3 ᠰᠠᠷ᠎ᠠ ᠶᠢᠨ 29 ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠰᠢᠶᠣᠣ ᠦ᠋ | ᠵᠢᠶᠠ ᠰᠢᠶᠠᠩ ᠤᠨ ᠯᠣᠣ ᠰᠢ ᠶᠢᠩᠽᠢ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠰᠢᠭᠤᠢ ᠂ ᠫᠢᠩᠵᠤᠸᠠᠩ | ᠪᠠᠯᠭᠠᠰᠤᠨ ᠤ ᠰᠢᠩ ᠯᠦᠩ ᠵᠤᠸᠠᠩ ᠲᠣᠰᠬᠤᠨ ᠤ ᠽᠠᠩ ᠯᠦᠩ ᠱᠠᠨ ᠤᠢ ᠰᠢᠭᠤᠢ ᠶᠢᠨ ᠴᠡᠴᠡᠷᠯᠢᠭ ᠲᠤ ᠬᠦᠷᠴᠦ | ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠂ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ ᠂ ᠲᠣᠭᠤᠷᠢᠭ ᠤᠨ ᠤᠢ ᠰᠢᠭᠤᠢ ᠡᠪᠡᠰᠦ | ᠪᠡᠯᠴᠢᠭᠡᠷ ᠤᠨ ᠬᠤᠪᠢᠶᠠᠷᠢ ᠲᠣᠪᠴᠢᠶ᠎ᠠ ᠂ ᠰᠢᠶᠣᠣ ᠦ᠋ ᠵᠢᠶᠠ ᠰᠢᠶᠠᠩ ᠂ ᠫᠢᠩᠵᠤᠸᠠᠩ ᠪᠠᠯᠭᠠᠰᠤᠨ ᠤ | ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ ᠃ | ᠼᠤᠤ ᡁᠢ ᠶᠦᠩ ᠴᠢᠬᠤᠯᠠᠴᠢᠯᠠᠭᠰᠠᠨ ᠨᠢ᠂ ︽ᠬᠠᠩᠰᠢ︾ ᠶᠢᠨ ᠡᠮᠦᠨ᠎ᠡ ᠬᠤᠶᠢᠨ᠎ᠠ ᠪᠣᠯ ᠣᠶ ᠰᠢᠭᠤᠢ ᠶᠢᠨ | ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠯ᠎ᠡ ᠭᠠᠵᠠᠷ ᠣᠷᠣᠨ | ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠶ ᠰᠢᠭᠤᠢ ᠶᠢᠨ ᠭᠠᠯ ᠢ ᠰᠡᠷᠭᠡᠶᠢᠯᠡᠨ ᠤᠨᠲᠠᠷᠠᠭᠠᠬᠤ | ᠠᠵᠢᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠤᠨ | ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ | ᠰᠢᠰᠲ᠋ᠧᠮ ᠲᠠᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ | ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠣᠶ ᠰᠢᠭᠤᠢ ᠶᠢᠨ ᠭᠠᠯ ᠢ ᠰᠡᠷᠭᠡᠶᠢᠯᠡᠨ ᠤᠨᠲᠠᠷᠠᠭᠠᠬᠤ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ | ᠬᠡᠭᠡᠷ᠎ᠡ ᠶᠢᠨ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ ᠂ ᠭᠤᠣᠯᠳᠠᠯᠭ᠎ᠠ ᠲᠠᠢ ᠭᠠᠵᠠᠷ | ᠣᠷᠣᠨ ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ ᠂ ᠰᠢᠭᠤᠶᠢᠲᠤ ᠣᠷᠣᠨ ᠤ ᠴᠢᠬᠤᠯᠠ | ᠪᠣᠭᠤᠮᠲᠠ ᠶᠢ ᠴᠢᠩᠭ᠎ᠠ ᠰᠠᠬᠢᠵᠤ ᠂ ᠠᠭᠤᠯᠠ ᠶᠢ ᠲᠣᠭᠤᠷᠢᠨ ᠪᠠᠶᠢᠴᠠᠭᠠᠬᠤ ᠤᠢ ᠰᠢᠭᠤᠢ ᠶᠢ ᠲᠣᠭᠤᠷᠢᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ ᠂ ᠤᠢ ᠰᠢᠭᠤᠢ ᠶᠢᠨ ᠭᠠᠯ ᠢ ᠰᠡᠷᠭᠡᠶᠢᠯᠡᠬᠦ ᠰᠡᠷᠡᠮᠵᠢ ᠶᠢᠨ ᠬᠥᠮᠦᠵᠢᠯ ᠤᠨ | ᠤᠬᠠᠭᠤᠯᠭ᠎ᠠ ᠶᠢ ᠰᠠᠶᠢᠲᠤᠷ ᠬᠢᠵᠦ ᠂ ᠤᠢ ᠰᠢᠭᠤᠢ ᠶᠢᠨ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠢ | ᠰᠡᠷᠭᠡᠶᠢᠯᠡᠨ ᠬᠤᠷᠢᠭᠯᠠᠬᠤ ᠬᠡᠷᠡᠭᠲᠡᠢ ᠃ ︽ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ | ᠰᠡᠷᠭᠡᠶᠢᠯᠡᠬᠦ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠵᠢᠵᠢᠭᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠪᠠ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠣᠶ ᠰᠢᠭᠤᠢ ᠶᠢᠨ ᠭᠠᠯ ᠲᠦᠢᠮᠡᠷ ᠤᠨ | ᠮᠡᠳᠡᠭᠡ ᠶᠢ ᠬᠢᠨᠠᠨ ᠬᠡᠮᠵᠢᠬᠦ ᠲᠠᠪᠴᠠᠩ ᠢ ᠭᠦᠢᠴᠡᠳ ᠬᠡᠷᠡᠭᠯᠡᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ | ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ ᠶᠢ ᠰᠠᠶᠢᠲᠤᠷ ᠬᠢᠵᠦ᠂ ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ | ᠪᠠᠭ᠎ᠠ ᠳᠡᠭᠡᠷ᠎ᠡ ᠨᠢ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠬᠠᠪᠤᠷ ᠤᠨ ᠤᠯᠠᠷᠢᠯ ᠤᠨ ᠣᠶ ᠰᠢᠭᠤᠢ ᠶᠢᠨ ᠭᠠᠯ ᠢ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠡᠢ᠃ | |