ᠶᠤᠸᠠᠨ ᠪᠦᠦ ᠱᠠᠨ ᠲᠣᠭᠤᠷᠢᠭ 2024 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
   
1_副本.jpg
       3 ᠰᠠᠷ᠎ᠠ ᠶᠢᠨ 29᠎ ᠤ ᠡᠳᠦᠷ ᠂ ᠶᠤᠸᠠᠨ ᠪᠦᠦ ᠱᠠᠨ ᠲᠣᠭᠤᠷᠢᠭ 2024 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ ᠂ ᠪᠦᠬᠦ ᠤᠯᠤᠰ ᠂ ᠥᠪᠡᠷᠲᠡᠭᠡᠨ ᠵᠠᠰᠠᠬᠤ ᠣᠷᠣᠨ ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ 2023 ᠣᠨ ᠤ ᠵᠣᠬᠢᠶᠠᠨ ᠪᠠᠶᠢᠭᠤᠯᠬᠤ ᠠᠵᠢᠯ ᠢ ᠡᠷᠭᠢᠴᠡᠭᠦᠯᠦᠨ ᠳ᠋ᠦᠩᠨᠡᠵᠦ ᠂ 2024 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠾᠥᠩ ᠲᠦ᠋ ᠬᠤᠷᠠᠯ ᠳᠤ ᠰᠠᠭᠠᠲᠠᠵᠤ ᠶᠠᠷᠢᠶ᠎ᠠ ᠲᠠᠯᠪᠢᠵᠠᠢ ᠃    ᠬᠤᠷᠠᠯ ᠳᠡᠭᠡᠷ᠎ᠡ ᠂ ᠬᠡᠰᠡᠭ ᠪᠠᠯᠭᠠᠰᠤ ᠰᠢᠶᠠᠩ ᠵᠡᠭᠡᠯᠢ ᠶᠢᠨ ᠨᠠᠮ ︵ ᠠᠵᠢᠯᠯᠠᠬᠤ︶᠎ ᠤᠨ ᠬᠤᠷᠢᠶ᠎ᠠ ᠂ ᠬᠤᠯᠪᠣᠭᠳᠠᠯ ᠪᠦᠬᠦᠢ ᠨᠢᠭᠡᠴᠢ ᠶᠢᠨ ᠎ ᠬᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ ᠃    ᠬᠤᠷᠠᠯ ᠠᠴᠠ ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ 2023 ᠣᠨ ᠤ ᠪᠦᠬᠦ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠵᠡᠪᠰᠡᠭᠯᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠪᠠᠲᠤ ᠴᠢᠩᠭ᠎ᠠ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠴᠢᠨᠠᠭᠰᠢᠳᠠ ᠠᠬᠢᠭᠤᠯᠬᠤ ᠬᠡᠷᠡᠭᠲᠡᠢ ︔ 2024 ᠣᠨ ᠤ ᠵᠣᠬᠢᠶᠠᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ ᠪᠣᠯᠪᠠᠰᠤᠷᠠᠭᠤᠯᠤᠯ ᠢ ᠨᠠᠷᠢᠨ ᠪᠣᠳᠠᠲᠠᠢ ᠠᠳᠬᠤᠵᠤ᠂ ᠨᠠᠷᠢᠯᠢᠭ ᠣᠨᠣᠴᠠᠲᠠᠢ ᠪᠠᠷ ᠰᠢᠨᠵᠢᠯᠡᠨ ᠪᠠᠶᠢᠴᠠᠭᠠᠵᠤ ᠢᠯᠭᠠᠨ ᠲᠠᠨᠢᠬᠤ ᠪᠠᠷ ᠳᠠᠮᠵᠢᠭᠤᠯᠤᠨ᠂ ᠶᠡᠭᠡ ᠪᠠᠷ ᠪᠣᠶᠢᠵᠢᠭᠤᠯᠤᠨ ᠰᠢᠯᠢᠳᠡᠭᠵᠢᠭᠦᠯᠵᠦ᠂ ᠬᠠᠮᠢᠶᠠᠷᠤᠯᠲᠠ ᠬᠢᠨᠠᠯᠲᠠ ᠶᠢ ᠴᠢᠩᠭᠠᠳᠬᠠᠨ ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠤᠷᠮᠠᠰᠢᠭᠤᠯᠤᠨ ᠵᠣᠷᠢᠭᠵᠢᠭᠤᠯᠵᠤ᠂ ᠬᠦᠨᠳᠦ ᠡᠭᠦᠷᠭᠡ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢᠲᠠᠨ ᠤ ᠠᠵᠢᠯ ᠤᠨ ᠰᠢᠰᠲ᠋ᠧᠮ ᠢ ᠪᠠᠶᠢᠭᠤᠯᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠤᠸᠠᠨ ᠪᠣᠥ ᠱᠠᠨ ᠤ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ︔ ᠭᠤᠣᠯ ᠶᠡᠭᠡ ᠲᠠᠯ᠎ᠠ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠲᠡᠷᠢᠭᠦᠨ ᠳᠤ ᠣᠷᠣᠬᠤ ᠪᠠᠷ ᠴᠢᠷᠮᠠᠶᠢᠨ ᠪᠦᠬᠦ ᠲᠣᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠥᠯᠬᠢᠨ ᠠᠬᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠶᠤᠸᠠᠨ ᠪᠣᠥ ᠱᠠᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1