ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠣᠪᠴᠢᠶ᠎ᠠ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠦᠶ᠎ᠡ︾ ᠭᠡᠬᠦ ᠭᠤᠣᠯ ᠰᠡᠳᠦᠪᠲᠦ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/3/8
    3 ᠰᠠᠷ᠎ᠠ ᠶᠢᠨ 5᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠣᠪᠴᠢᠶ᠎ᠠ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠦᠶ᠎ᠡ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ  ᠬᠥᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠯᠧᠢ ᠹᠧᠩ ᠤᠨ ᠵᠣᠷᠢᠭ ᠰᠠᠨᠠᠭ᠎ᠠ︾ ᠪᠠ ︽ᠬᠤᠪᠢ ᠨᠡᠮᠡᠷᠢ ᠦᠵᠡᠭᠦᠯᠬᠦ᠂ ᠨᠥᠬᠦᠷᠰᠡᠭ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠪᠠ᠃
 1_副本.jpg
       ᠬᠥᠳᠡᠯᠭᠡᠭᠡᠨ ᠡᠬᠢᠯᠡᠬᠦ ᠠᠴᠠ ᠡᠮᠦᠨ᠎ᠡ᠂ ᠲᠤᠰ ᠲᠣᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠣᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠎ ᠤᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠬᠢᠭᠰᠡᠨ ᠴᠢᠬᠤᠯᠠ ᠥᠭᠦᠯᠡᠯᠲᠡ ᠶᠢ ᠳᠠᠬᠢᠨ ᠡᠷᠭᠢᠴᠡᠭᠦᠯᠵᠦ᠂ ᠰᠤᠷᠤᠯᠴᠠᠯᠭ᠎ᠠ ᠪᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷ ᠪᠣᠯᠣᠨ ᠰᠠᠶᠢᠨ ᠳᠤᠷ᠎ᠠ ᠶᠢᠨ ᠠᠵᠢᠯᠯᠠᠭᠴᠢ ᠶᠢᠨ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠬᠤᠨ ᠤ ᠲᠤᠬᠠᠢ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠯᠡᠨ ᠢ ᠯᠧᠢ ᠹᠧᠩ ᠨᠥᠬᠦᠷ ᠠᠴᠠ ᠪᠤᠰᠤᠳ ᠢ ᠲᠤᠰᠠᠯᠠᠬᠤ ᠪᠠᠷ ᠵᠢᠷᠭᠠᠯ ᠢᠶᠠᠨ ᠪᠣᠯᠭᠠᠬᠤ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠢᠳᠡᠪᠬᠢᠲᠡᠢ ᠪᠠᠷ ᠰᠤᠷᠤᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ︽ᠯᠧᠢ ᠹᠧᠩ ᠤᠨ ᠦᠯᠢᠭᠡᠷ︾᠎ ᠢ ᠪᠢᠴᠢᠭᠯᠡᠬᠦ ᠶᠢ ᠵᠣᠷᠢᠭᠵᠢᠭᠤᠯᠵᠠᠢ᠃
2_副本.jpg
