ᠶᠤᠸᠠᠨ ᠪᠦᠦ ᠱᠠᠨ ᠲᠣᠭᠤᠷᠢᠭ ︽3 · 8︾᠎ ᠤ ᠡᠮᠡᠭᠲᠡᠶᠢᠴᠦᠳ ᠤᠨ ᠪᠠᠶᠠᠷ ᠤᠨ ᠬᠠᠤᠯᠢ ᠴᠠᠭᠠᠵᠠ ᠶᠢᠨ ᠤᠬᠠᠭᠤᠯᠭ᠎ᠠ ᠬᠢᠬᠦ ᠵᠥᠪᠯᠡᠯᠭᠡ ᠥᠭᠬᠦ ᠭᠤᠣᠯ ᠰᠡᠳᠦᠪᠲᠦ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/8
    3 ᠰᠠᠷ᠎ᠠ ᠶᠢᠨ 7᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ 16 ᠨᠢᠭᠡᠴᠢ ᠲᠠᠢ ᠬᠤᠯᠪᠤᠭᠠᠯᠠᠨ᠂ ᠫᠢᠩᠵᠤᠸᠠᠩ ᠶᠢᠨ ᠾᠧ ᠲᠠᠯᠠᠪᠠᠶ ᠳᠤ ︽ᠬᠠᠤᠯᠢ ᠪᠠᠷ ᠵᠠᠰᠠᠬᠤ ᠶᠤᠸᠠᠨ ᠪᠦᠦ ᠱᠠᠨ ᠤ ᠪᠥᠲᠥᠭᠡᠨ ᠪᠠᠶᠢᠭᠤᠯᠤᠯᠲᠠ ᠳᠤ ᠲᠠᠯ᠎ᠠ ᠨᠤᠲᠤᠭ ᠤᠨ ᠡᠮᠡᠭᠲᠡᠶᠢᠴᠦᠳ ᠠᠵᠢᠯᠯᠠᠭ᠎ᠠ ᠬᠢᠨ᠎ᠡ︾ ᠭᠡᠬᠦ ᠭᠤᠣᠯ ᠰᠡᠳᠦᠪᠲᠦ ︽3 · 8︾᠎ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ 114 ᠵᠢᠯ ᠤᠨ ᠣᠶ ᠶᠢ ᠪᠡᠯᠭᠡᠯᠡᠬᠦ ᠬᠠᠤᠯᠢ ᠴᠠᠭᠠᠵᠠ ᠶᠢᠨ ᠤᠬᠠᠭᠤᠯᠭ᠎ᠠ ᠬᠢᠬᠦ ᠵᠥᠪᠯᠡᠯᠭᠡ ᠥᠭᠬᠦ ᠬᠥᠳᠡᠯᠭᠡᠭᠡᠨ ᠥᠷᠨᠢᠭᠦᠯᠪᠡ᠃
1_副本.jpg
       ᠬᠥᠳᠡᠯᠭᠡᠭᠡᠨ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠎ ᠢ ᠪᠠᠲᠤᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠎ ᠢ ᠠᠬᠢᠭᠤᠯᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠠᠤᠯᠢ ᠴᠠᠭᠠᠵᠠ ᠬᠠᠤᠯᠢ ᠳᠥᠷᠢᠮ ᠢ ᠭᠤᠣᠯᠳᠠᠯᠭ᠎ᠠ ᠲᠠᠢ ᠤᠬᠠᠭᠤᠯᠬᠤ ᠪᠠᠷ ᠳᠠᠮᠵᠢᠭᠤᠯᠵᠤ ᠥᠷᠭᠡᠨ ᠤᠯᠠᠨ ᠡᠮᠡᠭᠲᠡᠶᠢᠴᠦᠳ ᠪᠠ ᠤᠯᠠᠨ ᠲᠦᠮᠡᠨ ᠤ ᠬᠠᠤᠯᠢ ᠶᠢ ᠰᠤᠷᠤᠯᠴᠠᠬᠤ ᠂ ᠬᠠᠤᠯᠢ ᠶᠢ ᠣᠶᠢᠯᠠᠭᠠᠬᠤ ᠂ ᠬᠠᠤᠯᠢ ᠶᠢ ᠬᠦᠨᠳᠦᠳᠬᠡᠬᠦ ᠂ ᠬᠠᠤᠯᠢ ᠶᠢ ᠰᠠᠬᠢᠬᠤ ᠶᠢ ᠬᠥᠲᠥᠯᠥᠨ ᠵᠢᠯᠤᠭᠤᠳᠴᠤ ᠂ ᠭᠤᠮᠣᠳᠠᠯ ᠱᠠᠭᠠᠷᠳᠠᠯᠭ᠎ᠠ ᠪᠠᠨ ᠣᠶᠤᠨᠴᠢ ᠪᠠᠷ ᠢᠯᠡᠳᠬᠡᠬᠦ ᠤᠬᠠᠮᠰᠠᠷ ᠢ ᠨᠢ ᠴᠢᠩᠭᠠᠳᠬᠠᠵᠤ ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠳᠠᠳᠬᠠᠯ ᠢ ᠪᠤᠢ ᠪᠣᠯᠭᠠᠵᠤ ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠦᠨᠳᠦᠳᠬᠡᠬᠦ ᠪᠠ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃
2_副本.jpg
       ᠬᠥᠳᠡᠯᠭᠡᠭᠡᠨ ᠤ ᠬᠤᠭᠤᠴᠠᠭᠠᠨ ᠳᠤ ᠂ 12 ᠵᠤᠷᠪᠤᠰ ᠤᠬᠠᠭᠤᠯᠭ᠎ᠠ ᠶᠢᠨ ᠤᠷᠢᠶ᠎ᠠ ᠯᠣᠽᠦ᠋ᠩ ᠢ ᠡᠯᠭᠦᠵᠦ ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠭᠠᠷ ᠳᠡᠪᠲᠡᠷ ᠂ ᠤᠬᠠᠭᠤᠯᠭ᠎ᠠ ᠶᠢᠨ ᠬᠠᠭᠤᠳᠠᠰᠤ ᠶᠢ 10000 ᠭᠠᠷᠤᠢ ᠬᠤᠪᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠤᠭᠤᠲᠠ ᠶᠢ 900 ᠭᠠᠷᠤᠢ ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠤᠷᠠᠰᠬᠠᠯ ᠤᠨ ᠡᠳ᠋ ᠢ 700 ᠭᠠᠷᠤᠢ ᠲᠠᠷᠬᠠᠭᠠᠵᠤ ᠂ ᠬᠥᠳᠡᠯᠭᠡᠭᠡᠨ ᠳᠤ ᠣᠷᠣᠯᠴᠠᠭᠰᠠᠨ ᠰᠠᠶᠢᠨ ᠳᠤᠷ᠎ᠠ ᠶᠢᠨ ᠠᠵᠢᠯᠯᠠᠭᠴᠢ 100 ᠭᠠᠷᠤᠢ ᠬᠥᠮᠥᠨ ᠪᠠᠶᠢᠵᠤ᠂ ᠤᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠯᠭ᠎ᠠ ᠳᠤ 40 ᠭᠠᠷᠤᠢ ᠬᠥᠮᠥᠨ ᠡᠭᠡᠯᠵᠢ ᠶᠢᠨ ᠬᠠᠷᠢᠭᠤᠯᠲᠠ ᠥᠭᠴᠡᠢ ᠃ ᠲᠣᠰ ᠤᠳᠠᠭᠠᠨ ᠤ ᠬᠠᠤᠯᠢ ᠴᠠᠭᠠᠵᠠ ᠶᠢᠨ ᠤᠬᠠᠭᠤᠯᠭ᠎ᠠ ᠶᠢᠨ ᠦᠢᠯᠡᠴᠢᠯᠡᠭᠡᠨ ᠤ ᠬᠥᠳᠡᠯᠭᠡᠭᠡᠨ ᠨᠢ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ᠂ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1