| | | ᠣᠶᠢᠷ᠎ᠠ ᠳᠤ᠂ ᠮᠣᠬᠤᠷ ᠭᠤᠣᠯ ᠪᠠᠯᠭᠠᠰᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠬᠠᠷᠢᠶ᠎ᠠ ᠣᠷᠣᠨ ᠤ ᠠᠷᠪᠠ ᠭᠠᠷᠤᠢ ᠠᠵᠤ ᠠᠬᠤᠶᠢᠯᠠᠯ ᠤᠨ | ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠵᠠᠢ᠃ | ᠪᠣᠯᠪᠠᠰᠤᠷᠠᠯ ᠤᠨ ᠠᠩᠭᠢ ᠨᠢ ᠶᠤᠸᠠᠨ ᠪᠦᠦ ᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ | ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ ᠵᠠᠩ ᠰᠢᠨ | ᠰᠢᠨ ᠢ ᠣᠨᠴᠠ ᠤᠷᠢᠵᠤ᠂ ᠵᠢᠵᠢᠭ ᠬᠡᠯᠪᠡᠷᠢ ᠶᠢᠨ ᠪᠠᠭ᠎ᠠ ᠠᠰᠢᠭ ᠬᠤᠨᠵᠢᠪᠤᠷᠢ ᠲᠠᠢ ᠠᠵᠤ ᠠᠬᠤᠶᠢᠯᠠᠯ ᠤᠨ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ | ᠰᠠᠭᠤᠯᠭᠠᠨ ᠠᠪᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ 2023 ᠣᠨ ᠤ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ | ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠬᠠᠮᠢᠶ᠎ᠠ ᠪᠦᠬᠦᠢ ᠠᠰᠠᠭᠤᠳᠠᠯ ᠤᠨ | ᠲᠣᠭᠤᠷᠢᠨ ᠳᠤ ᠬᠠᠨᠳᠤᠯᠭᠠᠲᠤ ᠴᠢᠨᠠᠷᠲᠠᠢ ᠲᠠᠶᠢᠯᠤᠮᠵᠢ ᠪᠠ ᠬᠠᠪᠰᠤᠷᠤᠨ ᠵᠢᠯᠣᠭᠤᠳᠤᠯᠭ᠎ᠠ ᠬᠢᠯᠭᠡᠵᠡᠢ᠃ ᠡᠭᠦᠨ ᠤ | ᠬᠠᠮᠲᠤ ᠪᠣᠯᠪᠠᠰᠤᠷᠠᠯ ᠳᠤ ᠣᠷᠣᠯᠴᠠᠭᠰᠠᠳ ᠲᠤ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠨᠢ | ᠲᠠᠶᠢᠯᠪᠤᠷᠢᠯᠠᠨ ᠥᠭᠴᠡᠢ᠃ | ᠥᠪᠥᠷ ᠮᠣᠩᠭᠤᠯ ᠤᠨ ᠳ᠋ᠧ ᠱᠧᠩ ᠯᠦᠩ ᠥᠩᠭᠡᠯᠡᠨ ᠴᠢᠮᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠡᠳ᠋ ᠤᠨ ᠶᠠᠪᠤᠳᠠᠯ ᠤᠨ ᠠᠵᠢᠯᠲᠠᠨ᠄ ︽ᠪᠠᠭᠰᠢ ᠶᠢᠨ ᠲᠤᠰᠬᠠᠢ ᠮᠡᠷᠭᠡᠵᠢᠯ ᠤᠨ ᠨᠠᠷᠢᠯᠢᠭ ᠬᠢᠴᠢᠶᠡᠯ | ᠵᠢᠭᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠶᠢᠨ ᠲᠠᠶᠢᠯᠤᠮᠵᠢ ᠨᠢ ᠨᠠᠷᠢᠨ | ᠲᠣᠳᠣᠷᠬᠠᠢ᠂ ᠴᠠᠭ ᠲᠤᠬᠠᠢ ᠳᠤ ᠪᠠᠨ ᠪᠣᠳᠠᠲᠤ ᠬᠡᠷᠡᠭᠴᠡᠭᠡ ᠲᠠᠢ᠂ ᠣᠨᠴᠠᠭᠠᠶᠢᠯᠠᠨ ᠮᠠᠨ ᠤ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠥᠷᠳᠡᠵᠦ ᠪᠠᠶᠢᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ ᠪᠠᠶᠢᠨ᠎ᠠ ᠃ ᠠᠵᠤ ᠠᠬᠤᠶᠢᠯᠠᠯ ᠤᠨ ᠬᠥᠭᠵᠢᠯᠲᠡ | ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠮᠡᠷᠭᠡᠵᠢᠯ ᠤᠨ ᠰᠢᠨᠡᠴᠢᠯᠡᠯᠲᠡ ᠠᠴᠠ ᠰᠠᠯᠵᠤ ᠴᠢᠳᠠᠬᠤ | ᠦᠭᠡᠢ ᠶᠤᠮ᠂ ᠡᠨᠡ ᠪᠣᠯ ᠮᠠᠨ ᠤ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠬᠦ ᠬᠠᠮᠤᠭ ᠤᠨ ᠰᠠᠶᠢᠨ | ᠵᠣᠷᠢᠭᠵᠢᠭᠤᠯᠤᠯ ᠪᠠ ᠳᠡᠮᠵᠢᠯᠭᠡ ᠪᠣᠯᠬᠤ ᠪᠥᠭᠡᠳ ᠮᠠᠨ ᠤ ᠦᠷᠭᠦᠯᠵᠢᠯᠡᠨ ᠰᠤᠳᠤᠯᠤᠨ ᠨᠡᠭᠡᠭᠡᠵᠦ ᠲᠠᠰᠤᠷᠠᠯᠲᠠ ᠦᠭᠡᠢ | ᠰᠢᠨ᠎ᠡ ᠶᠢ ᠡᠭᠦᠳᠬᠦ ᠢᠲᠡᠭᠡᠯ ᠵᠣᠷᠢᠭ ᠢ ᠨᠡᠩ ᠪᠠᠲᠤᠳᠬᠠᠵᠠᠢ︾ ᠭᠡᠵᠦ ᠢᠯᠡᠷᠬᠡᠶᠢᠯᠡᠨ᠎ᠡ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠢ | ᠦᠨᠡᠨ ᠬᠦ ᠬᠠᠪᠰᠤᠷᠤᠨ ᠢᠲᠡᠭᠡᠯ ᠵᠣᠷᠢᠭ ᠢ ᠨᠢ ᠬᠥᠪᠴᠢᠯᠡᠵᠦ᠂ ᠬᠦᠴᠢᠷᠳᠡᠯ ᠢ ᠨᠢ ᠰᠢᠢᠳᠪᠦᠷᠢᠯᠡᠬᠦ ᠶᠢᠨ ᠲᠥᠯᠥᠭᠡ᠂ | ᠮᠣᠬᠤᠷ ᠭᠤᠣᠯ ᠪᠠᠯᠭᠠᠰᠤ ︽ᠠᠵᠤ ᠠᠬᠤᠶᠢᠯᠠᠯ ᠢ ᠬᠠᠪᠰᠤᠷᠤᠨ ᠳᠠᠬᠢᠨ ᠢᠶᠠᠷ ᠨᠡᠮᠡᠭᠳᠡᠭᠦᠯᠬᠦ︾ ᠰᠢᠷᠢᠰ ᠠᠵᠢᠯᠯᠠᠭ᠎ᠠ | ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠂ ᠲᠣᠰ ᠤᠳᠠᠭᠠᠨ ᠤ ᠪᠣᠯᠪᠠᠰᠤᠷᠠᠯ ᠨᠢ ᠲᠣᠰ ᠰᠢᠷᠢᠰ | ᠠᠵᠢᠯᠯᠠᠭ᠎ᠠ ᠶᠢᠨ ᠨᠢᠭᠡ ᠨᠢ ᠪᠣᠯᠣᠨ᠎ᠠ᠃ ᠳᠠᠷᠠᠭᠠᠴᠢ ᠶᠢᠨ ᠠᠯᠬᠤᠮ ᠳᠤ ᠂ ᠮᠣᠬᠤᠷ ᠭᠤᠣᠯ ᠪᠠᠯᠭᠠᠰᠤ ᠠᠵᠤ | ᠠᠬᠤᠶᠢᠯᠠᠯ ᠯᠤᠭ᠎ᠠ ᠶᠢᠨ ᠨᠢᠭᠲᠠ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠬᠦ ᠳᠤ ᠦᠨᠡᠨᠬᠦ ᠬᠦᠴᠦ ᠨᠡᠮᠡᠷᠢᠯᠡᠵᠦ ᠂ ᠶᠤᠸᠠᠨ ᠪᠦᠦ ᠱᠠᠨ ᠲᠣᠭᠤᠷᠢᠭ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠰᠢᠯᠢᠳᠡᠭ ᠦᠢᠯᠡᠴᠢᠯᠡᠭᠡ ᠪᠣᠯᠣᠨ ᠬᠦᠴᠦᠲᠡᠢ | ᠪᠠᠲᠤᠯᠠᠭ᠎ᠠ ᠬᠠᠩᠭᠠᠨ᠎ᠠ ᠃ | |