       ᠬᠥᠳᠡᠯᠭᠡᠭᠡᠨ ᠤ ᠶᠠᠪᠤᠴᠠ ᠳᠤ ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢᠳ ︽ ᠤᠯᠠᠭᠠᠨ ᠤᠭᠤᠵᠢ ︾ ᠡᠮᠦᠰᠴᠦ ᠂ ᠤᠴᠢᠷ ᠶᠠᠪᠤᠳᠠᠯ ᠭᠥᠢᠴᠡᠳᠬᠡᠬᠦ ᠤᠯᠠᠨ ᠲᠦᠮᠡᠨ ᠳᠤ ᠯᠠᠪᠯᠠᠯᠭ᠎ᠠ ᠥᠭᠴᠦ ᠬᠥᠲᠥᠯᠥᠨ ᠵᠢᠯᠤᠭᠤᠳᠬᠤ ᠂ ᠨᠠᠰᠤᠲᠠᠶᠢᠴᠤᠳ ᠢ ᠬᠠᠪᠰᠤᠷᠤᠨ ᠵᠡᠮᠳᠡᠭᠴᠦᠳ ᠢ ᠬᠦᠨᠳᠦᠯᠡᠬᠦ ᠂ ᠰᠦᠢᠳᠬᠡᠯ ᠬᠤᠷᠢᠶᠠᠬᠤ ᠦᠭᠡᠢ ᠪᠠᠷ ᠳᠠᠷᠤᠮᠮᠠᠯᠯᠠᠵᠤ ᠥᠭᠬᠦ ᠵᠡᠷᠭᠡ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠵᠠᠢ ᠃ ᠡᠭᠦᠨ ᠠᠴᠠ ᠭᠠᠳᠠᠨ᠎ᠠ ᠪᠠᠰᠠ ᠤᠴᠢᠷ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ︽ ᠮᠥᠩᠬᠡ ᠰᠣᠪᠠᠭ · ᠨᠢᠭᠡ ᠤᠳᠠᠭ᠎ᠠ ᠎ ᠳᠤ ᠭᠥᠢᠴᠡᠳᠬᠡᠬᠦ︾᠂ ︽ ᠮᠥᠩᠬᠡ ᠰᠣᠪᠠᠭ · ᠠᠯᠠᠭᠠᠨ ᠳᠡᠭᠡᠷ᠎ᠡ ᠪᠠᠨ ᠭᠥᠢᠴᠡᠳᠬᠡᠬᠦ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠤᠬᠠᠭᠤᠯᠵᠤ᠂ ︽ ᠮᠥᠩᠬᠡ ᠰᠣᠪᠠᠭ︾ APP ᠎ ᠶᠢᠨ ᠦᠷᠭᠦᠯᠵᠢ ᠬᠡᠷᠡᠭᠯᠡᠳᠡᠭ ᠪᠠᠶᠢᠴᠠᠭᠠᠨ ᠯᠠᠪᠯᠠᠬᠤ ᠴᠢᠳᠠᠮᠵᠢ ᠵᠡᠷᠭᠡ ᠶᠢ ᠲᠠᠨᠢᠯᠴᠠᠭᠤᠯᠬᠤ ᠶᠢᠨ ᠬᠠᠮᠲᠤ ᠣᠯᠠᠨ ᠲᠦᠮᠡᠨ ᠢ ᠬᠠᠪᠰᠤᠷᠤᠨ ᠳᠠᠩᠰᠠᠯᠠᠨ ᠪᠠᠭᠤᠯᠭᠠᠨ ᠥᠭᠴᠦ᠂ ᠣᠯᠠᠨ ᠲᠦᠮᠡᠨ ᠤ ᠨᠠᠭᠠᠰᠢ ᠴᠠᠭᠠᠰᠢ ᠭᠦᠶᠦᠬᠦ ᠳᠠᠷᠤᠭᠠᠰᠤ ᠶᠢ ᠬᠥᠩᠭᠡᠷᠡᠭᠦᠯᠪᠡ ᠃ ᠲᠣᠰ ᠤᠳᠠᠭᠠᠨ ᠤ ᠬᠥᠳᠡᠯᠭᠡᠭᠡᠨ ᠢᠶᠠᠷ ᠳᠠᠮᠵᠢᠭᠤᠯᠤᠨ᠂ ᠤᠴᠢᠷ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠡᠶᠢᠲᠡ 200 ᠭᠠᠷᠤᠢ ᠬᠥᠮᠥᠨ ᠡᠭᠡᠯᠵᠢ ᠶᠢᠨ ᠦᠢᠯᠡᠴᠢᠯᠡᠭᠡ ᠬᠠᠩᠭᠠᠵᠤ᠂ ᠤᠬᠠᠭᠤᠯᠬᠤ ᠮᠠᠲ᠋ᠧᠷᠢᠶᠠᠯ ᠢ 100 ᠭᠠᠷᠤᠢ ᠬᠤᠪᠢ ᠲᠠᠷᠬᠠᠭᠠᠵᠠᠢ᠃    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠯᠧᠢ ᠹᠧᠩ ᠤᠨ ᠵᠣᠷᠢᠭ ᠰᠠᠨᠠᠭ᠎ᠠ︾᠎ ᠶᠢ ᠦᠷᠭᠦᠯᠵᠢᠯᠡᠨ ᠪᠠᠳᠠᠷᠠᠭᠤᠯᠵᠤ᠂ ᠨᠠᠮ ᠤᠨ ᠭᠡᠰᠢᠭᠦᠳ ᠤᠨ ᠵᠣᠷᠢᠯᠲᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠠᠵᠢᠯᠯᠠᠭ᠎ᠠ ᠪᠠ ᠬᠠᠷᠢᠭᠤᠴᠠᠯᠭ᠎ᠠ ᠪᠠᠷ ᠢᠶᠠᠨ ︽ᠯᠧᠢ ᠹᠧᠩ ᠤᠨ ᠵᠣᠷᠢᠭ ᠰᠠᠨᠠᠭ᠎ᠠ︾᠎ ᠶᠢ ᠰᠢᠨ᠎ᠡ ᠴᠠᠭ ᠦᠶ᠎ᠡ ᠳᠤ ᠨᠠᠩ ᠬᠡᠷᠡᠯ ᠭᠢᠯᠪᠠᠭ᠎ᠠ ᠲᠠᠢ ᠪᠣᠯᠭᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1