ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠵᠠᠰᠠᠭ ᠤᠨ ᠣᠷᠳᠣᠨ ᠤ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︽ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠣᠭᠲᠠᠭᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠶᠤᠸᠠᠨ ᠪᠦᠦ ᠱᠠᠨ ᠲᠣᠭᠤᠷᠢᠭ ᠤᠨ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠠᠵᠢᠯ ᠤᠨ ᠪᠣᠳᠠᠳᠤ ᠪᠠᠶᠢᠳᠠᠯ ᠲᠠᠢ ᠤᠶᠠᠯᠳᠤᠭᠤᠯᠤᠨ᠂ | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠪᠠ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠢ ᠴᠤᠭᠯᠠᠭᠤᠯᠤᠭᠰᠠᠨ ᠰᠠᠭᠤᠷᠢᠨ ᠳᠡᠭᠡᠷ᠎ᠡ ︽ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠭᠠᠷᠴᠠᠭ ᠤᠨ ᠨᠠᠷᠢᠨ ᠲᠠᠩᠰᠠ︾ ︵ᠳᠣᠷᠣᠭᠰᠢ ︽ᠭᠠᠷᠴᠠᠭ ᠤᠨ ᠨᠠᠷᠢᠨ ᠲᠠᠩᠰᠠ︾ ᠭᠡᠵᠦ | ᠲᠣᠪᠴᠢᠯᠠᠨ᠎ᠠ︶ ᠶᠢ ᠨᠠᠶᠢᠷᠠᠭᠤᠯᠤᠨ ᠲᠤᠭᠤᠷᠪᠢᠪᠠ᠃ | ᠨᠢᠭᠡ᠂ ᠨᠠᠶᠢᠷᠠᠭᠤᠯᠤᠨ ᠲᠤᠭᠤᠷᠪᠢᠭᠰᠠᠨ ᠠᠬᠤᠢ ᠪᠠᠶᠢᠳᠠᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠬᠦᠳᠡ ᠬᠤᠷᠠᠯ ᠨᠢ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ | ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠰᠢᠨ᠎ᠡ | ᠡᠭᠦᠷᠭᠡ ᠳᠤᠷᠠᠳᠴᠠᠢ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠵᠥᠪᠯᠡᠯ ᠤᠨ ᠬᠤᠶᠠᠳᠤᠭᠠᠷ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ︽ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠪᠣᠯ ᠬᠠᠤᠯᠢ ᠪᠠᠷ | ᠤᠯᠤᠰ ᠢᠶᠠᠨ ᠵᠠᠰᠠᠬᠤ ᠶᠢᠨ ᠲᠤᠯᠭᠠᠮ᠎ᠠ ᠱᠠᠭᠠᠷᠳᠠᠯᠭ᠎ᠠ ᠮᠥᠨ᠃ ᠨᠠᠮ ᠤᠨ ᠤᠳᠤᠷᠢᠳᠤᠯᠭ᠎ᠠ ᠶᠢ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠵᠤ᠂ | ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢ ᠭᠦᠢᠴᠡᠳᠬᠡᠵᠦ᠂ ᠤᠯᠠᠨ | ᠨᠡᠶᠢᠲᠡ ᠶᠢᠨ ᠣᠷᠣᠯᠴᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠲᠤᠰᠬᠠᠢ ᠮᠡᠷᠭᠡᠵᠢᠯᠲᠡᠨ ᠢᠶᠠᠷ | ᠨᠤᠲᠠᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠪᠠᠷᠢᠮᠲᠠᠯᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠬᠡᠷᠡᠭᠲᠡᠢ︾ ᠭᠡᠵᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠤᠨ ᠨᠠᠷᠢᠨ | ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠣᠯ ᠨᠠᠮ ᠪᠠ ᠤᠯᠤᠰ ᠤᠨ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ | ᠲᠤᠯᠭᠠᠮ᠎ᠠ ᠬᠡᠷᠡᠭᠴᠡᠭᠡ ᠮᠥᠨ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 713 | ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠤᠨ | ᠵᠠᠶᠢᠯᠠᠰᠢ ᠥᠬᠡᠶ ᠱᠠᠭᠠᠷᠳᠠᠯᠭ᠎ᠠ ᠮᠥᠨ᠂ ᠡᠨᠡ ᠨᠢ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ | ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠳᠤ ᠠᠰᠢᠭᠲᠠᠶ ᠶᠤᠮ᠃ | ᠬᠤᠶᠠᠷ᠂ ᠦᠨᠳᠦᠰᠦᠨ ᠪᠠᠶᠢᠳᠠᠯ | 2024 ᠣᠨ ᠤ 3 ᠰᠠᠷ᠎ᠠ ᠶᠢᠨ 25 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ︽2021 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠰᠠᠨᠠᠭᠤᠯᠭ᠎ᠠ ᠶᠢᠨ ᠲᠥᠷᠥᠯ ᠵᠦᠢᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠳᠡᠯ︾ ︵ᠶᠤᠸᠠᠨ ᠪᠣᠥ ᠱᠠᠨ | ᠠᠯᠪᠠᠨ ᠥᠰᠥᠭ ﹇2024 ﹈ 7 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠥᠬᠦᠶ ᠭᠠᠵᠠᠷ | ᠣᠷᠣᠨ ᠪᠠ ᠰᠠᠯᠠᠭ᠎ᠠ ᠮᠥᠴᠢᠷ ᠤᠨ ᠬᠢᠨ ᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ 2024 | ᠣᠨ ᠤ ᠠᠵᠢᠯ ᠤᠨ ᠡᠭᠦᠷᠭᠡ ᠶᠢ ᠦᠨᠳᠦᠰᠦᠯᠡᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠬᠡᠪᠴᠢᠶ᠎ᠡ ᠲᠠᠢ ᠬᠠᠷᠭᠤᠭᠤᠯᠵᠤ᠂ 2024 ᠣᠨ ᠤ ᠲᠣᠭᠤᠷᠢᠭ ᠤᠨ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠢᠶᠠᠬᠤ ᠴᠢᠬᠤᠯᠠᠲᠠᠶ ᠴᠢᠬᠤᠯᠠ ᠶᠡᠭᠡ ᠵᠠᠰᠠᠭ ᠵᠠᠬᠢᠷᠭᠠᠨ ᠤ | ᠵᠦᠢᠯᠡᠰ ᠢᠶᠠᠨ ᠨᠠᠷᠢᠨ ᠬᠢᠨᠠᠮᠠᠭᠠᠶ ᠡᠮᠬᠢᠯᠡᠨ ᠦᠨᠡᠯᠡᠬᠦ ᠬᠡᠷᠡᠭᠲᠡᠶ ᠭᠡᠵᠦ ᠱᠠᠭᠠᠷᠳᠠᠪᠠ᠃ ᠡᠯ᠎ᠡ ᠪᠠᠯᠭᠠᠰᠤ ᠰᠢᠶᠠᠩ ᠤᠨ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠲᠤᠭᠤᠷᠢᠭ ᠤᠨ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠪᠠᠶᠢᠳᠠᠯ ᠲᠠᠢ ᠤᠶᠠᠯᠳᠤᠭᠤᠯᠤᠨ᠂ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠠᠷᠢᠨ | ᠬᠢᠨᠠᠮᠠᠭᠠᠶ ᠡᠮᠬᠢᠯᠡᠵᠦ᠂ ᠵᠥᠢᠯ ᠳᠠᠷᠠᠭᠠᠯᠠᠨ ᠰᠤᠳᠤᠯᠤᠨ ᠵᠠᠳᠠᠯᠬᠤ ᠪᠠᠷ ᠳᠠᠮᠵᠢᠨ᠂ ᠬᠠᠮᠤᠭ ᠤᠨ ᠰᠡᠭᠦᠯ ᠳᠤ 3 | ᠵᠦᠢᠯᠡᠰ ᠢ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠥᠢᠯᠡᠰ ᠪᠣᠯᠭᠠᠬᠤ ᠪᠠᠷ ᠲᠣᠭᠲᠠᠭᠠᠪᠠ᠃ | ᠭᠤᠷᠪᠠ᠂ ᠨᠠᠶᠢᠳᠠᠪᠤᠷᠢᠵᠢᠭᠤᠯᠬᠤ ᠱᠠᠭᠠᠷᠳᠠᠯᠭ᠎ᠠ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠥᠷᠥᠯ ᠵᠦᠢᠯ ᠢ ᠬᠠᠮᠢᠶᠠᠷᠤᠨ | ᠡᠵᠡᠮᠳᠡᠬᠦ ᠠᠵᠢᠯ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠭᠠᠷᠴᠠᠭ ᠲᠤ ᠵᠢᠭᠰᠠᠭᠠᠨ ᠣᠷᠣᠭᠤᠯᠤᠭᠰᠠᠨ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ᠂ ᠳᠠᠭᠠᠭᠠᠴᠢᠯᠠᠨ ᠭᠦᠢᠴᠡᠳᠭᠡᠬᠦ | ᠨᠢᠭᠡᠴᠢ ᠨᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠬᠠᠮᠲᠤ ᠪᠠᠷ ᠶᠠᠷᠢᠯᠴᠠᠬᠤ | ᠵᠡᠷᠭᠡ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ | ᠵᠦᠶ ᠵᠣᠬᠢᠰᠲᠠᠶ᠂ ᠶᠠᠪᠤᠴᠠ ᠨᠢ ᠢᠯᠡ ᠪᠠᠶᠢᠬᠤ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠥᠷᠢᠲᠥ ᠪᠣᠳᠣᠯᠭ᠎ᠠ ᠲᠣᠭᠲᠠᠭᠠᠬᠤ ᠵᠦᠢᠯᠡᠰ ᠤᠨ ᠳᠠᠩᠰᠠ | ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠰᠢᠢᠳᠪᠥᠷᠢᠲᠥ ᠪᠣᠳᠣᠯᠭ᠎ᠠ ᠲᠣᠭᠲᠠᠭᠠᠬᠤ ᠲᠥᠷᠥᠯ ᠵᠦᠢᠯ | ᠲᠣᠭᠲᠠᠭᠠᠬᠤ ᠪᠠ ᠰᠢᠢᠳᠪᠥᠷᠢᠲᠥ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠪᠤᠶ ᠪᠣᠯᠤᠭᠰᠠᠨ ᠮᠠᠲ᠋ᠧᠷᠢᠶᠠᠯ ᠢ ᠴᠠᠭ | ᠲᠤᠬᠠᠶ ᠳᠤᠨᠢ ᠡᠮᠬᠢᠯᠡᠨ ᠳᠠᠩᠰᠠ ᠡᠪᠬᠡᠮᠡᠯ ᠳᠤ ᠣᠷᠣᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠥᠷᠢᠲᠥ | ᠪᠣᠳᠣᠯᠭ᠎ᠠ ᠶᠢᠨ ᠪᠦᠬᠦ ᠶᠠᠪᠤᠴᠠ ᠶᠢ ᠲᠡᠮᠳᠡᠭᠯᠡᠬᠦ ᠶᠢ ᠪᠠᠲᠤᠯᠠᠬᠤ ᠬᠡᠷᠡᠭᠲᠡᠶ᠃ | ᠳᠥᠷᠪᠡ᠂ ᠪᠤᠰᠤᠳ ᠵᠦᠢᠯ | ︽ᠭᠠᠷᠴᠠᠭ ᠤᠨ ᠨᠠᠷᠢᠨ ᠲᠠᠩᠰᠠ︾ ᠳᠤ ᠬᠥᠳᠡᠯᠦᠩᠭᠦᠶ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠤᠭᠤᠷᠢᠭ ᠤᠨ | ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠤᠯᠳᠠᠯᠭ᠎ᠠ ᠲᠠᠢ ᠡᠭᠦᠷᠭᠡ ᠶᠢ | ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ᠦᠨᠡᠬᠡᠷ ᠰᠢᠨ᠎ᠡ ᠪᠠᠷ ᠨᠡᠮᠡᠭᠰᠡᠨ ᠪᠤᠶᠤ | ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠳᠠᠭᠠᠭᠠᠴᠢᠯᠠᠨ | ᠭᠦᠢᠴᠡᠳᠭᠡᠬᠦ ᠨᠢᠭᠡᠴᠢ ᠠᠴᠠ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠶᠢᠨ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ | ᠭᠦᠢᠴᠡᠳᠬᠡᠨ᠎ᠡ᠃ | |