ᠶᠤᠸᠠᠨ ᠪᠦᠦ ᠱᠠᠨ ᠲᠣᠭᠤᠷᠢᠭ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠤᠨ ᠲᠠᠶᠢᠯᠤᠮᠵᠢ ᠬᠢᠵᠦ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
    3 ᠰᠠᠷ᠎ᠠ ᠶᠢᠨ 27᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠦᠷ᠎ᠡ ᠳ᠋ᠦᠩ ᠢ ᠲᠠᠶᠢᠯᠤᠮᠵᠢ ᠬᠢᠵᠦ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠵᠢᠭᠠᠬᠤ ᠶᠢ ᠰᠣᠳᠤᠯᠬᠤ ᠲᠥᠪ ᠤᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠲᠣᠪᠴᠢᠶ᠎ᠠ ᠪᠠ ᠵᠢᠭᠠᠬᠤ ᠶᠢ ᠰᠤᠳᠤᠯᠬᠤ ᠲᠥᠪ ᠤᠨ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ᠂ ᠡᠯ᠎ᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠵᠠᠬᠢᠷᠤᠯ᠂ ᠲᠤᠬᠠᠶᠢᠯᠠᠭᠰᠠᠨ ᠠᠵᠢᠯ ᠤᠨ ᠰᠤᠷᠭᠠᠭᠤᠯᠢ ᠶᠢᠨ ᠵᠠᠬᠢᠷᠤᠯ ᠨᠡᠶᠢᠲᠡ 40 ᠭᠠᠷᠤᠢ ᠬᠥᠮᠥᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠲᠣᠭᠤᠷᠢᠭ ᠤᠨ ᠵᠢᠭᠠᠬᠤ ᠶᠢ ᠰᠤᠳᠤᠯᠬᠤ ᠲᠥᠪ ᠪᠣᠯᠣᠨ ᠰᠤᠷᠭᠠᠨ ᠬᠥᠮᠦᠵᠢᠯ ᠤᠨ ᠲᠣᠪᠴᠢᠶᠠᠨ ᠤ ᠡᠯ᠎ᠡ ᠲᠠᠰᠤᠭ ᠤᠨ ᠬᠠᠷᠢᠭᠤᠴᠠᠯᠭᠠᠲᠠᠨ ᠶᠡᠷᠦᠩᠬᠡᠢ ᠪᠠᠶᠢᠳᠠᠯ ᠠᠴᠠ ᠭᠠᠷᠳᠠᠵᠤ᠂ ᠤᠯᠠᠭᠠᠨᠬᠠᠳᠠ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠶᠤᠸᠠᠨ ᠪᠦᠦ ᠱᠠᠨ ᠲᠣᠭᠤᠷᠢᠭ ᠤᠨ ᠭᠤᠣᠯ ᠮᠡᠳᠡᠭᠦᠯᠦᠯᠲᠡ᠂ ᠰᠢᠨᠵᠢᠯᠡᠭᠡᠨ ᠤ ᠰᠠᠯᠠᠭᠠᠨ ᠤ ᠮᠡᠳᠡᠭᠦᠯᠦᠯᠲᠡ᠂ ᠪᠠᠭᠰᠢ ᠶᠢᠨ ᠬᠠᠮᠢᠶ᠎ᠠ ᠪᠦᠬᠦᠢ ᠬᠦᠴᠦᠨ ᠵᠦᠢᠯ ᠤᠨ ᠮᠡᠳᠡᠭᠦᠯᠦᠯᠲᠡ ᠪᠠ ᠰᠣᠷᠣᠭᠴᠢ ᠶᠢᠨ ᠬᠠᠮᠢᠶ᠎ᠠ ᠪᠦᠬᠦᠢ ᠬᠦᠴᠦᠨ ᠵᠦᠢᠯ ᠤᠨ ᠮᠡᠳᠡᠭᠦᠯᠦᠯᠲᠡ ᠶᠢ ᠬᠡᠷᠬᠢᠨ ᠵᠥᠪ ᠣᠨᠣᠪᠴᠢᠲᠠᠶ ᠲᠠᠶᠢᠯᠪᠤᠷᠢᠯᠠᠬᠤ ᠶᠢ ᠨᠠᠷᠢᠨ ᠵᠢᠱᠢᠶ᠎ᠡ ᠦᠵᠡᠭᠦᠯᠦᠨ ᠵᠢᠯᠤᠭᠤᠳᠬᠤ ᠶᠢᠨ ᠬᠠᠮᠲᠤ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠦᠷ᠎ᠡ ᠳ᠋ᠦᠩ ᠳᠤ ︽ᠵᠢᠷᠭᠤᠭᠠᠨ ᠨᠢᠭᠡ ︾ ᠎ ᠶᠢᠨ ᠬᠥᠳᠡᠯᠭᠡᠭᠡᠨ ᠤ ᠡᠯ᠎ᠡ ᠵᠦᠢᠯ ᠤᠨ ᠠᠵᠢᠯ ᠢ ᠪᠠᠶᠢᠷᠢᠯᠠᠭᠤᠯᠵᠤ ᠂ ᠡᠭᠦᠷᠭᠡ ᠪᠠᠨ ᠪᠡᠶᠡᠯᠡᠭᠦᠯᠬᠦ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠲᠣᠬᠢᠷᠠᠭᠤᠯᠤᠯᠲᠠ ᠬᠢᠪᠡ᠃    ᠬᠤᠷᠠᠯ ᠠᠴᠠ ᠂ ᠡᠯ᠎ᠡ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ ᠂ ᠨᠠᠮ ᠵᠠᠰᠠᠭ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ ᠂ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢᠨ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠬᠤ ᠬᠡᠷᠡᠭᠲᠡᠢ ᠃ ᠬᠢᠨᠠᠨ ᠵᠢᠯᠤᠭᠤᠳᠴᠤ ᠬᠢᠨᠠᠯᠲᠠ ᠲᠠᠯᠪᠢᠵᠤ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠤᠬᠠᠭᠤᠯᠬᠤ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨᠠᠨ ᠬᠡᠮᠵᠢᠭᠰᠡᠨ ᠦᠷ᠎ᠡ ᠳ᠋ᠦᠩ ᠢ ᠴᠢᠬᠤᠯᠠᠴᠢᠯᠠᠬᠤ ᠶᠢ ᠠᠬᠢᠭᠤᠯᠵᠤ᠂ ᠬᠢᠨᠠᠨ ᠬᠡᠮᠵᠢᠭᠰᠡᠨ ᠦᠷ᠎ᠡ ᠳ᠋ᠦᠩ ᠢ ᠢᠳᠡᠪᠬᠢᠲᠡᠢ᠂ ᠰᠠᠨᠠᠭᠠᠴᠢᠯᠠᠭ᠎ᠠ ᠠᠴᠠ ᠪᠠᠨ ᠬᠡᠷᠡᠭᠯᠡᠵᠦ᠂ ᠶᠤᠸᠠᠨ ᠪᠣᠥ ᠱᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃    ᠡᠨᠡ ᠤᠳᠠᠭᠠᠨ ᠤ ᠬᠤᠷᠠᠯ ᠤᠨ ᠵᠣᠷᠢᠯᠭ᠎ᠠ ᠨᠢ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠶᠠᠰᠤ ᠴᠢᠨᠠᠷ ᠢ ᠬᠢᠨᠠᠨ ᠬᠡᠮᠵᠢᠵᠦ ᠬᠠᠷᠢᠭᠤ ᠲᠤᠰᠬᠠᠭᠰᠠᠨ ᠦᠷ᠎ᠡ ᠳ᠋ᠦᠩ ᠢ ᠲᠠᠶᠢᠯᠤᠮᠵᠢ ᠬᠢᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠶᠠᠰᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠢ ᠪᠦᠲᠦᠮᠵᠢᠲᠡᠶ ᠬᠡᠷᠡᠭᠯᠡᠵᠦ᠂ ᠶᠠᠰᠤ ᠴᠢᠨᠠᠷ ᠢ ᠬᠢᠨᠠᠨ ᠬᠡᠮᠵᠢᠵᠦ ᠣᠨᠣᠰᠢᠯᠠᠬᠤ᠂ ᠵᠥᠪᠳᠡᠯᠴᠡᠬᠦ᠂ ᠰᠢᠮᠳᠠᠭᠤᠯᠬᠤ ᠂ ᠠᠬᠢᠭᠤᠯᠬᠤ᠂ ᠬᠥᠲᠥᠯᠥᠨ ᠵᠢᠯᠤᠭᠤᠳᠬᠤ ᠣᠯᠠᠨ ᠵᠦᠢᠯ ᠤᠨ ᠴᠢᠳᠠᠮᠵᠢ ᠶᠢ ᠪᠡᠶᠡᠯᠡᠭᠦᠯᠦᠨ᠂ ᠶᠠᠰᠤ ᠴᠢᠨᠠᠷ ᠢ ᠬᠢᠨᠠᠨ ᠬᠡᠮᠵᠢᠬᠦ ᠶᠢᠨ ︽ ᠪᠡᠶ᠎ᠡ ᠶᠢᠨ ᠪᠠᠶᠢᠴᠠᠭᠠᠯᠲᠠ ᠶᠢᠨ ᠪᠠᠭᠠᠵᠢ︾ ᠪᠠ ︽ ᠵᠢᠯᠣᠭᠤᠳᠤᠭᠤᠷ︾᠎ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠰᠠᠶᠢᠵᠢᠷᠠᠭᠤᠯᠬᠤ ᠳᠤ ᠦᠢᠯᠡᠴᠢᠯᠡᠨ᠂ ᠬᠢᠨᠠᠨ ᠬᠡᠮᠵᠢᠭᠰᠡᠨ ᠦᠷ᠎ᠡ ᠳ᠋ᠦᠩ ᠢ ᠦᠨᠡᠨᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠬᠢᠴᠡ ᠬᠦᠴᠦᠨ᠂ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1