤᠭᠤᠷ ᠤᠨ ᠵᠣᠭᠤᠷᠢ ᠵᠡᠷᠭᠡ ᠬᠡᠮ ᠰᠣᠭᠤᠭ ᠲᠠᠢ ᠭᠠᠵᠠᠷ ᠎ ᠲᠤ 20 ᠭᠠᠷᠤᠢ ᠰᠡᠷᠡᠮᠵᠢ ᠶᠢᠨ ᠫᠠᠶᠢᠰᠠ ᠲᠠᠯᠪᠢᠵᠠᠢ ᠃
4_副本.jpg
5_副本.jpg
       ᠪᠠᠶᠢᠩᠭᠤ ᠶᠢᠨ ᠤᠬᠠᠭᠤᠯᠭ᠎ᠠ ᠬᠢᠵᠦ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠰᠠᠬᠢᠪᠠ᠃    ᠹᠧᠩ ᠱᠦᠢ ᠭᠧᠦ ᠪᠠᠯᠭᠠᠰᠤ ᠪᠠᠰᠠ ︽ ᠰᠦᠯᠵᠢᠶᠡᠨ ᠳᠡᠭᠡᠷ᠎ᠡ + ᠰᠦᠯᠵᠢᠶᠡᠨ  ᠭᠠᠳᠠᠨ᠎ᠠ︾ ᠬᠤᠶᠠᠷ ᠬᠡᠯᠪᠡᠷᠢ ᠪᠠᠷ ᠵᠡᠷᠭᠡᠪᠡᠷ ᠬᠦᠴᠦᠯᠡᠵᠦ ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠦᠬᠦᠨ ᠢ ᠪᠦᠷᠬᠦᠭᠦᠯᠬᠦ ᠪᠠᠶᠢᠷᠢᠰᠢᠯ ᠢ ᠢᠳᠡᠪᠬᠢᠲᠡᠢ ᠪᠠᠶᠢᠭᠤᠯᠵᠠᠢ ᠃ ᠰᠦᠯᠵᠢᠶᠡᠨ ᠳᠡᠭᠡᠷ᠎ᠡ ᠸᠢᠴᠠᠲ ᠤᠨ ᠪᠦᠯᠦᠭ᠂ ᠨᠡᠶᠢᠲᠡ ᠶᠢᠨ ᠳ᠋ᠤᠭᠠᠷ᠂ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠨ ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠠᠶᠤᠯᠭᠦᠢ ᠦᠢᠯᠡᠳᠪᠦᠷᠢᠯᠡᠯ ᠤᠨ ᠠᠭᠤᠷ ᠠᠮᠢᠰᠬᠤᠯ ᠢ ᠪᠣᠶ ᠪᠣᠯᠭᠠᠪᠠ︔ ᠰᠦᠯᠵᠢᠶᠡᠨ ᠭᠠᠳᠠᠨ᠎ᠠ ᠲᠣᠰᠬᠤᠨ ᠤ ᠷᠠᠳᠢᠣ᠋ ᠨᠡᠪᠲᠡᠷᠡᠭᠦᠯᠭᠡ ᠂ ᠬᠥᠨᠳᠡᠯᠡᠨ ᠪᠢᠴᠢᠭᠡᠰᠦ ᠡᠯᠭᠦᠬᠦ ᠂ ᠠᠮᠤᠷ ᠲᠦᠪᠰᠢᠨ ᠤ ᠮᠡᠳᠡᠭᠳᠡᠯ ᠤᠨ ᠪᠢᠴᠢᠭ ᠨᠠᠭᠠᠬᠤ ᠂ ᠤᠬᠠᠭᠤᠯᠤᠨ ᠲᠠᠶᠢᠯᠪᠤᠷᠢᠯᠠᠬᠤ ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠤᠯᠠᠨ ᠲᠦᠮᠡᠨ ᠤ ᠭᠡᠷ ᠡᠷᠥᠬᠡ᠂ ᠲᠣᠰᠬᠤᠨ ᠤ ᠵᠠᠬ᠎ᠠ ᠂ ᠴᠤᠭᠯᠠᠭ᠎ᠠ ᠮᠠᠶᠢᠮᠠᠢ ᠳᠤ ᠬᠦᠷᠴᠦ ᠂ ᠭᠠᠯ ᠤᠨᠲᠠᠷᠠᠭᠠᠬᠤ ᠂ ᠰᠢᠲᠠᠮᠠᠬᠠᠢ ᠬᠡᠢ ᠂ ᠤᠢ ᠰᠢᠭᠤᠢ ᠶᠢᠨ ᠭᠠᠯ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠂ ᠠᠶᠤᠯᠭᠦᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠂ ᠪᠠᠶᠢᠩᠭᠤ ᠬᠡᠷᠡᠭᠯᠡᠭᠳᠡᠬᠦ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢ ᠥᠷᠭᠡᠨ ᠢᠶᠠᠷ ᠤᠬᠠᠭᠤᠯᠵᠤ ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠣᠯᠡᠮ ᠨᠢᠭᠡ ᠠᠯᠬᠤᠮ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ ᠂ᠠᠶᠤᠯᠭᠦᠢ ᠦᠢᠯᠡᠳᠪᠦᠷᠢᠯᠡᠯ ᠎ ᠤᠨ ᠲᠦᠷᠦᠯ ᠤᠨ ᠬᠥᠨᠳᠡᠯᠡᠨ ᠪᠢᠴᠢᠭᠡᠰᠦ ᠶᠢ ᠨᠡᠶᠢᠳᠡ 16 ᠡᠯᠭᠦᠵᠦ ᠂ ᠠᠶᠤᠯᠭᠦᠢ ᠦᠢᠯᠡᠳᠪᠦᠷᠢᠯᠡᠯ ᠤᠨ ᠮᠡᠳᠡᠭᠳᠡᠯ ᠤᠨ ᠪᠢᠴᠢᠭ ᠢ 800 ᠭᠠᠷᠤᠢ ᠬᠤᠪᠢ ᠨᠠᠭᠠᠵᠤ ᠂ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠢ ᠬᠤᠪᠢ ᠲᠠᠷᠬᠠᠭᠠᠵᠠᠢ ᠃    ᠯᠣᠣ ᠵᠢᠯ ᠰᠢᠨ᠎ᠡ ᠪᠠᠶᠢᠳᠠᠯ ᠢ ᠡᠬᠢᠯᠡᠭᠦᠯᠵᠦ᠂ ᠠᠮᠤᠷ ᠲᠦᠪᠰᠢᠨ ᠢ ᠬᠠᠮᠲᠤᠪᠠᠷ ᠬᠠᠮᠠᠭᠠᠯᠠᠨ᠎ᠠ ᠃ ᠹᠧᠩ ᠱᠦᠢ ᠭᠧᠦ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠠᠶᠤᠯᠭᠦᠢ ᠦᠢᠯᠡᠳᠪᠦᠷᠢᠯᠡᠯ ᠤᠨ ︽ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ︾᠎ ᠢ ᠦᠨᠡᠨᠬᠦ ᠪᠠᠲᠤ ᠪᠠᠶᠢᠭᠤᠯᠵᠤ ᠂ ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ ᠂ ᠹᠧᠩ ᠱᠦᠢ ᠭᠧᠦ ᠪᠠᠯᠭᠠᠰᠤᠨ ᠤ ᠬᠡᠪᠴᠢᠶᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠎ ᠢᠶᠠᠷ ᠰᠠᠶᠢᠵᠢᠷᠠᠬᠤ ᠶᠢ ᠪᠠᠲᠤᠯᠠᠨ᠎ᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1