ᠶᠤᠸᠠᠨ ᠪᠦᠦ ᠱᠠᠨ ᠲᠣᠭᠤᠷᠢᠭ 2024 ᠣᠨ ᠤ ᠰᠤᠷᠲᠠᠯ ᠤᠬᠠᠭᠤᠯᠭ᠎ᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/8
   
1_副本.jpg
       3 ᠰᠠᠷ᠎ᠠ ᠶᠢᠨ 6 ᠎ ᠤ ᠡᠳᠦᠷ ᠂ ᠶᠤᠸᠠᠨ ᠪᠦᠦ ᠱᠠᠨ ᠲᠣᠭᠤᠷᠢᠭ 2024 ᠣᠨ ᠤ ᠰᠤᠷᠲᠠᠯ ᠤᠬᠠᠭᠤᠯᠭ᠎ᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ ᠂ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠲᠣᠭᠤᠷᠢᠭ ᠤᠨ ᠰᠤᠷᠲᠠᠯ ᠤᠬᠠᠭᠤᠯᠭ᠎ᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠪᠠ ᠃ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠂ ᠲᠣᠭᠤᠷᠢᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠪᠦᠬᠦ ᠪᠦᠷᠢᠯᠳᠦᠭᠦᠨ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠰᠣᠶᠣᠯ ᠪᠡᠶ᠎ᠡ ᠶᠢᠨ ᠲᠠᠮᠢᠷ ᠤᠨ ᠲᠥᠪ ᠤᠨ ᠡᠷᠬᠢᠯᠡᠭᠴᠢ ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠢ ᠶᠢᠨ ᠬᠠᠷᠢᠭᠤᠴᠠᠯᠭᠠᠲᠠᠨ ᠵᠡᠷᠭᠡ 240 ᠭᠠᠷᠤᠢ ᠬᠥᠮᠥᠨ ᠬᠤᠷᠠᠯ ᠳᠤ ᠣᠷᠣᠯᠴᠠᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠢ ᠶᠢᠨ ᠰᠢᠨ ᠢᠦᠢ ᠶᠢᠨ ︽ 1.24 ︾᠎ ᠤ ᠣᠨᠴᠠ ᠶᠡᠭᠡ ᠭᠠᠯ ᠠᠯᠳᠠᠭᠰᠠᠨ ᠬᠡᠷᠡᠭ ᠪᠣᠯᠣᠨ ᠨᠠᠨᠵᠢᠩ ᠤᠨ ᠢᠦᠢ ᠬᠤᠸᠠ ᠲᠠᠢ ᠲᠣᠭᠤᠷᠢᠭ ᠤᠨ ︽ ᠮᠢᠩ ᠱᠠᠩ ᠰᠢ ᠶᠤᠸᠠᠨ ︾ ᠎ ᠤ ᠭᠠᠯ ᠠᠯᠳᠠᠭᠰᠠᠨ ᠬᠡᠷᠡᠭ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠠᠳᠡᠯ ᠭᠠᠷᠤᠭᠰᠠᠨ ᠰᠢᠯᠲᠠᠭᠠᠨ ᠪᠣᠯᠣᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠂ ᠴᠢᠴᠢᠬᠠᠷ ᠤᠨ ᠪᠡᠶ᠎ᠡ ᠶᠢᠨ ᠲᠠᠮᠢᠷ ᠤᠨ ᠣᠷᠳᠣᠨ ᠨᠤᠷᠠᠭᠰᠠᠨ ᠬᠡᠷᠡᠭ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠰᠢᠢᠳᠪᠦᠷᠢᠯᠡᠭᠰᠡᠨ ᠦᠷ᠎ᠡ ᠳ᠋ᠦᠩ ᠢ ᠵᠠᠷᠯᠠᠨ ᠮᠡᠳᠡᠭᠳᠡᠵᠡᠢ ᠃
2_副本.jpg
       ᠪᠦᠬᠦ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠵᠢᠴᠢ ᠰᠣᠨᠢᠨ ᠮᠡᠳᠡᠭᠡ ᠬᠡᠪᠯᠡᠯ ᠤᠨ ᠡᠵᠡᠩᠨᠡᠯᠲᠡ ᠶᠢᠨ ᠨᠢᠭᠡᠴᠢ ᠲᠤᠬᠠᠢ ᠶᠢᠨ ᠲᠠᠯᠠᠪᠠᠢ ᠳᠤ ︽ ᠶᠤᠸᠠᠨ ᠪᠦᠦ ᠱᠠᠨ ᠲᠣᠭᠤᠷᠢᠭ ᠤᠨ ᠰᠣᠶᠣᠯ ᠤᠨ ᠵᠠᠬ᠎ᠠ ᠳᠡᠯᠭᠡᠭᠦᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ︾ ᠎ ᠲᠤ ᠭᠠᠷ ᠤᠨ ᠦᠰᠦᠭ ᠵᠢᠷᠤᠵᠠᠢ ᠃    ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠬᠠᠷᠢᠭᠤᠴᠠᠯᠭᠠᠲᠠᠨ 2023 ᠣᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠵᠦ᠂ ᠡᠭᠦᠨ ᠤ ᠬᠠᠮᠲᠤ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠪᠣᠯᠣᠨ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ ᠂ 2024 ᠣᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ ᠂ ︽ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠎ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵ 2024 ︱ 2026 ︶ ︾ ᠎ ᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ ᠂ ᠭᠡᠮ ᠰᠣᠭᠤᠭ ᠢ ᠳᠠᠷᠠᠭᠠᠯᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ ᠂ ᠰᠢᠢᠳᠬᠡᠬᠦ ᠡᠷᠴᠢᠮ ᠢ ᠴᠢᠩᠭᠠᠷᠠᠭᠤᠯᠵᠤ ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ ︔ ᠰᠣᠶᠣᠯ ᠪᠠ ᠵᠢᠭᠤᠯᠴᠢᠯᠠᠯ ᠤᠨ ᠠᠮᠤᠷ ᠲᠦᠪᠰᠢᠨ ᠤ ᠵᠥᠪᠯᠡᠯ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠥᠬᠦ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠲᠣᠳᠤᠷᠬᠠᠶᠢᠯᠠᠪᠠ᠃    ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠡᠪᠯᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠢ ᠵᠢᠷᠤᠮᠵᠢᠭᠤᠯᠬᠤ ᠂ ᠷᠠᠳᠢᠣ᠋ ᠲᠧᠯᠸᠢᠰ ᠺᠢᠨᠣ᠋ ᠶᠢ ︽ ᠠᠳᠡᠯ ᠬᠡᠷᠡᠭ ᠦᠭᠡᠢ ︾ ᠨᠡᠪᠲᠡᠷᠡᠭᠦᠯᠬᠦ ᠶᠢ ᠪᠡᠶᠡᠯᠡᠭᠦᠯᠬᠦ ᠂ ᠬᠠᠤᠯᠢ ᠪᠤᠰᠤ ᠳᠠᠭᠠᠭᠤᠯᠢ ᠤᠳᠤᠨ ᠢ ᠬᠦᠯᠢᠶᠡᠨ ᠠᠪᠬᠤ ᠲᠥᠬᠦᠭᠡᠷᠦᠮᠵᠢ ᠶᠢ ᠴᠡᠭᠴᠡᠯᠡᠨ ᠵᠠᠰᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠪᠠ ᠪᠦᠬᠦ ᠲᠣᠭᠤᠷᠢᠭ ᠤᠨ ᠰᠦᠯᠵᠢᠶᠡᠨ ᠤ ᠣᠷᠣᠨ ᠵᠠᠢ ᠶᠢ ᠴᠡᠪᠡᠷᠰᠢᠭᠦᠯᠬᠦ ᠵᠡᠷᠭᠡ ᠲᠠᠯ᠎ᠠ ᠪᠠᠷ 2024 ᠣᠨ ᠤ ᠰᠣᠨᠢᠨ ᠮᠡᠳᠡᠭᠡ ᠬᠡᠪᠯᠡᠯ ᠲᠧᠯᠸᠢᠰ ᠺᠢᠨᠣ᠋ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ ᠠᠮᠤᠷ ᠲᠦᠪᠰᠢᠨ ᠢᠶᠠᠷ ᠬᠥᠭᠵᠢᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠳᠠᠯᠠᠵᠤ ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
3_副本.jpg
       ᠬᠤᠷᠠᠯ ᠠᠴᠠ ᠬᠠᠮᠤᠭ ᠰᠡᠭᠦᠯ ᠳᠤ ᠶᠤᠸᠠᠨ ᠪᠦᠦ ᠱᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠯᠢ ᠳ᠋ᠦᠩ ᠮᠢᠩ ᠵᠥᠪᠯᠡᠭᠴᠢ ᠶᠢ ᠤᠷᠢᠵᠤ ᠬᠤᠷᠠᠯ ᠳᠤ ᠣᠷᠣᠯᠴᠠᠭᠰᠠᠨ ᠪᠦᠬᠦ ᠬᠥᠮᠥᠰ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠦᠷᠲᠡᠭᠡᠪᠡ ᠃ ᠭᠠᠯ ᠤᠨ ᠭᠠᠮᠰᠢᠭ ᠤᠨ ᠣᠨᠴᠠᠯᠢᠭ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ ᠶᠢᠨ ᠬᠡᠷᠡᠭᠯᠡᠯᠲᠡ ᠪᠠ ᠬᠠᠮᠠᠭᠠᠯᠠᠯᠲᠠ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠢᠴᠢ ᠣᠶᠢᠷ᠎ᠠ ᠶᠢᠨ ᠬᠤᠭᠤᠴᠠᠭᠠᠨ ᠳᠤ ᠥᠷᠨᠢᠭᠦᠯᠦᠭᠰᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠰᠢᠲᠠᠮᠠᠬᠠᠢ ᠬᠡᠢ ᠶᠢᠨ ᠬᠡᠷᠡᠭᠯᠡᠯᠲᠡ ᠪᠠ ᠰᠠᠭᠤᠭᠠᠯᠢ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠶᠠᠷᠢᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1