ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠤᠯ ᠤᠨ ᠵᠥᠪᠯᠡᠯ ᠤᠨ ᠳᠡᠳ᠋ ᠡᠷᠬᠢᠯᠡᠭᠴᠢ ᠯᠢᠶᠠᠨ ᠮᠣᠣ ᠴᠢᠩ ᠬᠠᠮᠲᠤᠷᠠᠭᠰᠠᠨ ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠯᠤᠤᠬ᠎ᠠ ᠶᠢᠨ ᠭᠤᠣᠯ ᠤᠨ ᠨᠡᠶᠢᠲᠡᠯᠢᠭ ᠭᠤᠣᠯ ᠤᠨ ᠬᠡᠰᠡᠭ ᠤᠨ ᠬᠠᠮᠲᠤᠷᠠᠭᠰᠠᠨ ᠲᠣᠭᠤᠷᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/4/12
    4 ᠰᠠᠷ᠎ᠠ ᠶᠢᠨ 7᠎ ᠤ ᠡᠳᠦᠷ ᠂ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠤᠯ ᠤᠨ ᠵᠥᠪᠯᠡᠯ ᠤᠨ ᠳᠡᠳ᠋ ᠡᠷᠬᠢᠯᠡᠭᠴᠢ ᠯᠢᠶᠠᠨ ᠮᠣᠣ ᠴᠢᠩ ᠤᠰᠤᠨ ᠠᠰᠢᠭᠯᠠᠯᠲᠠ ᠶᠢᠨ ᠶᠠᠮᠤᠨ ᠤ ᠰᠤᠩᠭᠠᠷᠢ ᠮᠥᠷᠡᠨ ᠯᠢᠶᠣᠤ ᠾᠧ ᠭᠤᠤᠯ ᠤᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠪᠣᠯᠣᠨ ᠯᠢᠶᠣᠤᠨᠢᠩ ᠮᠤᠵᠢ ᠶᠢᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠢᠶᠠᠷ ᠪᠦᠷᠢᠯᠳᠦᠭᠰᠡᠨ ᠬᠠᠮᠲᠤᠷᠠᠭᠰᠠᠨ ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠯᠤᠤᠬ᠎ᠠ ᠶᠢᠨ ᠭᠤᠣᠯ ᠤᠨ ᠨᠡᠶᠢᠲᠡᠯᠢᠭ ᠭᠤᠣᠯ ᠤᠨ ᠬᠡᠰᠡᠭ ᠤᠨ ᠬᠠᠮᠲᠤᠷᠠᠭᠰᠠᠨ ᠲᠣᠭᠤᠷᠢᠨ ᠪᠠᠶᠢᠴᠠᠭᠠᠯᠲᠠ ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠯᠢ ᠢᠦᠢ ᠱᠢ ᠲᠣᠭᠤᠷᠢᠨ ᠪᠠᠶᠢᠴᠠᠭᠠᠬᠤ ᠳᠤ ᠣᠷᠣᠯᠴᠠᠪᠠ︔ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠵᠢᠴᠢ ᠬᠠᠮᠢᠶ᠎ᠠ ᠪᠦᠬᠦᠢ ᠨᠢᠭᠡᠴᠢ᠂ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠲᠣᠭᠤᠷᠢᠨ ᠪᠠᠶᠢᠴᠠᠭᠠᠪᠠ᠃
1_副本.jpg
       ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠮᠠᠨ ᠤ ᠲᠣᠭᠤᠷᠢᠭ ᠤᠨ ᠯᠤᠤᠬ᠎ᠠ ᠶᠢᠨ ᠭᠤᠣᠯ ᠤᠨ ᠬᠡᠰᠡᠭ ᠭᠤᠣᠯᠳᠠᠯᠭ᠎ᠠ ᠲᠠᠢ ᠵᠠᠰᠠᠬᠤ ᠭᠤᠣᠯ ᠤᠨ ᠬᠡᠰᠡᠭ ᠲᠤ ᠭᠦᠨᠵᠡᠭᠡᠶᠢᠷᠡᠵᠦ ᠂ ᠭᠤᠣᠯ ᠤᠨ ᠵᠠᠮ ᠤᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ ᠂ ᠯᠤᠤᠬ᠎ᠠ ᠶᠢᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠵᠠᠰᠠᠯᠲᠠ ᠂ ᠦᠶᠡᠷ ᠢ ᠵᠠᠯᠠᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ ᠃    ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ ᠂ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠯᠤᠤᠬ᠎ᠠ ᠶᠢᠨ ᠭᠤᠣᠯ ᠤᠨ ᠵᠠᠮ ᠢ ᠵᠠᠰᠠᠬᠤ ᠂ ᠦᠶᠡᠷ ᠢ ᠵᠠᠯᠠᠬᠤ ᠵᠡᠷᠭᠡ ᠶᠢ ᠰᠠᠶᠢᠲᠤᠷ ᠠᠳᠬᠤᠵᠤ ᠂ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠭᠤᠣᠯᠳᠠᠯᠭ᠎ᠠ ᠲᠠᠢ ᠠᠰᠠᠭᠤᠳᠠᠯ ᠢ ᠭᠤᠣᠯᠳᠠᠯᠭ᠎ᠠ ᠲᠠᠢ ᠪᠠᠷ ᠮᠥᠷᠳᠡᠨ ᠳᠠᠭᠠᠬᠤ ᠬᠡᠷᠡᠭᠲᠡᠢ ᠃ ᠡᠯ᠎ᠡ ᠱᠠᠲᠤᠨ ᠤ ᠭᠤᠣᠯ ᠤᠨ ᠳᠠᠷᠤᠭ᠎ᠠ ᠶᠢᠨ ᠬᠠᠷᠢᠭᠤᠴᠠᠯᠭ᠎ᠠ ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ  ᠪᠣᠲᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ ᠂ ᠭᠤᠣᠯ ᠤᠨ ᠵᠠᠮ ᠢ ᠲᠣᠭᠤᠷᠢᠨ ᠪᠠᠶᠢᠴᠠᠭᠠᠬᠤ ᠶᠢ ᠢᠳᠡᠪᠬᠢᠲᠡᠢ ᠥᠷᠨᠢᠭᠦᠯᠵᠦ ᠂ ᠭᠤᠣᠯ ᠤᠨ ᠵᠠᠮ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ ᠂ ᠯᠤᠤᠬ᠎ᠠ ᠶᠢᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠵᠤ ᠂ ᠯᠤᠤᠬ᠎ᠠ ᠶᠢᠨ ᠭᠤᠣᠯ ᠤᠨ ᠭᠤᠣᠯ ᠤᠨ ᠵᠠᠮ ᠤᠨ ᠦᠶᠡᠷ ᠵᠠᠯᠠᠬᠤ ᠪᠠ ᠠᠮᠢ ᠠᠬᠤᠢ ᠶᠢᠨ ᠤᠷᠤᠰᠬᠠᠯ ᠥᠩᠭᠡᠷᠡᠬᠦ ᠬᠤᠷᠢᠭ᠎ᠠ ᠴᠡᠭ ᠢ ᠨᠥᠯᠥᠭᠡᠯᠡᠬᠦ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠢ ᠠᠬᠢᠭᠤᠯᠵᠤ ᠂ ᠭᠤᠣᠯ ᠨᠠᠭᠤᠷ ᠤᠨ ᠠᠮᠢ ᠠᠬᠤᠢ ᠪᠣᠯᠣᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1