ᠼᠤᠤ ᡁᠢ ᠶᠦᠩ ᠦ᠋ ᠵᠢᠶᠠ ᠪᠠᠯᠭᠠᠰᠤᠨ ᠳᠤ ᠬᠦᠷᠴᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/11
    4 ᠰᠠᠷ᠎ᠠ ᠶᠢᠨ 7᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠦ᠋ ᠵᠢᠶᠠ ᠪᠠᠯᠭᠠᠰᠤᠨ ᠳᠤ ᠬᠦᠷᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠬᠡᠷᠡᠭᠵᠢᠭᠦᠯᠬᠦ ᠪᠠᠷ ᠪᠠᠶᠢᠭ᠎ᠠ ᠲᠥᠷᠥᠯ ᠵᠦᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠦ᠋ ᠵᠢᠶᠠ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠤᠯᠠᠭᠠᠨᠬᠠᠳᠠ ᠶᠢᠨ ᠵᠢᠶᠠ ᠹᠧᠩ ᠰᠠᠭᠠᠯᠢ ᠶᠢᠨ ᠦᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠂ ᠼᠤᠤ ᡁᠢ ᠶᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠡᠪᠴᠢᠶ᠎ᠡ ᠂ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠲᠥᠯᠥᠪ ᠂ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠶᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠣᠳᠣᠬᠠᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠳᠤ ᠰᠠᠭᠤᠷᠢᠯᠠᠨ ᠂ ᠠᠵᠤ ᠦᠢᠯᠡᠰ ᠤᠨ ᠬᠠᠮᠢᠶᠠᠷᠤᠯᠲᠠ ᠶᠢ ᠵᠢᠷᠤᠮᠵᠢᠭᠤᠯᠬᠤ ᠂ ᠡᠵᠡᠩᠨᠡᠯᠲᠡ ᠶᠢ ᠰᠢᠨᠵᠢᠯᠡᠬᠦ ᠤᠬᠠᠭᠠᠨᠴᠢᠯᠠᠬᠤ ᠂ ᠦᠢᠯᠡᠳᠪᠦᠷᠢᠯᠡᠯ ᠢ ᠨᠠᠷᠢᠯᠢᠭᠵᠢᠭᠤᠯᠬᠤ ᠶᠠᠪᠤᠳᠠᠯ ᠢ ᠲᠦᠯᠬᠢᠨ ᠠᠬᠢᠭᠤᠯᠵᠤ ᠂ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠡᠢ᠃    ᠵᠢᠢ ᠺᠥ᠋ ᠦ᠋ ᠳ᠋ᠥᠩ ᠯᠢ ᠵᠤᠭ᠎ᠠ ᠴᠡᠩᠭᠡᠯ ᠤᠨ ᠬᠦᠷᠢᠶᠡᠯᠡᠩ ᠳᠤ ᠂ ᠼᠤᠤ ᡁᠢ ᠶᠦᠩ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠡᠵᠡᠩᠨᠡᠯᠲᠡ ᠵᠢᠴᠢ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠎ ᠨᠢ᠂ ᠠᠵᠤ ᠠᠬᠤᠶᠢᠯᠠᠯ ᠤᠨ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠵᠦᠢ ᠵᠣᠬᠢᠰᠲᠠᠢ ᠪᠠᠶᠢᠷᠢᠰᠢᠭᠤᠯᠵᠤ ᠂ ᠵᠤᠭ᠎ᠠ ᠴᠡᠩᠭᠡᠯ ᠤᠨ ᠴᠢᠳᠠᠪᠬᠢ ᠶᠢ ᠴᠢᠨᠠᠭᠰᠢᠳᠠ ᠪᠠᠶᠠᠯᠢᠭᠵᠢᠭᠤᠯᠵᠤ ᠂ ᠲᠦᠷᠦᠯ ᠵᠦᠢᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠬᠡᠷᠡᠭᠲᠡᠢ ᠃ ᠡᠷᠬᠢᠨ ᠲᠣᠭᠤᠷᠢᠨ ᠤ ᠢᠵᠢ ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡ ᠪᠠᠷ ᠲᠦᠯᠬᠢᠨ ᠠᠬᠢᠭᠤᠯᠵᠤ ᠂ ᠨᠢᠭᠡ ᠴᠥᠮ᠎ᠡ ᠶᠢ ᠤᠯᠠᠨ ᠡᠰᠢᠵᠢᠭᠦᠯᠬᠦ ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ ᠂ ᠨᠡᠩ ᠤᠯᠠᠨ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ᠃    ᠤᠯᠠᠭᠠᠨᠬᠠᠳᠠ ᠶᠢᠨ ᠾᠦᠩ ᠶᠦᠨ ᠯᠠᠢ ᠢᠳᠡᠭᠡᠨ ᠤ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠳᠡᠭ ᠂ ᠦᠢᠯᠡᠳᠪᠦᠷᠢᠯᠡᠯ ᠤᠨ ᠤᠷᠠᠯᠠᠯ ᠂ ᠵᠠᠬ᠎ᠠ ᠳᠡᠯᠭᠡᠭᠦᠷ ᠤᠨ ᠪᠠᠶᠢᠳᠠᠯ ᠵᠡᠷᠭᠡ ᠶᠢ ᠨᠠᠷᠢᠨ ᠯᠠᠪᠯᠠᠨ ᠠᠰᠠᠭᠤᠪᠠ ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠬᠠᠷᠠᠯᠲᠠᠲᠤ ᠵᠠᠬ᠎ᠠ ᠳᠡᠯᠭᠡᠭᠦᠷ ᠢᠶᠠᠨ ᠵᠠᠩᠭᠢᠳᠴᠤ᠂ ᠦᠢᠯᠡᠳᠬᠦᠨ ᠤ ᠥᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠣᠷᠣᠨ ᠨᠤᠲᠤᠭ ᠤᠨ ᠣᠨᠴᠠᠯᠢᠭ ᠲᠠᠢ ᠲᠦᠷᠦᠯ ᠲᠡᠮᠳᠡᠭ ᠢ ᠡᠭᠦᠳᠴᠦ ᠂ ᠴᠢᠨᠠᠭᠰᠢᠳᠠ ᠰᠢᠯᠢᠳᠡᠭᠵᠢᠭᠦᠯᠦᠨ ᠬᠦᠴᠦᠷᠬᠡᠭᠵᠢᠭᠦᠯᠵᠦ ᠂ ᠡᠷᠲᠡᠬᠡᠨ ︽ ᠤᠯᠠᠭᠠᠨᠬᠠᠳᠠ ᠶᠢᠨ ᠥᠨᠥᠷ ᠠᠮᠲᠠ︾ ᠪᠣᠯᠣᠨ ︽ ᠰᠠᠶᠢᠨ ᠡᠳ᠋ ᠪᠣᠳᠠᠰ ᠢ ᠪᠡᠭᠡᠵᠢᠩ ᠳᠤ ᠣᠷᠣᠭᠤᠯᠬᠤ ︾ ᠦᠢᠯᠡᠳᠬᠦᠨ ᠤ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠢ ᠭᠡᠵᠡᠢ᠃    ᠤᠯᠠᠭᠠᠨᠬᠠᠳᠠ ᠶᠢᠨ ᠰᠢᠶᠠᠩ ᠿᠥᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠂ ᠪᠣᠷᠤᠯᠠᠭᠤᠯᠭ᠎ᠠ ᠶᠢᠨ ᠠᠷᠭ᠎ᠠ ᠵᠠᠮ ᠂ ᠠᠵᠢᠯ ᠣᠯᠭᠤᠬᠤ ᠠᠵᠢᠯᠴᠢᠨ ᠬᠡᠷᠡᠭᠯᠡᠬᠦ ᠵᠡᠷᠭᠡ ᠶᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠤᠨ ᠬᠡᠷᠡᠭᠴᠡᠭᠡᠨ ᠤ ᠲᠣᠭᠤᠷᠢᠨ ᠳᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯᠳᠠᠭᠤᠯᠤᠨ ᠠᠵᠤ ᠦᠢᠯᠡᠰ ᠢᠶᠠᠨ ᠬᠦᠴᠦᠷᠬᠡᠭᠵᠢᠭᠦᠯᠵᠦ ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠵᠦ ᠂ ᠨᠡᠩ ᠤᠯᠠᠨ ᠠᠵᠢᠯ ᠤᠨ ᠪᠠᠶᠢᠷᠢ ᠡᠭᠦᠳᠬᠦ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ ᠶᠢ ᠨᠠᠷᠢᠨ ᠪᠣᠳᠠᠲᠠᠢ ᠠᠳᠬᠤᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1